ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.8
ᠨᠡᠶᠢᠲᠡᠯᠡᠭᠰᠡᠨ ᠴᠠᠭ᠄ 2025-01-09

ᠠᠷᠠᠳ᠎ᠤᠨ ᠶᠠᠪᠤᠳᠠᠯ᠎ᠤᠨ ᠶᠠᠮᠤᠨ


   ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ 《ᠭᠡᠷ ᠪᠦᠯᠢ ᠵᠢᠨ ᠨᠠᠰᠤᠵᠢᠯ᠎ᠤᠨ ᠠᠰᠠᠷᠠᠮᠵᠢ ᠵᠢᠨ ᠣᠷᠣ ᠵᠢᠨ ᠦᠢ᠍ᠯᠡᠴᠢᠯᠡᠭᠡᠨ᠎ᠤ ᠦᠨᠳᠦᠰᠦᠨ ᠵᠢᠷᠤᠮᠵᠢᠯ》᠂ 《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠰᠣᠶᠣᠯ ᠴᠡᠡᠭᠭᠡᠬᠦᠨ᠎ᠤ  ᠦᠢ᠍ᠯᠡᠴᠢᠯᠡᠭᠡᠨ᠎ᠤ ᠠᠶᠤᠯ ᠦᠬᠡᠢ ᠵᠢᠨ ᠵᠢᠷᠤᠮᠵᠢᠯ》᠂ 《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠠᠢ᠌ᠳᠠᠨ ᠦᠢ᠍ᠯᠡᠴᠢᠯᠡᠬᠦ ᠵᠢᠷᠤᠮᠵᠢᠯ》 ᠪᠠ 《ᠨᠠᠰᠤᠲᠠᠢ᠌ᠴᠤᠳ᠎ᠢ ᠪᠤᠯᠭᠤᠭ᠋ᠠᠨ ᠬᠠᠯᠠᠮᠵᠢᠯᠠᠬᠤ ᠦᠢ᠍ᠯᠡᠴᠢᠯᠡᠭᠡᠨ᠎ᠤ ᠵᠢᠷᠤᠮᠵᠢᠯ》 ᠵᠡᠷᠭᠡ  ᠲᠠᠨᠢᠯᠴᠠᠭᠤᠯᠭ᠎ᠠ ᠵᠢᠨ ᠰᠢᠨᠵᠢ᠎ᠲᠠᠢ᠎ᠢ 4 ᠠᠵᠢᠯ ᠲᠥᠷᠥᠯ᠎ᠤᠨ ᠪᠠᠷᠢᠮᠵᠢᠶ᠎ᠠ ᠵᠢ ᠨᠡᠢ᠌ᠳᠡᠯᠡᠪᠡ᠂ 2025 ᠣᠨ᠎ᠤ 2 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠬᠡᠷᠡᠭᠵᠢᠭᠦᠯᠦᠨ᠎ᠡ᠃


ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 1 ᠳ᠋ᠤᠬᠡᠷ ᠰᠠᠷ᠎ᠠ ᠵᠢᠨ7᠎ᠤ ᠡᠳᠦᠷ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠳᠤᠲᠠᠭᠳᠠᠯ ᠪᠠ ᠲᠦᠭᠰᠢᠭᠦᠷᠢ ᠵᠢᠨ ᠳᠠᠯᠳᠠ ᠬᠡᠮ᠎ᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠋ᠠᠨ᠎ᠤ ᠳᠠᠢ᠌ᠴᠢᠯᠠᠯᠲᠠ ᠵᠢᠨ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ ᠲᠤᠰᠬᠠᠢ ᠠᠵᠢᠯᠯᠠᠭ᠎ᠠ ᠵᠢᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ᠂ ᠠᠵᠢᠯ᠎ᠤᠨ ᠭᠣᠣᠯᠳᠠᠯᠭ᠎ᠠ ᠪᠣᠯᠣᠨ ᠡᠭᠦᠷᠭᠡ ᠵᠢᠨ ᠬᠤᠪᠢᠶᠠᠷᠢᠯᠠᠯ᠎ᠢ ᠪᠠᠢ᠌ᠷᠢᠯᠠᠭᠤᠯᠵᠠᠢ᠃


