ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.12
ᠨᠡᠶᠢᠲᠡᠯᠡᠭᠰᠡᠨ ᠴᠠᠭ᠄ 2025-02-13

ᠶᠡᠷᠤᠡᠭᠭᠡᠢ᠌ᠯᠡᠭᠰᠡᠨ ᠠᠵᠢᠯ


    ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠴᠠᠭ᠋ᠠᠨ ᠰᠠᠷ᠎ᠠ ᠵᠢᠨ ᠳᠠᠷᠠᠭ᠋ᠠᠬᠢ ᠠᠵᠢᠯ᠎ᠢ ᠠᠬᠢᠭᠤᠯᠬᠤ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠲᠤᠬᠠᠢ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ᠄ 《ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ 《ᠠᠯᠵᠠᠭᠤ ᠬᠣᠢ᠌ᠷᠭᠤ ᠰᠤᠯᠠ ᠵᠠᠳᠠᠭ᠋ᠠᠢ》 ᠪᠠᠢ᠌ᠬᠤ ᠵᠢ ᠡᠷᠡᠰ ᠬᠣᠷᠢᠭᠯᠠᠵᠤ᠂ 《ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭ᠋ᠠᠨ》 ᠠᠰᠠᠭᠤᠳᠠᠯ᠎ᠢ ᠴᠡᠭᠴᠡᠯᠡᠨ ᠵᠠᠰᠠᠵᠤ᠂ ᠠᠵᠢᠯ ᠬᠢᠬᠦ ᠦᠬᠡᠢ ᠺᠠᠳ᠋ᠷ᠎ᠢ ᠡᠷᠡᠰ ᠬᠣᠷᠢᠭᠯᠠᠬᠤ ᠬᠡᠷᠡᠭᠲᠡᠢ》 ᠭᠡᠵᠤ ᠱᠠᠭ᠋ᠠᠷᠳᠠᠬᠰᠠᠨ ᠪᠦᠬᠡᠳ ᠨᠠᠰᠤᠵᠢᠯ᠎ᠤᠨ ᠠᠰᠠᠷᠠᠮᠵᠢ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠳᠤᠯᠠᠭ᠎ᠠ᠂ ᠨᠡᠢ᠌ᠭᠡᠮ᠎ᠤᠨ ᠵᠠᠰᠠᠯᠲᠠ ᠵᠡᠷᠭᠡ ᠭᠤᠷᠪᠠᠨ ᠶᠡᠬᠡ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠬᠦ ᠠᠵᠢᠯ᠎ᠢ ᠪᠠᠢ᠌ᠷᠢᠯᠠᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠣᠷᠣᠯᠭ᠎ᠠ  ᠪᠠᠭ᠎ᠠ ᠬᠦᠮᠦᠰ᠎ᠤᠨ ᠪᠠᠲᠤᠯᠠᠭ᠎ᠠ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠡᠷᠭᠡ ᠤᠯᠠᠨ ᠵᠦᠢ᠍ᠯ᠎ᠤᠨ ᠠᠵᠢᠯ᠎ᠳᠤ ᠬᠤᠯᠪᠤᠭᠳᠠᠪᠠ᠃ ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠣᠯᠪᠣᠭᠳᠠᠯ ᠪᠦᠬᠦᠢ ᠤᠳᠤᠷᠢᠳᠤᠯᠭ᠎ᠠ ᠺᠠᠳ᠋ᠷᠴᠤᠳ ᠬᠤᠷᠠᠯ᠎ᠳᠤ ᠣᠷᠣᠯᠴᠠᠵᠠᠢ᠃


ᠨᠡᠢ᠌ᠭᠡᠮ᠎ᠤᠨ ᠲᠤᠰᠠᠯᠠᠮᠵᠢ


     ᠤᠯᠠᠭ᠋ᠠᠨᠴᠠᠪ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠬᠦᠴᠢᠷᠳᠡᠯᠲᠡᠢ ᠤᠯᠠᠨ ᠲᠦᠮᠡᠨ᠎ᠳᠤ ᠨᠡᠩ ᠥᠨᠳᠥᠷ ᠪᠦᠲᠦᠮᠵᠢᠲᠡᠢ᠂ ᠳᠥᠭᠥᠮ ᠳᠥᠲᠡ ᠦᠢ᠍ᠯᠡᠴᠢᠯᠡᠭᠡ ᠬᠠᠩᠭ᠋ᠠᠬᠤ᠎ᠪᠠᠷ ᠭᠣᠣᠯᠳᠠᠭᠤᠯᠵᠤ᠂ ᠨᠠᠮ᠎ᠤᠨ ᠪᠠᠢ᠌ᠭᠤᠯᠤᠯᠲᠠ ᠵᠢᠨ ᠵᠢᠯᠣᠭᠣᠳᠤᠯᠭ᠎ᠠ᠎ᠳᠤ ᠲᠦᠰᠢᠭᠯᠡᠨ  ᠭᠠᠴᠠᠭ᠎ᠠ ᠲᠣᠰᠬᠣᠨ᠎ᠤ 《ᠬᠣᠶᠠᠷ ᠵᠥᠪᠯᠡᠯ》 ᠎ᠤᠨ ᠳᠤᠮᠳᠠ ᠲᠤᠰᠬᠠᠢ ᠮᠡᠷᠭᠡᠵᠢᠯ᠎ᠤᠨ ᠬᠠᠪᠰᠤᠷᠤᠭᠴᠢ ᠵᠢᠨ ᠠᠵᠢᠯ᠎ᠤᠨ ᠡᠩᠨᠡᠭᠡ ᠵᠢ ᠵᠣᠬᠢᠶᠠᠨ ᠪᠠᠢ᠌ᠭᠤᠯᠵᠠᠢ᠃ 2024 ᠣᠨ᠎ᠳᠤ ᠪᠥᠬᠥ ᠬᠣᠲᠠ᠎ᠳᠤ   ᠨᠡᠢ᠌ᠭᠡᠮ᠎ᠤᠨ  ᠲᠤᠰᠠᠯᠠᠮᠵᠢ ᠵᠢᠨ ᠲᠤᠰᠠᠯᠠᠭᠴᠢ ᠵᠢ 1511 ᠵᠢ ᠤᠷᠢᠵᠤ ᠦᠢ᠍ᠯᠡᠴᠢᠯᠡᠭᠡ ᠦᠷᠨᠢᠬᠦᠯᠦᠭᠰᠡᠨ᠎ᠤ ᠬᠠᠮᠳᠤ ᠡᠯ᠎ᠡ ᠭᠠᠵᠠᠷ᠎ᠤᠨ᠎ᠬᠢᠨ ᠠᠵᠢᠯᠳᠠᠳ᠎ᠢ ᠰᠤᠷᠢᠬᠤ᠂ ᠠᠮᠵᠢᠯᠲᠠ ᠪᠦᠲᠦᠮᠵᠢ ᠵᠢ ᠦᠨᠡᠯᠡᠬᠦ᠂ ᠰᠢᠯᠭ᠋ᠠᠷᠠᠭᠤᠯᠵᠤ ᠬᠥᠬᠢᠭᠦᠯᠦᠨ ᠰᠠᠢ᠌ᠰᠢᠶᠠᠬᠤ᠂ ᠤᠬᠠᠭᠤᠯᠵᠤ ᠵᠢᠯᠤᠭᠣᠳᠬᠤ᠎ᠪᠠᠷ ᠳᠠᠮᠵᠢᠭᠤᠯᠤᠨ ᠬᠠᠪᠰᠤᠷᠤᠭᠴᠢ ᠵᠢᠨ ᠠᠵᠢᠯ᠎ᠤᠨ ᠴᠢᠳᠠᠪᠤᠷᠢ ᠵᠢ ᠳᠡᠭᠡᠭᠰᠢᠯᠡᠭᠦᠯᠪᠡ᠃ ᠪᠠᠰᠨ ᠲᠤᠰᠠᠯᠠᠮᠵᠢ ᠬᠦᠷᠳᠡᠭᠰᠡᠳ᠎ᠯᠦᠭᠡ ᠰᠠᠨᠠᠭ᠋ᠠᠴᠢᠯᠠᠭ᠎ᠠ᠎ᠠᠴᠠ᠎ᠪᠠᠨ ᠨᠡᠪᠲᠡᠷᠡᠯᠴᠡᠬᠦ ᠠᠵᠢᠯ᠎ᠢ ᠴᠢᠩᠭ᠋ᠠᠳᠬᠠᠬᠤ᠎ᠪᠠᠷ ᠳᠠᠮᠵᠢᠭᠤᠯᠤᠨ  ᠬᠦᠴᠢᠷᠳᠡᠯᠲᠡᠢ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠪᠠ ᠬᠥᠳᠡᠯᠦᠯ ᠪᠠᠢ᠌ᠳᠠᠯ᠎ᠢ ᠴᠠᠭ ᠲᠤᠬᠠᠢ᠎ᠳᠤ᠎ᠨᠢ ᠣᠢ᠌ᠯᠠᠭ᠋ᠠᠵᠤ᠂ ᠨᠡᠢ᠌ᠭᠡᠮ᠎ᠤᠨ ᠲᠤᠰᠠᠯᠠᠮᠵᠢ ᠵᠢ ᠨᠡᠡᠭ ᠤᠨᠤᠪᠴᠢᠳᠠᠢ ᠪᠤᠯᠭ᠋ᠠᠬᠰᠠᠨ ᠪᠦᠬᠡᠳ ᠤᠯᠠᠨ ᠲᠦᠮᠡᠨ᠎ᠳᠤ ᠨᠡᠡᠭ ᠬᠠᠨᠤᠮᠵᠢᠳᠠᠢ ᠪᠤᠯᠭ᠋ᠠᠬᠰᠠᠨ ᠪᠠᠢ᠌ᠨ᠎ᠠ᠃ 


ᠨᠡᠢ᠌ᠭᠡᠮ᠎ᠤᠨ ᠶᠠᠪᠤᠳᠠᠯ


   ᠰᠢᠯᠢ ᠵᠢᠨ ᠭᠣᠣᠯ ᠠᠢ᠌ᠮᠠᠭ᠎ᠤᠨ ᠶᠡᠷᠦᠩᠬᠡᠢ᠌ᠯᠡᠭᠰᠡᠨ ᠲᠤᠰᠠᠯᠠᠮᠵᠢ ᠵᠢᠨ ᠦᠢ᠍ᠯᠡᠴᠢᠯᠡᠭᠡᠨ᠎ᠤ ᠲᠥᠪ᠎ᠤᠨ᠎ᠬᠢᠨ ᠦᠨᠤ ᠡᠪᠤᠯ 《ᠬᠠᠬᠢᠷ ᠡᠪᠦᠯ᠎ᠤᠨ ᠬᠦᠢ᠍ᠳᠡᠨ᠎ᠳᠤ  ᠬᠠᠯᠠᠮᠵᠢᠯᠠᠬᠤ》 ᠲᠤᠰᠠᠯᠠᠮᠵᠢ ᠵᠢᠨ ᠲᠤᠰᠬᠠᠢ ᠠᠵᠢᠯᠯᠠᠭ᠎ᠠ᠎ᠪᠠᠷ ᠪᠠᠷᠢᠴᠨ ᠪᠣᠯᠭ᠋ᠠᠵᠤ᠂ ᠳᠣᠲᠣᠭ᠋ᠠᠳᠤ ᠵᠢ ᠬᠠᠮᠠᠭ᠋ᠠᠯᠠᠬᠤ᠂ ᠬᠤᠳᠠ ᠵᠢᠨ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠵᠡᠭᠡᠯᠢ ᠭᠤᠳᠤᠮᠵᠢ᠎ᠪᠠᠷ ᠲᠣᠭᠣᠷᠢᠨ ᠲᠤᠰᠠᠯᠠᠬᠤ ᠠᠵᠢᠯ᠎ᠢ ᠥᠷᠨᠢᠭᠦᠯᠵᠦ᠂ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠬᠥᠮᠥᠰ᠎ᠢ ᠢᠳᠡᠪᠬᠢᠲᠡᠢ ᠵᠢᠭ᠋ᠠᠨ ᠵᠢᠯᠤᠭᠣᠳᠴᠤ᠂ ᠢᠳᠬᠠᠵᠤ᠂ ᠬᠠᠮᠠᠭ᠋ᠠᠯᠠᠨ ᠬᠦᠷᠬᠡᠬᠦ ᠪᠠ ᠦᠷᠳᠡᠭᠡ᠎ᠳᠤ ᠤᠷᠤᠭᠤᠯᠤᠨ ᠰᠠᠭᠤᠯᠭ᠋ᠠᠪᠠ ᠃ ᠣᠳᠣᠬᠠᠨ ᠪᠣᠯᠲᠠᠯ᠎ᠠ ᠲᠦᠷ ᠴᠠᠭ ᠬᠦᠴᠢᠷᠳᠡᠯ᠎ᠳᠤ ᠲᠤᠯᠭ᠋ᠠᠷᠠᠭᠰᠠᠨ ᠡᠯ᠎ᠡ ᠲᠦᠷᠦᠯ᠎ᠤᠨ 15 ᠬᠥᠮᠥᠨ᠎ᠢ ᠲᠤᠰᠠᠯᠠᠵᠤ᠂ 4 ᠬᠦᠮᠦᠨ᠎ᠢ ᠨᠤᠲᠤᠭ᠎ᠲᠤ᠎ᠨᠢ ᠬᠦᠷᠭᠡᠭᠰᠡᠨ᠎ᠤ ᠬᠠᠮᠳᠤ ᠨᠡᠢ᠌ᠭᠡᠮ ᠲᠣᠭᠣᠷᠢᠭ᠎ᠤᠨ ᠠᠵᠢᠯᠲᠠᠨ᠎ᠲᠠᠢ ᠭᠠᠷ ᠬᠣᠯᠪᠣᠨ 50 ᠬᠦᠴᠢᠷᠳᠡᠯᠲᠡᠢ ᠤᠯᠠᠨ ᠲᠦᠮᠡᠨ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠭᠡᠷ ᠪᠦᠯᠢ᠎ᠳᠤ ᠬᠥᠪᠥᠩ ᠬᠤᠪᠴᠠᠰᠤ᠂  ᠬᠥᠨᠵᠢᠯᠡ ᠬᠦᠷᠭᠡᠵᠡᠢ᠃


