ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《2025 ᠣᠨ᠎ᠤ ᠠᠷᠠᠳ᠎ᠤᠨ ᠶᠠᠪᠤᠳᠠᠯ᠎ᠤᠨ ᠪᠠᠷᠢᠮᠵᠢᠶ᠎ᠠ ᠵᠢᠨ ᠰᠡᠳᠦᠪ ᠲᠣᠭᠲᠠᠭ᠋ᠠᠬᠤ᠎ᠪᠠᠷ ᠭᠤᠶᠤᠴᠢᠯᠠᠬᠤ ᠠᠵᠢᠯ᠎ᠢ ᠵᠣᠬᠢᠶᠠᠨ ᠪᠠᠶ᠋ᠢᠭᠤᠯᠬᠤ ᠲᠤᠬᠠᠢ ᠮᠡᠳᠡᠭᠳᠡᠯ》᠎ᠢ ᠨᠡᠢ᠌ᠲᠡᠯᠡᠵᠦ᠂ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠵᠢ ᠰᠤᠳᠤᠯᠤᠨ ᠦᠢ᠍ᠯᠡᠳᠬᠦ ᠠᠵᠢᠯ᠎ᠢ ᠲᠦᠷᠭᠡᠳᠬᠡᠪᠡ᠃ ᠮᠡᠳᠡᠭᠳᠡᠯ᠎ᠳᠤ ᠠᠷᠠᠳ᠎ᠤᠨ ᠶᠠᠪᠤᠳᠠᠯ᠎ᠤᠨ ᠪᠠᠷᠢᠮᠵᠢᠶ᠎ᠠ ᠵᠢᠨ ᠰᠡᠳᠦᠪ ᠲᠣᠭᠲᠠᠭ᠋ᠠᠬᠤ ᠵᠢ ᠮᠡᠳᠡᠭᠦᠯᠬᠦ ᠨᠥᠬᠥᠴᠡᠯ᠂ ᠮᠡᠳᠡᠭᠦᠯᠬᠦ ᠮᠠᠲ᠋ᠧᠷᠢᠶᠠᠯ ᠪᠠ ᠮᠡᠳᠡᠭᠦᠯᠬᠦ ᠲᠠᠰ ᠳᠠᠷᠠᠭ᠋ᠠᠯᠠᠯ᠎ᠢ ᠲᠣᠳᠣᠷᠬᠠᠢ ᠲᠣᠭᠲᠠᠭ᠋ᠠᠭᠰᠠᠨ ᠪᠥᠭᠡᠳ 2025 ᠣᠨ᠎ᠤ ᠠᠷᠠᠳ᠎ᠤᠨ ᠶᠠᠪᠤᠳᠠᠯ᠎ᠤᠨ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠵᠢᠨ ᠰᠡᠳᠦᠪ ᠲᠣᠭᠲᠠᠭ᠋ᠠᠬᠤ ᠵᠢ ᠮᠡᠳᠡᠭᠦᠯᠬᠦ ᠬᠣᠯᠪᠣᠭᠳᠠᠯ ᠪᠦᠬᠦᠢ ᠵᠦᠢ᠍ᠯᠡᠰ᠎ᠢ ᠪᠠᠢ᠌ᠷᠢᠯᠠᠭᠤᠯᠪᠠ᠃
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ 《2024 ᠣᠨ᠎ᠤ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠰᠢᠨ᠎ᠡ ᠵᠢ ᠡᠭᠦᠳᠦᠭᠰᠡᠨ ᠦᠢ᠍ᠯᠡᠳᠦᠯᠭᠡ ᠵᠢᠨ ᠰᠢᠯᠢᠳᠡᠭ ᠬᠡᠷᠡᠭ᠎ᠤᠨ ᠵᠢᠱ᠌ᠢᠶ᠎ᠡ ᠵᠢᠨ ᠨᠡᠷᠡᠰ》᠎ᠢ ᠨᠡᠢ᠌ᠲᠡᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠣᠲᠠ ᠵᠢᠨ ᠳ᠋ᠦᠩᠱ᠌ᠧᠩ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ 14 ᠨᠢᠬᠡᠴᠢ ᠵᠢᠨ᠎ᠬᠢᠨ᠎ᠤ ᠳᠡᠪᠰᠢᠭᠦᠯᠦᠭᠰᠡᠨ ᠦᠷ᠎ᠡ ᠪᠦᠲᠦᠭᠡᠯ᠎ᠢ 《2024 ᠣᠨ᠎ᠤ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠰᠢᠨ᠎ᠡ ᠵᠢ ᠡᠭᠦᠳᠦᠭᠰᠡᠨ ᠦᠢ᠍ᠯᠡᠳᠦᠯᠭᠡ ᠵᠢᠨ ᠰᠢᠯᠢᠳᠡᠭ ᠵᠢᠱ᠌ᠢᠶ᠎ᠡ》᠎ᠪᠠᠷ ᠲᠣᠭᠲᠠᠭ᠋ᠠᠪᠠ᠃
ᠶᠡᠷᠤᠡᠭᠭᠡᠢ᠌ᠯᠡᠭᠰᠡᠨ ᠠᠵᠢᠯ
ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠴᠠᠭ᠋ᠠᠨ ᠰᠠᠷ᠎ᠠ᠎ᠠᠴᠠ ᠡᠮᠦᠨᠡᠬᠡᠨ ᠶᠠᠳᠠᠭᠤ ᠬᠦᠴᠢᠷᠳᠡᠯᠲᠡᠢ ᠣᠯᠠᠨ ᠲᠦᠮᠡᠨ᠂ ᠡᠯ᠎ᠡ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠂ ᠲᠣᠪᠴᠢᠶ᠎ᠠ ᠵᠢᠨ ᠪᠠᠢ᠌ᠭᠤᠯᠭ᠎ᠠ ᠵᠢᠨ ᠠᠵᠢᠯ᠎ᠠᠴᠠ᠎ᠪᠠᠨ ᠠᠮᠠᠷᠠᠭᠰᠠᠨ ᠺᠠᠳ᠋ᠷ᠂ ᠬᠠᠷᠢᠶ᠎ᠠ ᠨᠢᠬᠡᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ ᠵᠢᠨ᠎ᠬᠢᠨ᠎ᠢ ᠤᠯᠠᠨ ᠠᠷᠭ᠎ᠠ᠎ᠪᠠᠷ ᠲᠣᠬᠣᠨᠢᠭᠤᠯᠵᠤ᠂ ᠶᠠᠳᠠᠭᠤ ᠬᠦᠴᠢᠷᠳᠡᠯᠲᠡᠢ ᠣᠯᠠᠨ ᠲᠦᠮᠡᠨ᠎ᠳᠤ ᠲᠣᠬᠣᠨᠢᠭᠤᠯᠤᠯ᠎ᠤᠨ ᠮᠥᠩᠭᠥ ᠲᠠᠷᠬᠠᠭ᠋ᠠᠵᠤ᠂ ᠬᠠᠷᠢᠶ᠎ᠠ ᠨᠢᠬᠡᠴᠢ ᠪᠣᠯᠣᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠡᠷᠭᠡ᠎ᠳᠤ ᠲᠣᠬᠣᠨᠢᠭᠤᠯᠤᠯ᠎ᠤᠨ ᠪᠣᠳᠠᠰ ᠬᠦᠷᠭᠡᠬᠦ ᠵᠢᠨ ᠬᠠᠮᠲᠤ ᠴᠠᠭ᠋ᠠᠨ ᠰᠠᠷ᠎ᠠ ᠵᠢᠨ ᠢᠷᠦᠭᠡᠯ ᠳᠡᠪᠰᠢᠭᠦᠯᠵᠡᠢ᠃ ᠶᠠᠳᠠᠭᠤ ᠬᠦᠴᠢᠷᠳᠡᠯᠲᠡᠢ ᠣᠯᠠᠨ ᠲᠦᠮᠡᠨ ᠨᠡᠶ᠋ᠢᠲᠡ 715 ᠡᠷᠦᠬᠡ᠂ ᠶᠠᠳᠠᠭᠤ ᠬᠦᠴᠢᠷᠳᠡᠯᠲᠡᠢ ᠬᠡᠦᠬᠡᠳ 16 ᠬᠥᠮᠥᠨ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ 13 ᠬᠥᠮᠥᠨ᠂ ᠠᠵᠢᠯ᠎ᠠᠴᠠ᠎ᠪᠠᠨ ᠠᠮᠠᠷᠠᠭᠰᠠᠨ ᠺᠠᠳ᠋ᠷ 45 ᠬᠥᠮᠥᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ 3 ᠡᠷᠦᠬᠡ ᠵᠢ ᠲᠣᠬᠣᠨᠢᠭᠤᠯᠵᠤ᠂ ᠲᠣᠬᠣᠨᠢᠭᠤᠯᠬᠤ ᠮᠥᠩᠭᠥ᠂ ᠲᠣᠬᠣᠨᠢᠭᠤᠯᠬᠤ ᠪᠣᠳᠠᠰ᠎ᠢ ᠠᠷᠠᠳ᠎ᠤᠨ ᠵᠣᠭᠣᠰ ᠵᠶ᠋ᠠᠷ ᠨᠤᠭᠤᠯᠤᠨ ᠪᠤᠳᠤᠪᠠᠯ ᠨᠡᠶ᠋ᠢᠲᠡ 141.9 ᠲᠦᠮᠡᠨ ᠲᠥᠭᠥᠷᠢᠭ ᠲᠠᠷᠬᠠᠭ᠋ᠠᠭᠰᠠᠨ ᠪᠠᠢ᠌ᠨ᠎ᠠ᠃
ᠨᠠᠰᠤᠵᠢᠯ᠎ᠤᠨ ᠦᠢ᠍ᠯᠡᠴᠢᠯᠡᠭᠡ
2025 ᠣᠨ᠎ᠤ ᠴᠠᠭ᠋ᠠᠨ ᠰᠠᠷ᠎ᠠ ᠬᠥᠯᠥᠨ ᠪᠤᠢ᠍ᠢ᠍ᠷ ᠬᠤᠳᠠ ᠵᠢᠨ ᠡᠯ᠎ᠡ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ᠎ᠬᠢᠨ ᠪᠢᠲᠡᠭᠦᠨ᠎ᠤ ᠬᠣᠭᠣᠯᠠ ᠢᠳᠡᠬᠦ᠂ ᠪᠠᠩᠰᠢ ᠪᠠᠷᠢᠬᠤ᠂ ᠬᠣᠣᠰ ᠤᠶᠠᠩᠭ᠎ᠠ ᠨᠠᠭ᠋ᠠᠬᠤ ᠵᠡᠷᠬᠡ ᠰᠣᠨᠢᠷᠬᠠᠯᠲᠠᠢ ᠲᠣᠭᠯᠠᠭ᠋ᠠᠮ ᠵᠡᠷᠭᠡ ᠰᠢᠷᠢᠰ ᠠᠵᠢᠯᠯᠠᠭ᠎ᠠ ᠵᠢ ᠨᠢᠮᠪᠠᠢ ᠪᠡᠯᠡᠳᠬᠡᠵᠦ 4000 ᠭᠠᠷᠤᠢ ᠨᠠᠰᠤᠲᠠᠢ᠌ᠴᠤᠳ᠎ᠤᠨ ᠠᠰᠠᠷᠠᠮᠵᠢ ᠵᠢᠨ ᠬᠦᠷᠢᠶᠡᠯᠡᠩ᠎ᠤᠨ ᠶᠡᠬᠡ ᠭᠡᠷ ᠪᠦᠯᠢ᠎ᠳᠤ ᠰᠢᠨ᠎ᠡ ᠵᠢᠯ᠎ᠤᠨ ᠠᠭᠤᠷ ᠠᠮᠢᠰᠬᠤᠯ᠎ᠲᠠᠢ ᠦᠨᠦᠷ ᠠᠮᠲᠠᠲᠠᠢ ᠪᠠᠢ᠌ᠬᠤ ᠵᠢ ᠪᠠᠳᠤᠯᠠᠪᠠ᠃
