ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.7
ᠨᠡᠶᠢᠲᠡᠯᠡᠭᠰᠡᠨ ᠴᠠᠭ᠄ 2025-01-07

  ᠴᠢᠬᠤᠯᠠ ᠮᠡᠳᠡᠭᠡ


     ᠪᠥᠬᠥ ᠤᠯᠤᠰ᠎ᠤᠨ ᠨᠠᠰᠤᠲᠠᠢ᠌ᠴᠤᠳ᠎ᠤᠨ ᠠᠵᠢᠯ᠎ᠤᠨ ᠵᠥᠪᠯᠡᠯ᠎ᠤᠨ ᠳᠡᠳ᠋ ᠡᠷᠬᠢᠯᠡᠭᠴᠢ᠂ ᠨᠠᠰᠤᠲᠠᠢ᠌ᠴᠤᠳ᠎ᠤᠨ ᠠᠵᠢᠯ᠎ᠤᠨ ᠠᠯᠪᠠᠨ ᠭᠡᠷ᠎ᠤᠨ ᠡᠷᠬᠢᠯᠡᠭᠴᠢ᠂ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠰᠠᠢ᠌ᠳ ᠯᠦ᠍ ᡁᠢ ᠶᠤᠸᠠᠨ ᠤᠷᠴᠢᠮ᠎ᠳᠤ 《ᠲᠣᠭ》 ᠰᠡᠳᠬᠦᠯ᠎ᠳᠤ 《ᠨᠠᠰᠤᠲᠠᠢ᠌ᠴᠤᠳ᠎ᠤᠨ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ ᠰᠢᠨ᠎ᠡ ᠴᠠᠭ ᠦᠶ᠎ᠡ ᠵᠢᠨ ᠨᠠᠰᠤᠲᠠᠢ᠌ᠴᠤᠳ᠎ᠤᠨ ᠦᠢ᠍ᠯᠡᠰ ᠊ᠦ᠊ ᠴᠢᠨᠠᠷᠯᠢᠭ ᠬᠥᠭᠵᠢᠯᠲᠡ ᠵᠢ ᠠᠬᠢᠭᠤᠯᠤᠶ᠎ᠠ》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢ᠌ᠲᠡᠯᠡᠪᠡ᠃


ᠠᠷᠠᠳ᠎ᠤᠨ ᠶᠠᠪᠤᠳᠠᠯ᠎ᠤᠨ ᠶᠠᠮᠤᠨ


   ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ 9 ᠰᠠᠯᠠᠭ᠎ᠠ ᠮᠥᠴᠢᠷ ᠬᠠᠮᠲᠤᠷᠠᠨ ᠤᠷᠴᠢᠮ᠎ᠳᠤ 《2025 ᠣᠨ᠎ᠤ 〈ᠬᠠᠪᠤᠷ᠎ᠤᠨ ᠳᠤᠯᠠᠭ᠋ᠠᠯᠠᠭ᠎ᠠ ᠵᠢᠨ ᠬᠥᠯᠥᠰᠦᠨ ᠠᠵᠢᠯᠴᠢᠨ〉᠎ᠤ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ 《ᠮᠡᠳᠡᠭᠳᠡᠯ》᠎ᠳᠤ᠄ 《ᠬᠦᠴᠢᠷᠳᠡᠯ᠎ᠲᠠᠢ ᠬᠥᠯᠥᠰᠦᠨ ᠠᠵᠢᠯᠴᠢᠨ᠎ᠢ ᠬᠠᠯᠠᠮᠵᠢᠯᠠᠨ ᠲᠡᠳᠬᠦᠬᠦ ᠠᠵᠢᠯ᠎ᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠭᠡᠷ᠎ᠲᠤ᠎ᠪᠠᠨ ᠬᠣᠴᠣᠷᠤᠭᠰᠠᠨ ᠨᠠᠰᠤᠲᠠᠨ ᠪᠠ ᠨᠡᠭᠦᠳᠡᠯ ᠬᠡᠦᠬᠡᠳ᠂ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠲᠣᠬᠣᠨᠢᠭᠤᠯᠬᠤ ᠪᠠ ᠬᠠᠯᠠᠮᠵᠢᠯᠠᠬᠤ ᠦᠢ᠍ᠯᠡᠴᠢᠯᠡᠭᠡ ᠵᠢ ᠰᠠᠢ᠌ᠲᠤᠷ ᠬᠢᠬᠦ ᠬᠡᠷᠡᠭᠲᠡᠢ》 ᠬᠡᠯ᠎ᠡ᠃