ᠨᠠᠰᠤᠵᠢᠯ᠎ᠤᠨ ᠦᠢ᠍ᠯᠡᠴᠢᠯᠡᠭᠡ


   ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠣᠨᠴᠠᠭ᠋ᠠᠶ ᠬᠦᠴᠢᠷᠳᠡᠯᠲᠡᠢ ᠨᠠᠰᠤᠲᠠᠢ᠌ᠴᠤᠳ᠎ᠢ  ᠬᠠᠯᠠᠮᠵᠢᠯᠠᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠣᠯᠠᠨ ᠡᠰᠢᠲᠦ ᠠᠷᠭ᠎ᠠ ᠎ᠪᠠᠷ ᠨᠠᠰᠤᠲᠠᠢ᠌ᠴᠤᠳ᠎ᠤᠨ ᠴᠠᠭ᠋ᠠᠨ ᠰᠠᠷ᠎ᠠ ᠵᠢᠨ ᠠᠮᠢᠳᠤᠷᠠᠯ᠎ᠤᠨ ᠶᠠᠰᠤ ᠴᠢᠨᠠᠷ᠎ᠢ ᠲᠡᠭᠡᠭᠰᠢᠯᠡᠬᠦᠯᠪᠡ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠰᠠᠢ᠌ᠨ ᠳᠤᠷ᠎ᠠ ᠵᠢᠨ ᠠᠵᠢᠯᠯᠠᠭᠴᠢ ᠪᠠ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢ ᠵᠣᠬᠢᠶᠠᠨ ᠪᠠᠢ᠌ᠭᠤᠯᠤᠨ 《ᠬᠠᠭᠤᠴᠢᠨ ᠵᠢᠯ᠎ᠢ ᠦᠳᠡᠵᠦ ᠰᠢᠨ᠎ᠡ ᠵᠢᠯ᠎ᠢ ᠤᠭᠲᠤᠬᠤ》 ᠠᠵᠢᠯᠯᠠᠭ᠎ᠠ ᠵᠢ ᠥᠷᠨᠢᠭᠦᠯᠵᠦ ᠪᠦᠬᠦ ᠬᠤᠳᠠ ᠵᠢᠨ ᠪᠦᠬᠦᠯᠢ 60᠎ᠠᠴᠠ ᠳᠡᠭᠡᠭᠰᠢᠬᠢ ᠨᠠᠰᠤᠲᠠᠢ᠌ᠴᠤᠳ᠂ ᠢᠯᠠᠩᠭᠤᠶ᠎ᠠ  ᠦᠳᠡᠬᠦᠰ᠂ ᠥᠨᠥᠴᠢᠨ ᠪᠡᠯᠪᠡᠰᠦᠨ᠂ ᠬᠡᠷ᠎ᠤᠨ ᠮᠤᠬᠤᠷ ᠰᠠᠬᠢᠬᠰᠠᠨ᠂ ᠣᠨᠴᠠ ᠬᠦᠴᠢᠷᠳᠡᠯᠲᠡᠢ ᠬᠦᠮᠦᠰ᠎ᠲᠤ ᠪᠡᠶ᠎ᠡ ᠵᠢ᠎ᠨᠢ ᠤᠬᠢᠶᠠᠵᠤ  ᠦᠭᠭᠦ᠂ ᠬᠡᠵᠢᠬᠡ ᠦᠰᠦ ᠵᠢ᠎ᠨᠢ ᠵᠠᠰᠠᠬᠤ ᠦᠢ᠍ᠯᠡᠴᠢᠯᠡᠭᠡ  ᠬᠠᠡᠭᠭ᠋ᠠᠪᠠ᠃


