ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.10 2.13
ᠨᠡᠶᠢᠲᠡᠯᠡᠭᠰᠡᠨ ᠴᠠᠭ᠄ 2025-02-13

ᠠᠷᠠᠳ᠎ᠤᠨ ᠶᠠᠪᠤᠳᠠᠯ᠎ᠤᠨ ᠶᠠᠮᠤᠨ


   ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠲᠡᠮᠦᠷ ᠵᠠᠮ᠎ᠤᠨ ᠪᠦᠯᠦᠭᠯᠡᠯ ᠵᠡᠷᠭᠡ 9 ᠨᠢᠬᠡᠴᠢ ᠵᠢᠨ᠎ᠬᠢᠨ ᠤᠷᠴᠢᠮ᠎ᠳᠤ 《ᠪᠤᠭᠤᠷᠤᠯᠴᠤᠳ᠎ᠤᠨ ᠵᠢᠭᠤᠯᠴᠢᠯᠠᠯ᠎ᠤᠨ ᠴᠤᠪᠤᠭ᠎ᠠ ᠲᠡᠷᠭᠡ ᠵᠢ ᠨᠡᠮᠡᠨ ᠨᠡᠭᠡᠭᠡᠵᠦ ᠦᠢ᠍ᠯᠡᠴᠢᠯᠡᠭᠡᠨ᠎ᠤ ᠬᠡᠷᠡᠭᠯᠡᠭᠡ ᠵᠢᠨ ᠬᠥᠭᠵᠢᠯᠲᠡ ᠵᠢ ᠠᠬᠢᠭᠤᠯᠬᠤ ᠲᠤᠬᠠᠢ ᠠᠵᠢᠯᠯᠠᠭ᠋ᠠᠨ᠎ᠤ ᠲᠥᠯᠥᠪᠯᠡᠭᠡ》 ᠵᠢ ᠬᠠᠮᠳᠤ᠎ᠪᠠᠷ ᠳᠠᠷᠤᠮᠠᠯᠯᠠᠨ ᠲᠠᠷᠬᠠᠭ᠋ᠠᠵᠤ᠂ ᠪᠤᠭᠤᠷᠤᠯᠴᠤᠳ᠎ᠤᠨ ᠵᠢᠭᠤᠯᠴᠢᠯᠠᠯ᠎ᠤᠨ ᠴᠤᠪᠤᠭ᠎ᠠ ᠲᠡᠷᠭᠡ ᠵᠢᠨ ᠦᠢ᠍ᠯᠡᠴᠢᠯᠡᠭᠡ ᠬᠠᠩᠭ᠋ᠠᠯᠭ᠎ᠠ ᠵᠢ ᠨᠡᠮᠡᠭᠳᠡᠭᠦᠯᠬᠦ᠂ ᠨᠠᠰᠤᠵᠢᠯᠳᠠ᠎ᠳᠤ ᠲᠣᠬᠢᠷᠠᠬᠤ ᠲᠥᠬᠦᠭᠡᠷᠦᠮᠵᠢ ᠵᠢᠨ ᠪᠠᠲᠤᠯᠠᠭ᠎ᠠ ᠵᠢ ᠴᠢᠩᠭ᠋ᠠᠳᠬᠠᠬᠤ᠂ ᠪᠤᠭᠤᠷᠤᠯᠴᠤᠳ᠎ᠤᠨ ᠵᠢᠭᠤᠯᠴᠢᠯᠠᠯ᠎ᠤᠨ ᠴᠤᠪᠤᠭ᠎ᠠ ᠲᠡᠷᠭᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ᠂ ᠪᠤᠭᠤᠷᠤᠯᠴᠤᠳ᠎ᠤᠨ ᠵᠢᠭᠤᠯᠴᠢᠯᠠᠯ᠎ᠤᠨ ᠴᠤᠪᠤᠭ᠎ᠠ ᠲᠡᠷᠭᠡ ᠵᠢᠨ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠡᠷᠭᠡ ᠲᠠᠯ᠎ᠠ᠎ᠪᠠᠷ 12 ᠪᠣᠳᠠᠲᠠᠢ ᠠᠷᠭ᠎ᠠ  ᠵᠢ ᠳᠤᠷᠠᠳᠪᠠ᠃
 
ᠨᠡᠢ᠌ᠭᠡᠮ᠎ᠤᠨ ᠲᠤᠰᠠᠯᠠᠮᠵᠢ


     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠲᠣᠭ᠋ᠠᠴᠢᠯᠠᠭᠰᠠᠨ ᠡᠨᠧᠷᠭᠢ ᠣᠯᠭᠣᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠷᠣᠯᠭ᠎ᠠ ᠪᠠᠭ᠎ᠠ ᠬᠦᠮᠦᠰ᠎ᠤᠨ ᠬᠥᠳᠡᠯᠦᠩᠭᠦᠢ ᠬᠢᠨᠠᠬᠤ ᠮᠡᠳᠡᠭᠡ ᠵᠠᠩᠭᠢ ᠵᠢᠨ ᠳᠠᠬᠢᠨ ᠶᠠᠳᠠᠭᠤᠷᠠᠬᠤ᠎ᠠᠴᠠ ᠰᠡᠷᠬᠡᠢ᠌ᠯᠡᠬᠦ ᠬᠢᠨᠠᠯᠳᠠ᠎ᠳᠤ ᠪᠠᠢ᠌ᠭ᠎ᠠ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠳᠡᠭᠴᠢ᠂ ᠣᠨᠴᠠ ᠬᠦᠴᠢᠷᠳᠡᠯ᠎ᠲᠠᠢ ᠬᠥᠮᠥᠰ᠎ᠢ ᠲᠤᠰᠠᠯᠠᠵᠤ ᠠᠰᠠᠷᠠᠨ ᠲᠡᠵᠢᠭᠡᠬᠦ ᠨᠥᠬᠥᠴᠡᠯ᠎ᠳᠤ ᠨᠡᠢ᠌ᠴᠡᠬᠦ ᠦᠭᠡᠢ ᠭᠤᠶᠤᠴᠢᠯᠠᠭᠰᠠᠳ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠎ᠠᠴᠠ ᠭᠠᠷᠭ᠋ᠠᠬᠤ᠂ ᠣᠨᠴᠠ ᠬᠦᠴᠢᠷᠳᠡᠯᠲᠡᠢ᠎ᠠᠴᠠ ᠪᠤᠯᠤᠭ᠋ᠠᠳ  ᠲᠤᠰᠠᠯᠠᠮᠵᠢ ᠬᠦᠷᠳᠡᠬᠡᠳ ᠬᠣᠶᠠᠷ ᠵᠢᠯ ᠪᠣᠯᠣᠭ᠋ᠠᠳᠤᠢ ᠬᠦᠮᠦᠰ ᠪᠠ ᠡᠨᠡ ᠨᠢᠭᠡ ᠵᠢᠯ᠎ᠳᠤ ᠪᠠᠴᠢᠮ ᠬᠦᠴᠢᠷᠲᠡᠢ᠎ᠠᠴᠠ ᠪᠤᠯᠤᠭ᠋ᠠᠳ  ᠲᠦᠷ ᠴᠠᠭ᠎ᠤᠨ ᠲᠤᠰᠠᠯᠠᠮᠵᠢ ᠬᠦᠷᠳᠡᠭᠰᠡᠳ ᠵᠡᠷᠭᠡ ᠪᠤᠰᠤᠳ ᠬᠦᠴᠢᠷᠳᠡᠯᠲᠡᠢ ᠬᠥᠮᠥᠰ᠎ᠤᠨ ᠲᠣᠭ᠎ᠠ ᠪᠠᠷᠢᠮᠲᠠ ᠵᠢ ᠪᠦᠬᠦᠨ᠎ᠢ ᠣᠷᠣᠯᠭ᠎ᠠ  ᠪᠠᠭ᠎ᠠ ᠬᠦᠮᠦᠰ᠎ᠤᠨ ᠬᠥᠳᠡᠯᠦᠩᠭᠦᠢ ᠬᠢᠨᠠᠯᠳᠠ ᠵᠢᠨ ᠮᠡᠳᠡᠭᠡ ᠵᠠᠩᠭᠢ ᠵᠢᠨ ᠲᠠᠪᠴᠠᠩ᠎ᠳᠤ ᠣᠷᠣᠭᠤᠯᠵᠤ᠂ ᠱᠠᠲᠤ ᠬᠤᠪᠢᠶᠠᠨ ᠬᠠᠮᠢᠶᠠᠷᠬᠤ᠂ ᠬᠥᠳᠡᠯᠦᠩᠭᠦᠢ ᠬᠢᠨᠠᠨ ᠬᠡᠮᠵᠢᠯᠲᠡ ᠵᠢ ᠴᠢᠡᠭᠭ᠋ᠠᠷᠠᠭᠤᠯᠪᠠ᠃
     ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠢᠨᠠᠨ ᠬᠠᠮᠢᠶᠠᠷᠬᠤ ᠠᠷᠭ᠎ᠠ᠎ᠪᠠᠨ ᠴᠢᠩᠭ᠋ᠠᠳᠬᠠᠵᠤ᠂ ᠣᠢ᠌ᠷ᠎ᠠ ᠲᠥᠷᠥᠯ ᠰᠠᠳᠤᠨ ᠵᠶ᠋ᠠᠨ ᠳᠠᠩᠰᠠᠯᠠᠭᠤᠯᠬᠤ ᠳᠦᠷᠢᠮ᠎ᠢ ᠨᠠᠢ᠌ᠳᠠᠪᠤᠷᠢᠵᠢᠭᠤᠯᠵᠤ᠂ ᠨᠢᠭᠡᠨᠲᠡ ᠭᠥᠯᠢᠶᠡᠨ ᠠᠪᠴᠤ ᠰᠢᠢ᠍ᠳᠪᠦᠷᠢᠯᠡᠭᠰᠡᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠭᠡᠷ ᠪᠦᠯᠢ ᠵᠢᠨ ᠭᠤᠶᠤᠴᠢᠯᠠᠯ᠎ᠳᠤ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠭᠤᠶᠤᠴᠢᠯᠠᠭᠴᠢ ᠪᠠ ᠬᠠᠮᠲᠤ ᠠᠮᠢᠳᠤᠷᠠᠵᠤ ᠪᠠᠢ᠌ᠭ᠎ᠠ ᠭᠡᠷ ᠪᠦᠯᠢ ᠵᠢᠨ ᠪᠦᠷᠢᠯᠳᠦᠭᠦᠨ᠎ᠨᠢ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠭᠠᠷᠲᠠᠨ ᠭᠦᠢ᠍ᠴᠡᠳᠬᠡᠬᠦ ᠠᠵᠢᠯᠲᠠᠨ ᠪᠤᠶᠤ ᠭᠠᠴᠠᠭ᠎ᠠ ᠲᠣᠰᠬᠣᠨ (ᠰᠠᠭᠤᠭ᠋ᠠᠯᠢ) ᠠᠷᠠᠳ᠎ᠤᠨ ᠵᠥᠪᠯᠡᠯ᠎ᠤᠨ ᠪᠦᠷᠢᠯᠳᠦᠭᠦᠨ᠎ᠯᠦᠭᠡ ᠣᠢ᠌ᠷ᠎ᠠ ᠲᠥᠷᠥᠯ ᠰᠠᠳᠤᠨ᠎ᠤ ᠬᠠᠷᠢᠴᠠᠭ᠎ᠠ᠎ᠲᠠᠢ ᠪᠤᠯ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠲᠤᠰᠠᠭ᠋ᠠᠷ ᠪᠦᠷᠢᠳᠬᠡᠨ ᠲᠠᠡᠭᠰᠠᠯᠠᠪᠠ᠃ ᠣᠲᠣ ᠪᠣᠯᠲᠠᠯ᠎ᠠ  ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ 19 ᠡᠷᠦᠬᠡ ᠭᠡᠷ ᠪᠦᠯᠢ ᠵᠢᠨ ᠣᠢ᠌ᠷ᠎ᠠ ᠲᠥᠷᠥᠯ ᠰᠠᠳᠤᠨ᠎ᠤ ᠳᠠᠩᠰᠠᠯᠠᠯᠲᠠ ᠵᠢ ᠪᠡᠶᠡᠯᠡᠭᠦᠯᠵᠡᠢ᠃


