ᠴᠢᠬᠤᠯᠠ ᠮᠡᠳᠡᠭᠡ
ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 11 ᠳ᠋ᠤᠬᠡᠷ ᠰᠠᠷ᠎ᠠ ᠵᠢᠨ 8᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠭᠠᠳᠠᠭ᠋ᠠᠳᠤ ᠠᠷᠠᠯᠵᠢᠶᠠᠨ᠎ᠤ ᠲᠣᠭᠲᠠᠭᠤᠨ ᠨᠡᠮᠡᠭᠳᠡᠯ᠎ᠢ ᠠᠬᠢᠭᠤᠯᠬᠤ ᠲᠤᠬᠠᠢ ᠲᠥᠷᠥ ᠵᠢᠨ ᠪᠣᠳᠣᠯᠭ᠎ᠠ ᠠᠷᠭ᠎ᠠ》 ᠵᠢ ᠬᠢᠨᠠᠨ ᠶᠠᠷᠢᠯᠴᠠᠵᠤ ᠪᠠᠲᠤᠯᠠᠨ ᠰᠢᠨ᠎ᠡ ᠴᠠᠭ ᠦᠶ᠎ᠡ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠦᠭᠵᠢᠬᠦᠯᠤᠯᠳᠡ ᠵᠢ ᠭᠦᠨᠵᠡᠭᠡᠢ᠌ᠷᠡᠭᠦᠯᠬᠦ ᠬᠣᠯᠪᠣᠭᠳᠠᠯ ᠪᠦᠬᠦᠢ ᠠᠷᠭ᠎ᠠ ᠵᠢ ᠬᠦᠨᠵᠡᠬᠡᠢ ᠰᠤᠳᠤᠯᠪᠠ᠃ ᠬᠤᠷᠠᠯ ᠲᠡᠬᠡᠷ᠎ᠡ᠄ 《ᠨᠠᠮ᠎ᠤᠨ ᠲᠥᠪ ᠬᠣᠷᠢᠶᠠᠨ᠎ᠤ ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ᠂ ᠨᠠᠰᠤᠵᠢᠯ᠎ᠤᠨ ᠦᠢ᠍ᠯᠡᠰ ᠪᠣᠯᠣᠨ ᠨᠠᠰᠤᠵᠢᠯ᠎ᠤᠨ ᠠᠵᠤ ᠦᠢ᠍ᠯᠡᠰ᠎ᠢ ᠬᠥᠭᠵᠢᠭᠦᠯᠬᠦ ᠲᠤᠬᠠᠢ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠰᠤᠵᠢᠯ᠎ᠤᠨ ᠦᠢ᠍ᠯᠡᠴᠢᠯᠡᠭᠡᠨ ᠬᠡᠬᠦ ᠠᠷᠠᠳ᠎ᠤᠨ ᠠᠮᠢᠳᠤᠷᠠᠯ᠎ᠤᠨ ᠶᠡᠬᠡ ᠶᠠᠪᠤᠳᠠᠯ᠎ᠢ ᠰᠠᠢ᠌ᠲᠤᠷ ᠠᠳᠬᠤᠵᠤ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠪᠠᠷ ᠳᠠᠮᠵᠢᠨ ᠦᠢ᠍ᠯᠡᠴᠢᠯᠡᠭᠡᠨ᠎ᠤ ᠰᠢᠰᠲᠸᠮ᠎ᠢ ᠲᠡᠬᠦᠯᠳᠡᠷᠵᠢᠬᠦᠯᠤᠨ ᠨᠠᠰᠤᠲᠠᠢ᠌ᠴᠤᠳ᠎ᠤᠨ ᠤᠯᠠᠨ ᠳᠡᠰ ᠤᠯᠠᠨ ᠶᠠᠩᠵᠤ ᠵᠢᠨ ᠬᠡᠷᠡᠭᠴᠡᠭᠡ ᠵᠢ ᠨᠡᠩ ᠰᠠᠢ᠌ᠲᠤᠷ ᠬᠠᠩᠭ᠋ᠠᠵᠤ᠂ ᠥᠲᠡᠯᠪᠡᠯ ᠠᠰᠠᠷᠠᠮᠵᠢ᠎ᠲᠠᠢ᠂ ᠥᠲᠡᠯᠪᠡᠯ ᠬᠢᠬᠦ ᠶᠠᠭᠤᠮ᠎ᠠ᠎ᠲᠠᠢ᠂ ᠥᠲᠡᠯᠪᠡᠯ ᠪᠠᠶᠠᠷ ᠴᠡᠩᠭᠡᠯ᠎ᠲᠠᠢ ᠪᠠᠢ᠌ᠬᠤ ᠵᠢ ᠨᠡᠩ ᠰᠠᠢ᠌ᠲᠤᠷ ᠪᠡᠶᠡᠯᠡᠭᠦᠯᠬᠦ ᠬᠡᠷᠡᠭᠲᠡᠢ》 ᠭᠡᠵᠤ ᠲᠤᠷᠠᠳᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠱᠠᠩᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠲᠠᠢ ᠬᠠᠮᠲᠤᠷᠠᠨ 2024 ᠣᠨ᠎ᠤ ᠥᠪᠥᠷ ᠮᠣᠩᠭᠣᠯ᠎ᠤᠨ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠵᠢᠯᠲᠠᠨ᠎ᠤ ᠪᠣᠯᠪᠠᠰᠤᠷᠠᠯ᠎ᠤᠨ ᠭᠣᠣᠯᠳᠠᠯᠭ᠎ᠠ ᠵᠢ ᠡᠷᠡᠭᠦᠯᠵᠢᠯ᠎ᠤᠨ ᠦᠢ᠍ᠯᠡᠳᠦᠯᠭᠡ ᠵᠢᠨ ᠰᠢᠨ᠎ᠡ ᠵᠢ ᠡᠭᠦᠳᠬᠦ᠂ ᠨᠡᠢ᠌ᠭᠡᠮ᠎ᠤᠨ ᠠᠵᠢᠯᠲᠠᠨ᠎ᠤ ᠣᠯᠠᠨ ᠲᠠᠯ᠎ᠠ ᠵᠢᠨ ᠬᠥᠭᠵᠢᠯᠲᠡ᠂ ᠪᠥᠬᠥ ᠬᠥᠮᠥᠨ᠎ᠤ ᠰᠤᠷᠭ᠋ᠠᠨ ᠬᠥᠮᠦᠵᠢᠯ᠂ ᠪᠣᠳᠠᠲᠤ ᠠᠵᠢᠯᠯᠠᠭ᠎ᠠ ᠵᠢᠨ ᠠᠵᠢᠯᠯᠠᠭ᠎ᠠ ᠵᠡᠷᠭᠡ ᠲᠠᠯ᠎ᠠ᠎ᠪᠠᠷ ᠶᠠᠪᠤᠭᠳᠠᠭᠤᠯᠵᠤ᠂ ᠦᠢ᠍ᠯᠡᠳᠤᠯᠬᠡᠴᠢ ᠴᠢᠨᠠᠷᠲᠠᠢ ᠬᠠᠨᠳᠤᠯᠭ᠋ᠠᠲᠤ ᠬᠢᠴᠢᠶᠡᠯ ᠵᠶ᠋ᠡᠷ ᠪᠤᠯᠪᠠᠰᠤᠷᠠᠯ᠎ᠳᠤ ᠤᠷᠤᠯᠴᠠᠬᠰᠠᠳ᠎ᠤᠨ ᠲᠤᠰᠬᠠᠢ ᠮᠡᠷᠭᠡᠵᠢᠯ᠎ᠤᠨ ᠲᠦᠪᠰᠢᠨ ᠪᠠ ᠪᠣᠳᠠᠲᠠᠢ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠪᠡ᠃
ᠶᠡᠷᠤᠡᠭᠡᠢ᠌ᠯᠡᠭᠰᠡᠨ ᠠᠵᠢᠯ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ 《ᠭᠤᠷᠪᠠᠨ ᠳᠦᠷᠢᠮ》᠎ᠢ ᠪᠦᠬᠦ ᠲᠠᠯ᠎ᠠ ᠪᠠᠷ ᠨᠠᠢ᠌ᠳᠠᠪᠤᠷᠢᠵᠢᠭᠤᠯᠵᠤ᠂ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡᠵᠢᠬᠦᠯᠬᠦ》 ᠬᠢᠨᠠᠯᠲᠠ ᠬᠠᠮᠢᠶᠠᠷᠤᠯᠲᠠ ᠪᠠ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》᠎ᠪᠠᠷ ᠦᠨᠳᠦᠰᠦᠨ ᠠᠷᠭ᠎ᠠ ᠪᠣᠯᠭ᠋ᠠᠭᠰᠠᠨ᠂ ᠭᠣᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ᠎ᠪᠠᠷ ᠨᠥᠬᠥᠪᠦᠷᠢ ᠪᠣᠯᠭ᠋ᠠᠭᠰᠠᠨ᠂ ᠢᠲᠡᠭᠡᠮᠵᠢ ᠵᠢᠨ ᠬᠢᠨᠠᠯᠲᠠ ᠬᠠᠮᠢᠶᠠᠷᠤᠯᠲᠠ᠎ᠪᠠᠷ ᠰᠠᠭᠤᠷᠢ ᠪᠣᠯᠭ᠋ᠠᠭᠰᠠᠨ ᠰᠢᠨ᠎ᠡ ᠮᠠᠶᠢᠭ᠎ᠤᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠵᠦ ᠤᠯᠠᠭ᠋ᠠᠨᠴᠠᠪ ᠬᠤᠳᠠ ᠵᠢᠨ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠴᠢᠷᠮᠠᠢ᠌ᠵᠤ ᠪᠠᠢ᠌ᠭ᠋ᠠᠳ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠨᠡᠢ᠌ᠭᠡᠮ᠎ᠤᠨ ᠲᠤᠰᠠᠯᠠᠮᠵᠢ᠂ ᠨᠠᠰᠤᠵᠢᠯ᠎ᠤᠨ ᠠᠰᠠᠷᠠᠮᠵᠢ᠂ ᠬᠡᠦᠬᠡᠳ᠎ᠤᠨ ᠠᠰᠠᠷᠠᠮᠵᠢ᠂ ᠣᠷᠣᠰᠢᠭᠤᠯᠭ᠎ᠠ ᠵᠢᠨ ᠬᠠᠮᠢᠶᠠᠷᠤᠯᠲᠠ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 3 ᠵᠢᠯ᠎ᠳᠤ ᠨᠡᠢ᠍ᠢ᠍ᠳᠡ 31 ᠤᠳᠠᠭ᠎ᠠ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠬᠢᠵᠦ ᠨᠤᠴᠢᠳᠠᠢ ᠠᠶᠤᠯ ᠲᠦᠭᠰᠢᠭᠦᠷᠢ ᠵᠢ ᠪᠦᠲᠦᠮᠵᠢᠲᠡᠢ ᠰᠡᠷᠬᠡᠢ᠌ᠯᠡᠭᠰᠡᠨ ᠪᠠᠢ᠌ᠨ᠎ᠠ ᠃
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ
ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ ᠳᠣᠲᠣᠭ᠋ᠠᠳᠤ ᠵᠢ ᠬᠠᠮᠠᠭ᠋ᠠᠯᠠᠬᠤ᠂ ᠨᠢᠭᠡᠳᠦᠮᠡᠯ ᠹᠷᠣᠨᠲ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷᠤᠨᠬᠢᠲᠠᠢ ᠬᠠᠮᠲᠤᠷᠠᠨ ᠰᠦᠪᠡᠭᠴᠢ ᠵᠢ ᠬᠢᠨᠠᠨ ᠪᠠᠢ᠌ᠴᠠᠭ᠋ᠠᠵᠤ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ᠂ ᠬᠡᠷᠡᠭ᠎ᠢ ᠪᠠᠢ᠌ᠴᠠᠭ᠋ᠠᠨ ᠰᠤᠳᠤᠯᠵᠤ ᠲᠡᠰᠦᠯᠦᠨ ᠰᠢᠢ᠍ᠳᠪᠦᠷᠢᠯᠡᠬᠦ ᠵᠢ ᠴᠢᠩᠭ᠋ᠠᠳᠬᠠᠨ᠂ 《ᠤᠬᠠᠭᠤᠯᠬᠤ — ᠣᠢ᠌ᠯᠠᠭ᠋ᠠᠬᠤ — ᠰᠢᠢ᠍ᠳᠪᠦᠷᠢᠯᠡᠬᠦ》 ᠠᠵᠢᠯ᠎ᠤᠨ ᠪᠢᠲᠡᠭᠦᠦ ᠴᠠᠭ᠋ᠠᠷᠢᠭ᠎ᠢ ᠪᠣᠶ ᠪᠣᠯᠭ᠋ᠠᠵᠤ᠂ 《ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠣᠬᠢᠯᠲᠠ ᠥᠭᠬᠦ》 ᠠᠵᠢᠯ᠎ᠤᠨ ᠭᠦᠨᠵᠡᠭᠡᠢ᠌ᠷᠡᠨ ᠪᠣᠳᠠᠲᠠᠢ᠌ᠵᠢᠬᠤ ᠵᠢ ᠪᠠᠢ᠌ᠩᠭᠤᠵᠢᠭᠤᠯᠤᠨ ᠠᠬᠢᠭᠤᠯᠪᠠ᠃ 2024 ᠣᠨ᠎ᠳᠤ ᠬᠡᠷᠡᠭ᠎ᠢ ᠬᠠᠮᠵᠢᠯᠴᠠᠨ ᠰᠤᠳᠤᠯᠤᠨ ᠮᠠᠭ᠋ᠠᠳᠯᠠᠬᠤ ᠠᠵᠢᠯ᠎ᠢ 4 ᠤᠳᠠᠭ᠎ᠠ ᠥᠷᠨᠢᠭᠦᠯᠵᠦ ᠬᠠᠤᠯᠢ ᠪᠤᠰᠤ 3 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠠᠤᠯᠢ ᠶᠣᠰᠣᠭ᠋ᠠᠷ ᠴᠠᠭ᠋ᠠᠵᠠᠯᠠᠪᠠ᠃
ᠨᠢᠬᠦᠯᠡᠰᠤᠡᠭᠭᠦᠢ ᠵᠢᠨ ᠦᠢ᠍ᠯᠡᠰ
ᠪᠠᠶᠠᠨᠨᠠᠭᠤᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠠᠴᠠ 10 ᠲᠦᠮᠡᠨ ᠲᠥᠭᠥᠷᠢᠭ᠎ᠤᠨ 《ᠨᠢᠭᠦᠯᠡᠰᠦᠩᠭᠦᠢ ᠵᠢᠨ ᠦᠢ᠍ᠯᠡᠰ ᠵᠶ᠋ᠡᠷ ᠦᠢ ᠲᠦᠮᠡᠨ ᠠᠢ᠌ᠯ ᠡᠷᠤᠬᠡ ᠵᠢ ᠲᠤᠯᠠᠭ᠋ᠠᠴᠠᠭᠤᠯᠵᠤ᠂ ᠥᠪᠥᠷ ᠮᠣᠩᠭᠣᠯ᠎ᠢ ᠬᠠᠢ᠌ᠷ᠎ᠠ᠎ᠪᠠᠷ ᠲᠤᠯᠠᠭ᠋ᠠᠴᠠᠭᠤᠯᠬᠤ》 ᠲᠥᠷᠥᠯ ᠵᠦᠢ᠍ᠯ᠎ᠤᠨ ᠲᠤᠰᠠᠯᠠᠮᠵᠢ ᠵᠢᠨ ᠮᠥᠩᠭᠥ ᠭᠤᠶᠤᠴᠢᠯᠠᠵᠤ ᠨᠤᠴᠢᠳᠠᠢ ᠭᠠᠩ ᠬᠠᠭᠰᠠᠷᠠᠭ᠋ᠠᠨ᠎ᠳᠤ ᠭᠠᠮᠰᠢᠭᠳᠠᠭᠰᠠᠨ ᠬᠣᠰᠢᠭᠤ ᠰᠢᠶᠠᠨ ᠲᠣᠭᠣᠷᠢᠭ᠎ᠤᠨ 100 ᠮᠠᠯᠴᠢᠨ ᠲᠠᠷᠢᠶᠠᠴᠢᠨ᠎ᠳᠤ ᠡᠷᠦᠬᠡ ᠪᠦᠷᠢ᠎ᠳᠤ 1000 ᠲᠥᠭᠥᠷᠢᠭ᠎ᠤᠨ ᠲᠤᠰᠠᠯᠠᠮᠵᠢ ᠵᠢᠨ ᠮᠥᠩᠭᠥ ᠥᠭᠴᠦ᠂ ᠬᠠᠯᠠᠮᠵᠢᠯᠠᠬᠤ ᠠᠷᠭ᠎ᠠ ᠵᠢ ᠤᠯᠠᠮ ᠨᠠᠷᠢᠨ ᠨᠠᠢ᠌ᠳᠠᠪᠤᠷᠢᠵᠢᠭᠤᠯᠪᠠ᠃