ᠨᠢᠬᠦᠯᠡᠰᠤᠡᠭᠭᠦᠢ ᠵᠢᠨ ᠦᠢ᠍ᠯᠡᠰ


    ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠵᠡᠮᠳᠡᠭᠴᠦᠳ᠎ᠤᠨ ᠬᠣᠯᠪᠣᠭ᠎ᠠ᠂ ᠬᠠᠨᠳᠢᠪ ᠡᠷᠬᠦᠬᠦ ᠠᠵᠤ ᠠᠬᠤᠢ᠌ᠯᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ ᠨᠡᠢ᠌ᠭᠡᠮ᠎ᠤᠨ ᠡᠯ᠎ᠡ ᠡᠲᠡᠭᠡᠳ᠎ᠤᠨ ᠨᠢᠭᠦᠯᠡᠰᠦᠩᠭᠦᠢ ᠵᠢᠨ ᠬᠦᠴᠦᠨ᠎ᠢ ᠢᠳᠡᠪᠬᠢᠲᠡᠢ᠎ᠪᠠᠷ ᠵᠢᠯᠤᠭᠣᠳᠴᠤ᠂ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠢ ᠬᠥᠮᠥᠰ ᠵᠡᠷᠭᠡ ᠬᠦᠴᠢᠷᠳᠡᠯᠲᠡᠢ ᠣᠯᠠᠨ ᠲᠦᠮᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠬᠠᠬᠢᠷ ᠡᠪᠦᠯ᠎ᠤᠨ ᠬᠦᠢ᠍ᠳᠡᠨ᠎ᠳᠤ ᠬᠦᠴᠢᠷᠳᠡᠯᠲᠡᠢ ᠣᠯᠠᠨ ᠲᠦᠮᠡᠨ᠎ᠢ  ᠬᠠᠯᠠᠮᠵᠢᠯᠠᠬᠤ》 ᠠᠵᠢᠯᠯᠠᠭ᠎ᠠ ᠵᠢ ᠥᠷᠨᠢᠭᠦᠯᠪᠡ᠃ 39 ᠶᠠᠳᠠᠭᠤ ᠬᠦᠴᠢᠷᠳᠡᠯᠲᠡᠢ ᠤᠯᠠᠨ ᠲᠦᠮᠡᠨ᠎ᠢ ᠲᠣᠬᠣᠨᠢᠭᠤᠯᠵᠤ᠂ 7.8 ᠲᠦᠮᠡᠨ ᠲᠥᠭᠥᠷᠢᠭ᠎ᠤᠨ ᠲᠣᠬᠣᠨᠢᠭᠤᠯᠬᠤ ᠮᠥᠩᠭᠥ ᠲᠠᠷᠬᠠᠭ᠋ᠠᠵᠤ᠂ 600 ᠭᠠᠷᠤᠢ ᠶᠠᠳᠠᠭᠤ ᠬᠦᠴᠢᠷᠳᠡᠯᠲᠡᠢ ᠭᠡᠷ ᠪᠦᠯᠢ᠎ᠳᠤ ᠠᠮᠤ ᠲᠣᠰᠣ ᠵᠡᠷᠭᠡ ᠲᠣᠬᠣᠨᠢᠭᠤᠯᠬᠤ ᠪᠣᠳᠠᠰ ᠬᠦᠷᠭᠡᠭᠰᠡᠨ ᠪᠠᠢ᠌ᠨ᠎ᠠ᠃


 


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.10 2.13
ᠠᠷᠠᠳ᠎ᠤᠨ ᠶᠠᠪᠤᠳᠠᠯ᠎ᠤᠨ ᠲᠢᠡᠭᠭᠢᠮ᠎ᠤᠨ᠎ᠬᠢᠨ ᠺᠠᠳ᠋ᠷᠴᠤᠳ᠎ᠤᠨ ᠡᠷᠡᠬᠦᠯ ᠮᠡᠨᠳᠤ ᠵᠢᠨ ᠬᠢᠴᠢᠶᠡᠯ ᠤᠷᠤᠪᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.19
 
            