ᠣᠷᠣᠨ ᠬᠤᠪᠢᠶᠠᠷᠢᠯᠠᠯ ᠭᠠᠵᠠᠷ᠎ᠤᠨ ᠨᠡᠷᠡᠰ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠪᠥᠬᠥ ᠬᠣᠲᠠ ᠵᠢᠨ ᠵᠠᠮ᠎ᠤᠨ ᠮᠡᠳᠡᠭᠡ ᠵᠠᠩᠭᠢ ᠵᠢᠨ ᠰᠢᠨᠡᠴᠢᠯᠡᠯᠲᠡ ᠵᠢ ᠬᠢᠨᠠᠨ ᠵᠥᠪᠰᠢᠶᠡᠷᠡᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠵᠦ᠂ 10 ᠬᠣᠰᠢᠭᠤ ᠰᠢᠶᠠᠨ ᠲᠣᠭᠣᠷᠢᠭ᠎ᠢ ᠵᠣᠬᠢᠶᠠᠨ ᠪᠠᠢ᠌ᠭᠤᠯᠤᠨ ᠲᠤᠬᠠᠢ ᠵᠢᠨ ᠭᠠᠵᠠᠷ᠎ᠲᠤ᠎ᠨᠢ ᠣᠲᠣ ᠵᠢᠨ ᠪᠠᠢ᠌ᠭ᠎ᠠ ᠲᠠᠩᠰᠠ ᠡᠪᠬᠡᠮᠡᠯ᠎ᠤᠨ ᠮᠠᠲ᠋ᠧᠷᠢᠶᠠᠯ᠎ᠢ ᠬᠠᠢ᠌ᠨ ᠪᠠᠢ᠌ᠴᠠᠭ᠋ᠠᠬᠤ᠂ ᠬᠠᠷᠢᠴᠠᠭᠤᠯᠬᠤ ᠪᠠ ᠤᠯᠤᠰ᠎ᠤᠨ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠵᠢᠨ ᠬᠥᠮᠥᠷᠭᠡ ᠵᠢᠨ ᠲᠣᠭ᠎ᠠ ᠪᠠᠷᠢᠮᠲᠠ ᠵᠢ ᠰᠣᠯᠪᠢᠴᠠᠭᠤᠯᠤᠨ ᠬᠠᠷᠢᠴᠠᠭᠤᠯᠬᠤ᠎ᠪᠠᠷ ᠳᠠᠮᠵᠢᠭᠤᠯᠤᠨ ᠲᠣᠰ ᠬᠠᠷᠢᠶ᠎ᠠ ᠣᠷᠣᠨ᠎ᠤ᠎ᠪᠠᠨ ᠵᠠᠮ᠎ᠤᠨ ᠨᠡᠷᠡᠢ᠌ᠳᠦᠯ᠂ ᠤᠳᠬ᠎ᠠ ᠰᠠᠨᠠᠭ᠎ᠠ᠂ ᠡᠬᠢᠯᠡᠯᠲᠡ ᠵᠢᠨ ᠴᠡᠭ᠂ ᠴᠢᠭᠯᠡᠯ᠎ᠤᠨ ᠬᠡᠮᠵᠢᠶ᠎ᠡ᠂ ᠤᠷᠲᠤ ᠵᠢᠨ ᠬᠡᠮᠵᠢᠶ᠎ᠡ ᠵᠡᠷᠭᠡ ᠰᠠᠭᠤᠷᠢ ᠲᠣᠭ᠎ᠠ ᠪᠠᠷᠢᠮᠲᠠ ᠵᠢ ᠵᠦᠢ᠍ᠯ ᠳᠠᠷᠠᠭ᠋ᠠᠯᠠᠨ ᠬᠠᠷᠭᠤᠭᠤᠯᠪᠠ᠃ ᠰᠠᠷ᠎ᠠ ᠭᠠᠷᠤᠢ ᠵᠢᠨ ᠬᠤᠭᠤᠴᠠᠭ᠋ᠠᠨ᠎ᠳᠤ ᠴᠢᠩᠭ᠎ᠠ ᠨᠢᠮᠪᠠᠢ ᠬᠢᠨᠠᠨ ᠰᠢᠯᠭ᠋ᠠᠬᠤ᠎ᠪᠠᠷ ᠳᠡᠮᠵᠢᠨ᠂ ᠪᠥᠬᠥ ᠬᠣᠲᠠ ᠵᠢᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠵᠡᠷᠭᠡ 799 ᠵᠤᠷᠪᠤᠰ ᠵᠠᠮ᠎ᠢ ᠬᠢᠨᠠᠨ ᠵᠥᠪᠰᠢᠶᠡᠷᠡᠵᠦ᠂ 《ᠨᠢᠭᠡ ᠵᠠᠮ ᠨᠢᠭᠡ ᠡᠪᠬᠡᠮᠡᠯ》᠎ᠤᠨ ᠪᠥᠬᠥ ᠬᠣᠲᠠ ᠵᠢᠨ ᠵᠠᠮ᠎ᠤᠨ ᠮᠡᠳᠡᠭᠡ ᠵᠠᠩᠭᠢ ᠵᠢᠨ ᠬᠥᠮᠥᠷᠭᠡ ᠵᠢ ᠪᠠᠢ᠌ᠭᠤᠯᠤᠨ ᠲᠣᠭ᠎ᠠ ᠪᠦᠷᠢᠳᠬᠡᠯ᠎ᠢ ᠲᠣᠳᠣᠷᠬᠠᠢ᠂ ᠪᠠᠢ᠌ᠳᠠᠯ᠎ᠢ ᠲᠣᠳᠣᠷᠬᠠᠢ᠂ ᠲᠣᠭ᠎ᠠ ᠪᠠᠷᠢᠮᠲᠠ ᠵᠢ ᠣᠨᠣᠪᠴᠢᠲᠠᠶ ᠬᠢᠵᠦ᠂ ᠬᠣᠢ᠌ᠰᠢᠳᠠ ᠵᠠᠮ᠎ᠤᠨ ᠮᠡᠳᠡᠭᠡ ᠵᠠᠡᠭᠭᠢ ᠵᠢ ᠪᠠᠢ᠌ᠴᠠᠭ᠋ᠠᠬᠤ᠂ ᠭᠠᠵᠠᠷ᠎ᠤᠨ ᠵᠢᠷᠤᠭ ᠵᠢᠷᠤᠬᠤ ᠪᠠ ᠵᠠᠮ᠎ᠤᠨ ᠲᠥᠯᠦᠪᠵᠢᠭᠦᠯᠭᠡ ᠵᠢ ᠲᠣᠭᠲᠠᠭ᠋ᠠᠬᠤ ᠵᠡᠷᠭᠡ ᠠᠵᠢᠯ᠎ᠳᠤ ᠪᠠᠲᠤ  ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃


ᠬᠡᠦᠬᠡᠳ᠎ᠤᠨ ᠠᠰᠠᠷᠠᠮᠵᠢ


     ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠪᠥᠬᠥ ᠬᠣᠲᠠ ᠵᠢᠨ ᠨᠡᠭᠦᠳᠡᠯ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠪᠠᠢ᠌ᠴᠠᠭ᠋ᠠᠵᠤ ᠬᠢᠨᠠᠬᠤ ᠠᠵᠢᠯ᠎ᠢ ᠱᠠᠯᠠᠪᠳᠠᠨ ᠠᠬᠢᠭᠤᠯᠬᠤ᠎ᠳᠤ᠎ᠪᠠᠨ ᠬᠣᠰᠢᠭᠤ ᠬᠣᠲᠠ ᠲᠣᠭᠣᠷᠢᠭ᠎ᠤᠨ ᠬᠢᠨᠠᠨ ᠬᠡᠮᠵᠢᠵᠦ ᠣᠢ᠌ᠯᠠᠭ᠋ᠠᠨ ᠪᠠᠢ᠌ᠴᠠᠭ᠋ᠠᠵᠤ ᠲᠣᠬᠢᠷᠠᠭᠤᠯᠬᠤ ᠬᠤᠷᠠᠯ ᠂ ᠬᠣᠲᠠ ᠵᠢᠨ ᠰᠤᠷᠭ᠋ᠠᠨ ᠬᠥᠮᠦᠵᠢᠯ᠎ᠤᠨ ᠲᠣᠪᠴᠢᠶ᠎ᠠ᠂ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠺᠣᠮᠢᠰ ᠵᠡᠷᠭᠡ 9 ᠰᠠᠯᠠᠭ᠎ᠠ ᠮᠥᠴᠢᠷ᠎ᠤᠨ ᠬᠢᠨᠠᠨ ᠬᠡᠮᠵᠢᠬᠦ ᠪᠠ ᠪᠠᠢ᠌ᠴᠠᠭ᠋ᠠᠵᠤ ᠲᠣᠬᠢᠷᠠᠭᠤᠯᠬᠤ ᠬᠤᠷᠠᠯ ᠵᠡᠷᠬᠡ ᠵᠢ ᠬᠤᠷᠠᠯᠳᠤᠭᠤᠯᠤᠬᠰᠠᠨ᠎ᠤ ᠬᠠᠮᠲᠤ ᠬᠠᠢ᠌ᠯᠠᠷ ᠲᠣᠭᠣᠷᠢᠭ᠎ᠤᠨ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠂ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠭᠡᠷ᠎ᠲᠤ ᠎ᠨᠢ ᠬᠦᠷᠴᠤ ᠪᠠᠢ᠌ᠴᠠᠭ᠋ᠠᠭ᠋ᠠᠳ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠨ᠂ ᠬᠠᠯᠠᠮᠵᠢᠯᠠᠬᠤ ᠦᠢ᠍ᠯᠡᠴᠢᠯᠡᠭᠡᠨ᠎ᠤ  ᠠᠵᠢᠯ᠎ᠢ ᠭᠦᠨᠵᠡᠭᠡᠢ ᠠᠬᠢᠭᠤᠯᠪᠠ᠃


 



  

  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠡᠭᠭᠢᠮ᠎ᠤᠨ᠎ᠬᠢᠨ ᠺᠠᠳ᠋ᠷᠴᠤᠳ᠎ᠤᠨ ᠡᠷᠡᠬᠦᠯ ᠮᠡᠨᠳᠤ ᠵᠢᠨ ᠬᠢᠴᠢᠶᠡᠯ ᠤᠷᠤᠪᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.20
 
            