ᠨᠡᠢ᠌ᠭᠡᠮ᠎ᠤᠨ ᠲᠤᠰᠠᠯᠠᠮᠵᠢ
 
   ᠪᠠᠶᠠᠨᠨᠠᠭᠤᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《ᠶᠡᠬᠡ ᠬᠠᠢ᠌ᠷ᠎ᠠ ᠵᠢᠨ ᠤᠮᠠᠷᠠᠲᠤ ᠬᠢᠯᠢ᠂ 〈ᠲᠤᠰᠠᠯᠠᠮᠵᠢ〉 ᠲᠠᠨ᠎ᠤ ᠲᠡᠷᠬᠡᠳᠡ ᠪᠤᠢ》 ᠬᠡᠬᠦ ᠲᠤᠬᠤᠨᠢᠭᠤᠯᠬᠤ ᠠᠵᠢᠯᠯᠠᠭ᠎ᠠ ᠥᠷᠨᠢᠭᠦᠯᠵᠦ 《ᠨᠠᠷᠢᠯᠢᠭ ᠣᠨᠣᠴᠠᠲᠠᠢ   ᠲᠤᠰᠠᠯᠠᠬᠤ᠂ ᠥᠨᠳᠥᠷ ᠪᠦᠲᠦᠮᠵᠢᠲᠡᠶ ᠲᠤᠰᠠᠯᠠᠬᠤ᠂ ᠦᠶᠦᠭ ᠳᠤᠯᠠᠭ᠋ᠠᠨ ᠲᠤᠰᠠᠯᠠᠬᠤ᠂ ᠣᠶᠤᠨᠴᠢ᠎ᠪᠠᠷ ᠲᠤᠰᠠᠯᠠᠬᠤ》 ᠬᠠᠷᠠᠯᠲᠠ ᠵᠢ ᠪᠠᠷᠢᠮᠲᠠᠯᠠᠨ 《ᠨᠢᠭᠦᠯᠡᠰᠦᠩᠭᠦᠢ ᠵᠢᠨ ᠲᠡᠳᠬᠦᠮᠵᠢ + ᠵᠠᠰᠠᠭ᠎ᠤᠨ ᠣᠷᠳᠣᠨ ᠲᠤᠰᠠᠯᠠᠬᠤ》 ᠲᠣᠭᠲᠠᠴᠠ ᠵᠢᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠪᠠ᠃ ᠠᠵᠢᠯᠯᠠᠭ᠎ᠠ᠎ᠳᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠭᠥᠷᠳᠡᠵᠦ ᠪᠠᠢ᠌ᠭ᠎ᠠ 80 ᠡᠷᠦᠬᠡ᠂ ᠣᠨᠴᠠ ᠬᠦᠴᠢᠷᠳᠡᠯᠲᠡᠢ ᠠᠰᠠᠷᠠᠨ ᠲᠡᠵᠢᠭᠡᠵᠦ ᠪᠠᠢ᠌ᠭ᠎ᠠ ᠬᠥᠮᠥᠰ ᠵᠡᠷᠭᠡ ᠬᠦᠴᠢᠷᠳᠡᠯᠲᠡᠢ ᠣᠯᠠᠨ ᠲᠦᠮᠡᠨ᠎ᠳᠤ ᠠᠮᠤ᠂ ᠲᠣᠰᠣ ᠵᠡᠷᠭᠡ ᠡᠪᠦᠯᠵᠢᠬᠦ ᠡᠳ᠋ ᠪᠣᠳᠠᠰ ᠲᠦᠬᠡᠬᠡᠪᠡ᠃ 2 ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠲᠣᠰ ᠲᠣᠰ 1 ᠲᠦᠮᠡᠨ ᠲᠥᠭᠥᠷᠢᠭ᠎ᠤᠨ ᠲᠣᠬᠣᠨᠢᠭᠤᠯᠬᠤ ᠮᠥᠩᠭᠥ ᠲᠠᠷᠬᠠᠭ᠋ᠠᠵᠤ᠂ ᠬᠦᠴᠢᠷᠳᠡᠯᠲᠡᠢ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠦᠨᠡᠨ ᠬᠦ᠌ ᠲᠡᠭᠡᠭᠰᠢᠯᠡᠬᠦᠯᠪᠡ᠃