ᠬᠡᠦᠬᠡᠳ᠎ᠤᠨ ᠠᠰᠠᠷᠠᠮᠵᠢ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 2 ᠳ᠋ᠤᠭ᠋ᠠᠷ ᠰᠠᠷ᠎ᠠ ᠵᠢᠨ 7᠎ᠳᠤ ᠪᠥᠬᠥ ᠬᠣᠲᠠ ᠵᠢᠨ ᠨᠡᠭᠦᠳᠡᠯ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠪᠠᠢ᠌ᠴᠠᠭ᠋ᠠᠬᠤ ᠠᠵᠢᠯ᠎ᠤᠨ ᠲᠣᠬᠢᠷᠠᠭᠤᠯᠤᠯᠲᠠ ᠵᠢᠨ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ᠄ 《ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢ ᠬᠠᠮᠳᠤ᠎ᠪᠠᠷ ᠡᠳ᠋ᠯᠡᠬᠦ ᠳᠦᠷᠢᠮ ᠪᠣᠯᠣᠨ ᠠᠵᠢᠯ᠎ᠤᠨ ᠲᠤᠰᠬᠠᠢ ᠠᠩᠭᠢ ᠵᠢ ᠪᠠᠢ᠌ᠭᠤᠯᠵᠤ᠂ ᠨᠡᠭᠦᠳᠡᠯ ᠬᠡᠦᠬᠡᠳ᠎ᠢ ᠬᠤᠳᠠ᠎ᠳᠤ ᠠᠭᠤᠰᠤᠯᠴᠠᠭᠤᠯᠬᠤ ᠲᠤᠷᠰᠢᠯᠲᠠ᠂ ᠨᠡᠭᠦᠳᠡᠯ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠲᠤᠷᠰᠢᠯᠲᠠ ᠵᠢ ᠪᠠᠶ᠋ᠢᠭᠤᠯᠬᠤ ᠠᠵᠢᠯ᠎ᠢ ᠠᠬᠢᠭᠤᠯᠵᠤ᠂ ᠨᠡᠭᠦᠳᠡᠯ ᠬᠡᠦᠬᠡᠳ᠎ᠤᠨ ᠰᠠᠭᠤᠭ᠎ᠠ ᠭᠠᠵᠠᠷ ᠬᠠᠯᠠᠮᠵᠢ ᠵᠢᠨ ᠦᠢ᠍ᠯᠡᠴᠢᠯᠡᠭᠡ ᠬᠦᠷᠳᠡᠬᠦ 25 ᠵᠤᠷᠪᠤᠰ ᠦᠢ᠍ᠯᠡᠴᠢᠯᠡᠭᠡᠨ᠎ᠤ ᠠᠷᠭ᠎ᠠ ᠵᠢᠨ ᠲᠣᠭᠣᠷᠢᠨ᠎ᠳᠤ ᠪᠣᠳᠠᠲᠠᠢ ᠨᠠᠢ᠌ᠳᠠᠪᠤᠷᠢᠵᠢᠭᠤᠯᠬᠤ ᠠᠷᠭ᠎ᠠ ᠲᠣᠭᠲᠠᠭ᠋ᠠᠵᠤ ᠨᠡᠭᠦᠳᠡᠯ ᠬᠡᠦᠬᠡᠳ᠎ᠢ ᠬᠠᠯᠠᠮᠵᠢᠯᠠᠬᠤ ᠦᠢ᠍ᠯᠡᠴᠢᠯᠡᠭᠡᠨ᠎ᠤ ᠬᠤᠭᠤᠰᠤᠨ᠎ᠢ ᠨᠦᠬᠦᠪᠤᠷᠢᠯᠡᠪᠡ᠃