ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠨᠢᠭᠦᠯᠡᠰᠦᠩᠭᠦᠢ ᠵᠢᠨ ᠦᠢ᠍ᠯᠡᠰ ᠵᠶ᠋ᠡᠷ ᠳᠡᠮᠵᠢᠨ ᠲᠦᠮᠡᠨ ᠡᠷᠦᠬᠡ ᠵᠢᠨ᠎ᠬᠢᠨ᠎ᠤ ᠰᠡᠳᠬᠢᠯ᠎ᠢ ᠲᠤᠯᠠᠭ᠋ᠠᠯᠠᠶ᠎ᠠ — 《ᠶᠡᠬᠡ ᠬᠠᠢ᠌ᠷ᠎ᠠ ᠵᠢᠨ ᠤᠮᠠᠷᠠᠲᠤ ᠬᠢᠯᠢ ᠪᠤᠶᠠᠨᠰᠠᠭ ᠦᠢ᠍ᠯᠡᠰ ᠲᠡᠢ᠌ᠰᠢ》 — ᠠᠷᠠᠳ᠎ᠢ᠎ᠤᠨ ᠰᠡᠳᠬᠢᠯ᠎ᠢ ᠳᠤᠯᠠᠭ᠋ᠠᠯᠠᠬᠤ ᠦᠢ᠍ᠯᠡᠴᠢᠯᠡᠭᠡᠨ᠎ᠤ ᠲᠤᠬᠠᠢ ᠰᠢᠷᠢᠰ ᠮᠡᠳᠡᠭᠡᠯᠡᠯ (ᠠᠷᠪᠠᠨ ᠳᠥᠷᠪᠡ)
ᠨᠡᠶᠢᠲᠡᠯᠡᠭᠰᠡᠨ ᠴᠠᠭ᠄ 2025-01-09

    《ᠬᠣᠶᠠᠷ ᠪᠠᠶᠠᠷ》 ᠬᠦᠷᠴᠦ ᠢᠷᠡᠬᠦ ᠲᠠᠰᠢᠷᠠᠮ ᠵᠶ᠋ᠠᠷ ᠬᠥᠬᠡᠬᠣᠲᠠ᠂ ᠤᠯᠠᠭ᠋ᠠᠨᠬᠠᠳᠠ ᠬᠣᠲᠠ ᠵᠡᠷᠭᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠢᠳᠡᠪᠬᠢᠲᠡᠢ ᠬᠥᠳᠡᠯᠦᠯᠴᠡᠵᠦ᠂ ᠨᠡᠢ᠌ᠭᠡᠮ᠎ᠤᠨ ᠬᠠᠢ᠌ᠷ᠎ᠠ ᠬᠠᠯᠠᠮᠵᠢ᠎ᠲᠠᠢ ᠬᠥᠮᠥᠰ᠎ᠢ ᠳᠠᠶ᠋ᠢᠴᠢᠯᠠᠨ ᠬᠠᠷᠢᠶ᠎ᠠ ᠣᠷᠣᠨ᠎ᠤ᠎ᠪᠠᠨ ᠬᠦᠴᠢᠷᠳᠡᠯᠲᠡᠢ ᠣᠯᠠᠨ ᠲᠦᠮᠡᠨ᠎ᠢ ᠲᠡᠳᠬᠦᠵᠦ᠂ ᠣᠯᠠᠨ ᠬᠡᠯᠪᠡᠷᠢ ᠵᠢᠨ ᠬᠠᠯᠠᠮᠵᠢ ᠬᠦᠷᠭᠡᠬᠦ ᠨᠢᠭᠦᠯᠡᠰᠦᠩᠭᠦᠢ ᠵᠢᠨ ᠠᠵᠢᠯᠯᠠᠭ᠎ᠠ ᠥᠷᠨᠢᠭᠦᠯᠬᠦ᠎ᠪᠠᠷ ᠳᠠᠮᠵᠢᠭᠤᠯᠤᠨ᠂ ᠨᠢᠭᠦᠯᠡᠰᠦᠩᠭᠦᠢ ᠵᠢᠨ ᠬᠦᠴᠦᠨ᠎ᠤ ᠪᠠᠭᠤᠷᠠᠢ᠌ᠴᠤᠤᠯ᠎ᠢ ᠲᠡᠳᠬᠦᠬᠦ᠂ ᠬᠦᠴᠢᠷᠳᠡᠯᠲᠡᠢ ᠬᠦᠮᠦᠰ᠎ᠢ ᠲᠡᠳᠬᠦᠬᠦ᠂ ᠰᠤᠷᠤᠯᠭ᠎ᠠ ᠵᠢ ᠲᠡᠳᠬᠦᠬᠦ ᠲᠠᠯ᠎ᠠ᠎ᠪᠠᠷ᠎ᠬᠢ ᠢᠳᠡᠪᠬᠢᠲᠡᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠷᠠᠳ᠎ᠤᠨ ᠶᠠᠪᠤᠳᠠᠯ᠎ᠤᠨ ᠠᠷᠠᠳ ᠵᠶ᠋ᠠᠨ ᠬᠠᠢ᠌ᠷᠠᠯᠠᠬᠤ᠂ ᠠᠷᠠᠳ᠎ᠤᠨ ᠶᠠᠪᠤᠳᠠᠯ᠎ᠤᠨ ᠠᠷᠠᠳ᠎ᠤᠨ ᠲᠥᠯᠥᠭᠡ ᠵᠢᠳᠬᠦᠬᠦ ᠰᠡᠳᠬᠢᠯᠭᠡ ᠵᠢ ᠭᠦᠢ᠍ᠴᠡᠳ ᠢᠯᠡᠷᠡᠭᠦᠯᠪᠡ᠃