ᠨᠠᠰᠤᠵᠢᠯ᠎ᠤᠨ ᠦᠢ᠍ᠯᠡᠴᠢᠯᠡᠭᠡ


    ᠵᠢᠯ ᠴᠠᠭ᠋ᠠᠨ ᠰᠠᠷ᠎ᠠ ᠲᠦᠬᠦᠵᠤ ᠪᠠᠢ᠌ᠭ᠎ᠠ ᠲᠠᠰᠢᠷᠠᠮ ᠵᠶ᠋ᠡᠷ ᠪᠤᠭᠤᠲᠤ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠠᠰᠤᠲᠠᠢ᠌ᠴᠤᠳ᠎ᠲᠠᠢ ᠰᠡᠳᠬᠢᠯ ᠵᠢᠷᠦᠬᠡ᠎ᠪᠠᠨ ᠬᠣᠯᠪᠣᠵᠤ ᠬᠡᠰᠡᠭ ᠨᠠᠰᠤᠲᠠᠢ᠌ᠴᠤᠳ᠎ᠤᠨ ᠭᠡᠷ ᠪᠦᠯᠢ ᠵᠢᠨ ᠠᠰᠠᠷᠠᠬ᠍ᠴᠢ᠎ᠨᠢ ᠴᠠᠭ᠋ᠠᠨ ᠰᠠᠷ᠎ᠠ ᠨᠤᠲᠤᠭ ᠪᠤᠴᠠᠬᠤ᠂ ᠦᠷ᠎ᠡ ᠬᠡᠦᠬᠡᠳ᠎ᠨᠢ ᠭᠠᠳᠠᠭᠰᠢ ᠭᠠᠷᠬᠤ᠎ᠳᠤ ᠬᠠᠷᠠᠭ᠋ᠠᠯᠵᠠᠬᠤ ᠵᠢᠨ ᠠᠷᠭ᠎ᠠ ᠦᠭᠡᠢ ᠪᠤᠯᠬᠤ ᠠᠰᠠᠭᠤᠳᠠᠯ᠎ᠳᠤ ᠠᠩᠬᠠᠷᠤᠯ᠎ᠢ ᠠᠡᠭᠬᠠᠷᠤᠨ ᠵᠢᠤᠶᠤᠸᠠᠨ ᠲᠣᠭᠣᠷᠢᠭ᠎ᠲᠤ ᠦᠢ᠍ᠯᠡᠴᠢᠯᠡᠭᠡᠨ᠎ᠤ ᠲᠤᠰᠬᠠᠢ ᠮᠡᠷᠭᠡᠵᠢᠯ᠎ᠳᠤ᠎ᠪᠠᠨ ᠴᠠᠭ᠋ᠠᠷᠠᠭᠰᠠᠨ᠂ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠷ ᠨᠡᠯᠢᠶᠡᠳ ᠰᠠᠢ᠌ᠨ 4 ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠰᠣᠩᠭᠣᠨ  《ᠴᠠᠭ᠋ᠠᠨ ᠰᠠᠷ᠎ᠠ ᠵᠢᠨ ᠬᠤᠭᠤᠴᠠᠭ᠋ᠠᠨ᠎ᠤ ᠰᠡᠳᠬᠢᠯ᠎ᠢ ᠳᠤᠯᠠᠭ᠋ᠠᠴᠠᠭᠤᠯᠬᠤ》 ᠦᠢ᠍ᠯᠡᠴᠢᠯᠡᠭᠡ ᠬᠠᠡᠭᠭ᠋ᠠᠬᠤ᠎ᠪᠠᠷ ᠲᠤᠬᠳᠠᠭ᠋ᠠᠵᠤ ᠨᠠᠰᠤᠲᠠᠢ᠌ᠴᠤᠳ᠎ᠤᠨ ᠭᠡᠷ ᠪᠦᠯᠢ ᠵᠢᠨ ᠣᠬᠣᠷ ᠬᠤᠭᠤᠴᠠᠭ᠋ᠠᠨ᠎ᠤ ᠠᠰᠠᠷᠠᠨ ᠲᠡᠵᠢᠭᠡᠬᠦ ᠦᠢ᠍ᠯᠡᠴᠢᠯᠡᠭᠡᠨ᠎ᠤ ᠬᠡᠷᠡᠭᠴᠡᠭᠡ ᠵᠢ ᠤᠯᠠᠮ ᠴᠢᠨᠠᠭᠰᠢᠳᠠ ᠬᠠᠡᠭᠭ᠋ᠠᠬᠤ ᠪᠤᠯᠤᠨ᠎ᠠ᠃
 