ᠨᠠᠰᠤᠲᠠᠢ᠌ᠴᠤᠳ᠎ᠤᠨ ᠠᠵᠢᠯ

 

      ᠤᠯᠠᠭ᠋ᠠᠨᠴᠠᠪ ᠬᠣᠲᠠ ᠵᠢᠨ ᠨᠠᠰᠤᠲᠠᠢ᠌ᠴᠤᠳ᠎ᠤᠨ ᠠᠵᠢᠯ᠎ᠤᠨ ᠵᠥᠪᠯᠡᠯ᠎ᠤᠨ᠎ᠤᠨ᠎ᠬᠢᠨ ᠤᠷᠴᠢᠮ᠎ᠳᠤ 2024 ᠣᠨ᠎ᠤ ᠠᠩᠬᠠᠳᠤᠭ᠋ᠠᠷ ᠤᠳᠠᠭ᠋ᠠᠨ᠎ᠤ ᠪᠥᠬᠥᠳᠡ ᠬᠤᠷᠠᠯ ᠬᠤᠷᠠᠯᠳᠤᠪᠠ᠃ ᠬᠤᠷᠠᠯ ᠲᠡᠬᠡᠷ᠎ᠡ᠄ 《  〈ᠦᠳᠡᠬᠦᠰ〉 ᠎ᠤᠨ ᠠᠵᠢᠯ᠎ᠤᠨ ᠪᠠᠢ᠌ᠷᠢᠰᠢᠯ᠎ᠢ ᠲᠦᠷᠭᠡᠨ ᠪᠠᠢ᠌ᠭᠤᠯᠵᠤ᠂ ᠬᠤᠰᠢᠭᠤ ᠰᠢᠶᠠᠨ᠂ ᠰᠤᠮᠤ ᠰᠢᠶᠠᠩ᠂ ᠭᠠᠴᠠᠭ᠎ᠠ ᠲᠣᠰᠬᠣᠨ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠤᠷᠵᠢᠯ᠎ᠢ ᠲᠡᠬᠦᠯᠳᠡᠷᠵᠢᠬᠦᠯᠤᠬᠡᠳ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠠᠰᠠᠷᠠᠬᠤ ᠰᠠᠭᠤᠷᠢ ᠦᠢ᠍ᠯᠡᠳᠦᠯ᠎ᠢ ᠨᠠᠩ ᠰᠠᠢ᠌ᠲᠤᠷ ᠪᠡᠬᠢᠵᠢᠭᠦᠯᠦᠨ ᠳᠡᠭᠡᠭᠰᠢᠯᠡᠭᠦᠯᠵᠦ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠲᠦᠰᠢᠭᠯᠡᠬᠦ ᠦᠢ᠍ᠯᠡᠳᠦᠯ᠎ᠢ ᠴᠢᠩᠭ᠋ᠠᠳᠬᠠᠨ ᠪᠠᠢ᠌ᠭᠤᠯᠤᠮᠵᠢ ᠵᠢᠨ ᠨᠠᠰᠤᠵᠢᠯ᠎ᠤᠨ ᠠᠰᠠᠷᠠᠮᠵᠢ ᠵᠢᠨ ᠲᠤᠰᠬᠠᠢ ᠮᠡᠷᠭᠡᠵᠢᠯ᠎ᠤᠨ ᠲᠤᠯᠭ᠋ᠠᠭᠤᠷᠢᠯᠠᠬᠤ ᠦᠢ᠍ᠯᠡᠳᠦᠯ᠎ᠢ ᠰᠢᠯᠢᠳᠡᠭᠵᠢᠭᠦᠯᠬᠦ ᠬᠡᠷᠡᠭᠲᠡᠢ᠃ ᠬᠣᠲᠠ ᠵᠢᠨ ᠨᠠᠰᠤᠲᠠᠢ᠌ᠴᠤᠳ᠎ᠤᠨ ᠠᠵᠢᠯ᠎ᠤᠨ ᠵᠥᠪᠯᠡᠯ᠎ᠤᠨ ᠨᠠᠰᠤᠲᠠᠢ᠌ᠴᠤᠳ᠎ᠤᠨ ᠦᠢ᠍ᠯᠡᠰ᠎ᠢ ᠶᠡᠷᠦᠩᠬᠡᠢ᠌ᠯᠡᠨ ᠵᠣᠬᠢᠴᠠᠭᠤᠯᠬᠤ᠂ ᠱᠠᠯᠠᠪᠳᠠᠭᠤᠯᠤᠨ ᠵᠢᠯᠤᠭᠣᠳᠬᠤ᠂ ᠵᠣᠬᠢᠶᠠᠨ ᠪᠠᠢ᠌ᠭᠤᠯᠤᠨ ᠠᠬᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠰᠤᠲᠠᠢ᠌ᠴᠤᠳ᠎ᠤᠨ ᠠᠵᠢᠯ᠎ᠤᠨ ᠣᠨ᠎ᠤ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ》 ᠭᠡᠵᠤ ᠴᠢᠬᠤᠯᠠᠴᠢᠯᠠᠨ ᠲᠤᠷᠠᠳᠤᠬᠰᠠᠨ ᠪᠠᠢ᠌ᠨ᠎ᠠ᠃