    ᠬᠥᠬᠡᠬᠣᠲᠠ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ 2025 ᠣᠨ᠎ᠤ 《ᠲᠦᠮᠡᠨ ᠡᠷᠦᠬᠡ ᠵᠢ ᠳᠤᠯᠠᠭ᠋ᠠᠴᠠᠭᠤᠯᠬᠤ》 ᠲᠣᠬᠣᠨᠢᠭᠤᠯᠬᠤ ᠠᠵᠢᠯᠯᠠᠭ᠎ᠠ ᠵᠢ ᠡᠬᠢᠯᠡᠭᠦᠯᠪᠡ᠃ 《ᠨᠢᠭᠦᠯᠡᠰᠦᠩᠭᠦᠢ ᠵᠢᠨ ᠬᠠᠯᠠᠮᠵᠢ》 ᠵᠢᠨ ᠲᠣᠬᠣᠨᠢᠭᠤᠯᠬᠤ ᠠᠵᠢᠯᠯᠠᠭ᠎ᠠ ᠪᠣᠯ ᠬᠥᠬᠡᠬᠣᠲᠠ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ ᠲᠦᠷᠦᠯ ᠲᠡᠮᠳᠡᠭ᠎ᠤᠨ ᠴᠢᠨᠠᠷᠲᠠᠢ ᠬᠦᠴᠢᠷᠳᠡᠯ᠎ᠢ ᠲᠤᠰᠠᠯᠠᠬᠤ ᠲᠦᠷᠦᠯ ᠵᠦᠢ᠍ᠯ ᠪᠣᠯᠣᠨ᠎ᠠ᠂ ᠬᠠᠨᠳᠢᠪ ᠡᠷᠬᠦᠬᠦ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠬᠡᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂  ᠬᠠᠨᠳᠢᠪ ᠡᠷᠬᠦᠭᠰᠡᠳ ᠵᠡᠷᠭᠡ ᠨᠡᠢ᠌ᠭᠡᠮ᠎ᠤᠨ ᠡᠯ᠎ᠡ ᠡᠲᠡᠭᠡᠳ᠎ᠤᠨ ᠬᠦᠴᠦᠨ᠎ᠢ ᠳᠠᠢ᠍ᠢ᠍ᠴᠢᠯᠠᠨ ᠵᠣᠭᠣᠰ ᠮᠥᠩᠭᠥ ᠡᠳ᠋ ᠪᠣᠳᠠᠰ ᠬᠠᠨᠳᠢᠪᠯᠠᠭᠤᠯᠵᠤ᠂ ᠰᠠᠢ᠌ᠨ ᠳᠤᠷ᠎ᠠ ᠵᠢᠨ ᠦᠢ᠍ᠯᠡᠴᠢᠯᠡᠭᠡ ᠵᠢ ᠦᠷᠨᠢᠬᠦᠯᠤᠬᠡᠳ ᠦᠨᠳᠦᠰᠦᠨ ᠱᠠᠲᠤᠨ᠎ᠤ ᠤᠯᠠᠨ ᠲᠦᠮᠡᠨ᠎ᠤ ᠬᠦᠴᠢᠷᠳᠡᠯ᠎ᠢ ᠬᠠᠪᠰᠤᠷᠤᠨ ᠬᠥᠩᠭᠡᠷᠡᠭᠦᠯᠵᠦ ᠳᠡᠳᠡᠨ᠎ᠤ ᠬᠦᠴᠢᠷᠳᠡᠯ᠎ᠢ ᠢᠯᠠᠨ ᠳᠠᠪᠠᠬᠤ ᠰᠥᠰᠥ ᠵᠣᠷᠢᠭ ᠪᠠ ᠢᠲᠡᠭᠡᠯ᠎ᠢ ᠨᠡᠮᠡᠭᠳᠡᠬᠦᠯᠦᠭᠰᠡᠨ ᠪᠠᠢ᠌ᠨ᠎ᠠ᠃ ᠡᠬᠢᠯᠡᠯᠲᠡ ᠵᠢᠨ ᠶᠣᠰᠣᠯᠠᠯ ᠳᠡᠭᠡᠷ᠎ᠡ ᠬᠤᠳᠠ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠂ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠣᠲᠣᠩᠴᠤᠳ᠎ᠤᠨ ᠲᠣᠭᠣᠷᠢᠭ᠎ᠤᠨ ᠭᠤᠯᠤᠮᠳᠠ ᠨᠡᠢ᠌ᠭᠡᠮ ᠲᠣᠭᠣᠷᠢᠭ᠎ᠤᠨ 20 ᠶᠠᠳᠠᠭᠤ ᠬᠦᠴᠢᠷᠳᠡᠯᠲᠡᠢ ᠭᠡᠷ ᠪᠦᠯᠢ᠎ᠳᠤ ᠠᠮᠤ᠂ ᠲᠣᠰᠣ ᠵᠡᠷᠭᠡ ᠲᠣᠬᠣᠨᠢᠭᠤᠯᠬᠤ ᠪᠣᠳᠠᠰ ᠬᠦᠷᠭᠡᠪᠡ᠃ 《ᠨᠢᠭᠦᠯᠡᠰᠦᠩᠭᠦᠢ ᠵᠢᠨ ᠬᠠᠢ᠌ᠷ᠎ᠠ ᠰᠡᠳᠬᠢᠯᠭᠡ ᠲᠦᠮᠡᠨ ᠡᠷᠦᠬᠡ ᠵᠢ ᠳᠤᠯᠠᠭ᠋ᠠᠴᠠᠭᠤᠯᠬᠤ》 ᠦᠨᠳᠦᠰᠦᠨ ᠱᠠᠲᠤᠨ᠎ᠳᠤ ᠶᠠᠪᠤᠬᠤ ᠠᠵᠢᠯᠯᠠᠭ᠎ᠠ ᠵᠢ ᠲᠣᠭᠣᠷᠢᠭ ᠰᠢᠶᠠᠨ ᠵᠶ᠋ᠠᠷ ᠨᠢᠭᠡᠴᠢ ᠪᠣᠯᠭ᠋ᠠᠨ ᠵᠠᠯᠭ᠋ᠠᠭ᠎ᠠ᠎ᠪᠠᠷ ᠥᠷᠨᠢᠭᠦᠯᠵᠦ ᠴᠠᠭ᠋ᠠᠨ ᠰᠠᠷ᠎ᠠ ᠬᠦᠷᠴᠦ ᠢᠷᠡᠬᠦ ᠲᠠᠰᠢᠷᠠᠮ ᠵᠶ᠋ᠠᠷ ᠬᠦᠴᠢᠷᠳᠡᠯᠲᠡᠢ ᠣᠯᠠᠨ ᠲᠦᠮᠡᠨ᠎ᠤ ᠰᠡᠳᠬᠢᠯ᠎ᠢ ᠲᠤᠯᠠᠭ᠋ᠠᠯᠠᠬᠰᠠᠨ ᠪᠦᠬᠡᠳ ᠵᠥᠩᠨᠡᠯ ᠲᠡᠪᠰᠢᠬᠦᠯᠪᠡ᠃
   ᠤᠯᠠᠭ᠋ᠠᠨᠬᠠᠳᠠ ᠬᠤᠳᠠ ᠵᠢᠨ ᠬᠤᠩᠱ᠌ᠠᠨ ᠲᠣᠭᠣᠷᠢᠭ᠎ᠤᠨ ᠴᠠᠩᠴᠢᠩ ᠨᠡᠢ᠌ᠭᠡᠮ ᠲᠣᠭᠣᠷᠢᠭ᠂ ᠴᠢᠯᠦᠭᠡᠯᠡᠯᠲᠡ ᠨᠡᠢ᠌ᠭᠡᠮ ᠲᠣᠭᠣᠷᠢᠭ᠎ᠤᠨ᠎ᠬᠢᠨ 《ᠤᠯᠠᠭ᠋ᠠᠨ ᠰᠠᠷᠠᠨ᠎ᠠ》 ᠨᠡᠶ᠋ᠢᠲᠡ ᠵᠢᠨ ᠠᠰᠠᠷᠠᠮᠵᠢ ᠵᠢᠨ ᠵᠣᠬᠢᠶᠠᠨ ᠪᠠᠢ᠌ᠭᠤᠯᠤᠯᠲᠠ᠎ᠲᠠᠢ ᠬᠠᠮᠲᠤᠷᠠᠨ ᠲᠣᠬᠣᠨᠢᠭᠤᠯᠬᠤ ᠠᠵᠢᠯᠯᠠᠭ᠎ᠠ ᠵᠢ ᠥᠷᠨᠢᠭᠦᠯᠵᠦ ᠬᠠᠷᠢᠶ᠎ᠠ ᠲᠣᠭᠣᠷᠢᠭ᠎ᠤᠨ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠎ᠲᠤ ᠲᠣᠬᠣᠨᠢᠭᠤᠯᠬᠤ ᠡᠳ᠋ ᠪᠣᠳᠠᠰ ᠬᠦᠷᠭᠡᠪᠡ᠃ ᠠᠵᠢᠯᠯᠠᠭ᠎ᠠ ᠵᠢᠨ ᠳᠤᠮᠳᠠ ᠠᠵᠢᠯᠲᠠᠳ ᠬᠡᠦᠬᠡᠳ᠎ᠤᠳ᠎ᠲᠠᠢ ᠳᠣᠲᠣᠨᠣ᠎ᠪᠠᠷ ᠶᠠᠷᠢᠯᠴᠠᠵᠤ  ᠬᠡᠦᠬᠡᠳ᠎ᠤᠳ᠎ᠤᠨ ᠠᠮᠢᠳᠤᠷᠠᠯ᠂ ᠰᠤᠷᠤᠯᠴᠠᠯᠭ᠎ᠠ ᠵᠢᠨ ᠳᠤᠮᠳᠠ ᠲᠤᠯᠭ᠋ᠠᠷᠠᠵᠤ ᠪᠠᠢ᠌ᠭ᠎ᠠ ᠬᠦᠴᠢᠷᠳᠡᠯ᠎ᠢ ᠨᠠᠷᠢᠨ ᠠᠰᠠᠭᠤᠨ ᠯᠠᠪᠯᠠᠵᠤ᠂ ᠬᠡᠦᠬᠡᠳ᠎ᠤᠳ᠎ᠢ ᠢᠲᠡᠭᠡᠯ ᠵᠣᠷᠢᠭ ᠵᠶ᠋ᠠᠨ ᠪᠠᠲᠤᠳᠬᠠᠨ᠂ ᠠᠮᠢᠳᠤᠷᠠᠯ᠎ᠤᠨ ᠬᠦᠴᠢᠷᠳᠡᠯ᠎ᠳᠤ ᠵᠣᠷᠢᠭᠲᠠᠢ᠎ᠪᠠᠷ ᠬᠠᠨᠳᠤᠬᠤ ᠬᠡᠷᠡᠭᠲᠡᠢ ᠭᠡᠵᠦ  ᠵᠤᠷᠢᠬ᠍ᠵᠢᠭᠤᠯᠤᠬᠰᠠᠨ ᠪᠦᠬᠡᠳ ᠬᠡᠦᠬᠡᠳ᠎ᠤᠳ ᠬᠠᠬᠢᠷ ᠡᠪᠦᠯ᠎ᠤᠨ ᠬᠦᠢ᠍ᠲᠡᠨ᠎ᠳᠤ ᠨᠡᠢ᠌ᠭᠡᠮ ᠲᠣᠭᠣᠷᠢᠭ᠎ᠤᠨ ᠶᠡᠬᠡ ᠭᠡᠷ ᠪᠦᠯᠢ ᠵᠢᠨ   ᠬᠠᠯᠠᠮᠵᠢ ᠵᠢ ᠭᠥᠷᠳᠡᠭᠰᠡᠨ ᠪᠠᠢ᠌ᠨ᠎ᠠ᠃


  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠰᠦᠯᠵᠢᠶ᠎ᠡ᠄ ᠲᠦᠩᠯᠢᠶᠣᠣ ᠬᠣᠲᠠ ᠵᠢᠨ ᠵᠠᠷᠤᠳ ᠬᠣᠰᠢᠭᠤ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠨᠠᠷ ᠰᠠᠢ᠌ᠲᠠᠢ ᠬᠥᠭᠵᠢᠯᠲᠡ ᠵᠢ ᠲᠦᠯᠬᠢᠨ ᠠᠬᠢᠭᠤᠯᠵᠤ ᠪᠠᠢ᠌ᠨ᠎ᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.9
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.10
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.13
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 1.14
 
            