  ᠨᠢᠬᠦᠯᠡᠰᠤᠡᠭᠭᠦᠢ ᠵᠢᠨ ᠦᠢ᠍ᠯᠡᠰ


   ᠦᠬᠠᠢ ᠬᠤᠳᠠ ᠵᠢᠨ  ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠲᠥᠪ᠎ᠤᠨ᠎ᠬᠢᠨ 2024 ᠣᠨ᠎ᠳᠤ ᠠᠷᠭ᠎ᠠ ᠵᠠᠮ᠎ᠤᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠪᠠᠢ᠌ᠭᠤᠯᠤᠯᠲᠠ ᠵᠢ ᠴᠢᠨᠠᠭᠰᠢᠳᠠ ᠭᠦᠨᠵᠡᠭᠡᠢ᠌ᠷᠡᠭᠦᠯᠵᠡᠢ᠃ ᠪᠥᠬᠥ ᠵᠢᠯ᠎ᠳᠤ 1.68 ᠳ᠋ᠦᠩᠰᠢᠭᠤᠷ ᠲᠥᠭᠥᠷᠢᠭ᠎ᠤᠨ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠪᠣᠷᠣᠯᠠᠭᠤᠯᠵᠤ 0.48 ᠳ᠋ᠦᠩᠰᠢᠭᠤᠷ ᠲᠥᠭᠥᠷᠢᠭ᠎ᠤᠨ ᠨᠡᠶ᠋ᠢᠲᠡ ᠵᠢᠨ ᠠᠰᠠᠷᠠᠮᠵᠢ ᠵᠢᠨ ᠮᠥᠩᠭᠥ ᠴᠤᠬᠯᠠᠭᠤᠯᠤᠭ᠋ᠠᠳ ᠠᠳᠠᠯᠢ ᠬᠤᠭᠤᠴᠠᠭ᠋ᠠᠨ᠎ᠤ᠎ᠬᠢ᠎ᠠᠴᠠ 900 ᠲᠦᠮᠡᠨ ᠲᠥᠭᠥᠷᠢᠭ᠂ 5.7%᠎ᠪᠠᠷ ᠨᠡᠮᠡᠭᠳᠡᠪᠡ᠃

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠨᠢᠭᠦᠯᠡᠰᠦᠩᠭᠦᠢ ᠵᠢᠨ ᠦᠢ᠍ᠯᠡᠰ ᠵᠶ᠋ᠡᠷ ᠳᠡᠮᠵᠢᠨ ᠲᠦᠮᠡᠨ ᠡᠷᠦᠬᠡ ᠵᠢᠨ᠎ᠬᠢᠨ᠎ᠤ ᠰᠡᠳᠬᠢᠯ᠎ᠢ ᠲᠤᠯᠠᠭ᠋ᠠᠯᠠᠶ᠎ᠠ — 《ᠶᠡᠬᠡ ᠬᠠᠢ᠌ᠷ᠎ᠠ ᠵᠢᠨ ᠤᠮᠠᠷᠠᠲᠤ ᠬᠢᠯᠢ ᠪᠤᠶᠠᠨᠰᠠᠭ ᠦᠢ᠍ᠯᠡᠰ ᠲᠡᠢ᠌ᠰᠢ》 — ᠠᠷᠠᠳ᠎ᠢ᠎ᠤᠨ ᠰᠡᠳᠬᠢᠯ᠎ᠢ ᠳᠤᠯᠠᠭ᠋ᠠᠯᠠᠬᠤ ᠦᠢ᠍ᠯᠡᠴᠢᠯᠡᠭᠡᠨ᠎ᠤ ᠲᠤᠬᠠᠢ ᠰᠢᠷᠢᠰ ᠮᠡᠳᠡᠭᠡᠯᠡᠯ (ᠠᠷᠪᠠᠨ ᠳᠥᠷᠪᠡ)
ᠠᠷᠠᠳ᠎ᠤᠨ ᠰᠦᠯᠵᠢᠶ᠎ᠡ᠄ ᠲᠦᠩᠯᠢᠶᠣᠣ ᠬᠣᠲᠠ ᠵᠢᠨ ᠵᠠᠷᠤᠳ ᠬᠣᠰᠢᠭᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.9
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.10
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.13
 
            