 



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.8
ᠨᠢᠭᠦᠯᠡᠰᠦᠩᠭᠦᠢ ᠵᠢᠨ ᠦᠢ᠍ᠯᠡᠰ ᠵᠶ᠋ᠡᠷ ᠳᠡᠮᠵᠢᠨ ᠲᠦᠮᠡᠨ ᠡᠷᠦᠬᠡ ᠵᠢᠨ᠎ᠬᠢᠨ᠎ᠤ ᠰᠡᠳᠬᠢᠯ᠎ᠢ ᠲᠤᠯᠠᠭ᠋ᠠᠯᠠᠶ᠎ᠠ — 《ᠶᠡᠬᠡ ᠬᠠᠢ᠌ᠷ᠎ᠠ ᠵᠢᠨ ᠤᠮᠠᠷᠠᠲᠤ ᠬᠢᠯᠢ ᠪᠤᠶᠠᠨᠰᠠᠭ ᠦᠢ᠍ᠯᠡᠰ ᠲᠡᠢ᠌ᠰᠢ》 — ᠠᠷᠠᠳ᠎ᠢ᠎ᠤᠨ ᠰᠡᠳᠬᠢᠯ᠎ᠢ ᠳᠤᠯᠠᠭ᠋ᠠᠯᠠᠬᠤ ᠦᠢ᠍ᠯᠡᠴᠢᠯᠡᠭᠡᠨ᠎ᠤ ᠲᠤᠬᠠᠢ ᠰᠢᠷᠢᠰ ᠮᠡᠳᠡᠭᠡᠯᠡᠯ (ᠠᠷᠪᠠᠨ ᠳᠥᠷᠪᠡ)
ᠠᠷᠠᠳ᠎ᠤᠨ ᠰᠦᠯᠵᠢᠶ᠎ᠡ᠄ ᠲᠦᠩᠯᠢᠶᠣᠣ ᠬᠣᠲᠠ ᠵᠢᠨ ᠵᠠᠷᠤᠳ ᠬᠣᠰᠢᠭᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.9
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.10
 
            