ᠶᠡᠷᠤᠡᠭᠭᠡᠢ᠌ᠯᠡᠭᠰᠡᠨ ᠠᠵᠢᠯ
ᠪᠤᠭᠤᠲᠤ ᠬᠤᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠲᠦᠷᠦ ᠵᠢᠨ ᠪᠣᠳᠣᠯᠭ᠎ᠠ ᠵᠢ ᠤᠷᠢᠳ ᠵᠶ᠋ᠡᠷ ᠬᠡᠷᠡᠭᠵᠢᠭᠦᠯᠬᠦ᠂ ᠲᠦᠷᠦᠯ ᠵᠦᠢ᠍ᠯ᠎ᠢ ᠤᠷᠢᠳ ᠵᠶ᠋ᠡᠷ ᠬᠡᠷᠡᠭᠵᠢᠭᠦᠯᠬᠦ᠂ ᠠᠷᠭ᠎ᠠ ᠵᠢ ᠤᠷᠢᠳ ᠵᠶ᠋ᠡᠷ ᠨᠠᠢ᠌ᠳᠠᠪᠤᠷᠢᠵᠢᠭᠤᠯᠬᠤ ᠠᠵᠢᠯ᠎ᠢ ᠢᠳᠡᠪᠬᠢᠲᠡᠢ ᠠᠬᠢᠭᠤᠯᠤᠭ᠋ᠠᠳ ᠨᠢᠭᠡᠳᠦᠭᠡᠷ ᠤᠯᠠᠷᠢᠯ᠎ᠤᠨ 《ᠰᠠᠢ᠌ᠨ ᠡᠬᠢᠯᠡᠯᠲᠡ》 ᠵᠢ ᠣᠯᠬᠤ᠎ᠪᠠᠷ ᠴᠢᠷᠮᠠᠢ᠌ᠨ ᠡᠷᠡᠮᠴᠡᠪᠡ᠃ ᠣᠲᠣ ᠪᠣᠯᠲᠠᠯ᠎ᠠ ᠠᠷᠠᠳ᠎ᠤᠨ ᠠᠮᠢᠳᠤᠷᠠᠯ᠎ᠤᠨ ᠡᠯ᠎ᠡ ᠲᠥᠷᠥᠯ᠎ᠤᠨ ᠪᠡᠯᠡ ᠮᠥᠩᠭᠥ ᠵᠢ 3.93 ᠳ᠋ᠦᠩᠰᠢᠭᠤᠷ ᠲᠥᠭᠥᠷᠢᠭ ᠴᠢᠷᠮᠠᠢ᠌ᠨ ᠣᠯᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 0.92 ᠳ᠋ᠦᠩᠰᠢᠭᠤᠷ ᠲᠥᠭᠥᠷᠢᠭ ᠨᠡᠮᠡᠭᠳᠡᠪᠡ᠃ ᠨᠠᠰᠤᠵᠢᠯ᠎ᠤᠨ ᠠᠰᠠᠷᠠᠮᠵᠢ ᠵᠢᠨ ᠬᠦᠷᠢᠶᠡᠨ᠎ᠤ ᠭᠣᠣᠯᠳᠠᠯᠭ᠎ᠠ᠎ᠲᠠᠢ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠭ᠋ᠠᠳ ᠨᠢᠳᠤᠨᠤᠨ 27 ᠪᠠᠢ᠌ᠭᠰᠠᠨ᠎ᠠᠴᠠ 35 ᠪᠤᠯᠵᠤ 30%᠎ᠪᠠᠷ ᠨᠡᠮᠡᠭᠳᠡᠪᠡ᠂ ᠲᠦᠷᠦᠯ ᠵᠦᠢ᠍ᠯ᠎ᠨᠢ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠪᠦᠲᠦᠭᠡᠨ ᠪᠠᠢ᠌ᠭᠤᠯᠤᠯᠲᠠ᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠲᠡᠭᠦᠯᠳᠡᠷᠵᠢᠯ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢᠵᠢᠯᠲᠠ ᠵᠢᠨ ᠳᠡᠭᠡᠭᠰᠢᠯᠡᠯᠲᠡ ᠵᠡᠷᠭᠡ ᠤᠯᠠᠨ ᠲᠠᠯ᠎ᠠ ᠵᠢ ᠬᠠᠮᠤᠷᠴᠤ ᠪᠦᠬᠦ ᠬᠤᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠪᠦᠲᠦᠴᠡ ᠵᠢ ᠴᠢᠨᠠᠭᠰᠢᠳᠠ ᠰᠢᠯᠢᠳᠡᠭᠵᠢᠭᠦᠯᠵᠦ ᠨᠠᠰᠤᠵᠢᠯ᠎ᠤᠨ ᠠᠰᠠᠷᠠᠮᠵᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠪᠠᠲᠤ ᠰᠠᠭᠤᠷᠢ ᠲᠠᠯᠪᠢᠵᠤ ᠥᠭᠬᠦ ᠪᠣᠯᠣᠨ᠎ᠠ᠃
ᠨᠡᠢ᠌ᠭᠡᠮ᠎ᠤᠨ ᠲᠤᠰᠠᠯᠠᠮᠵᠢ
ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠎ᠢ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠤᠰᠠᠯᠠᠬᠤ ᠵᠡᠷᠭᠡ ᠨᠡᠢ᠌ᠭᠡᠮ᠎ᠤᠨ ᠲᠤᠰᠠᠯᠠᠮᠵᠢ ᠵᠢᠨ ᠵᠦᠢ᠍ᠯᠡᠰ᠎ᠤᠨ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠢ ᠡᠮᠬᠢᠯᠡᠨ ᠨᠡᠢ᠌ᠳᠡᠯᠡᠭᠰᠡᠨ᠎ᠤ ᠬᠠᠮᠲᠤ ᠭᠤᠶᠤᠴᠢᠯᠠᠬᠤ ᠨᠥᠬᠥᠴᠡᠯ᠂ ᠭᠤᠶᠤᠴᠢᠯᠠᠬᠤ ᠠᠷᠭ᠎ᠠ᠂ ᠭᠤᠶᠤᠴᠢᠯᠠᠬᠤ ᠮᠠᠲ᠋ᠧᠷᠢᠶᠠᠯ᠂ ᠭᠤᠶᠤᠴᠢᠯᠠᠬᠤ ᠶᠠᠪᠤᠴᠠ᠂ ᠨᠡᠢ᠌ᠭᠡᠮ᠎ᠤᠨ ᠲᠤᠰᠠᠯᠠᠮᠵᠢ ᠵᠢᠨ ᠦᠢ᠍ᠯᠡᠴᠢᠯᠡᠭᠡᠨ᠎ᠤ ᠪᠠᠢ᠌ᠡᠭᠭᠤ ᠵᠢᠨ ᠤᠲᠠᠰᠤ ᠵᠡᠷᠭᠡ ᠠᠭᠤᠯᠭ᠎ᠠ ᠵᠢ ᠪᠠᠭᠲᠠᠭ᠋ᠠᠵᠤ᠂ ᠬᠦᠴᠢᠷᠳᠡᠯᠲᠡᠢ ᠣᠯᠠᠨ ᠲᠦᠮᠡᠨ᠎ᠤ ᠨᠡᠢ᠌ᠭᠡᠮ᠎ᠤᠨ ᠲᠤᠰᠠᠯᠠᠮᠵᠢ ᠵᠢ ᠭᠤᠶᠤᠴᠢᠯᠠᠬᠤ᠎ᠳᠤ ᠲᠥᠬᠥᠮ ᠦᠵᠡᠭᠦᠯᠵᠦ᠂ ᠣᠯᠠᠨ ᠲᠦᠮᠡᠨ᠎ᠳᠤ ᠲᠥᠷᠥ ᠵᠢᠨ ᠪᠣᠳᠣᠯᠭ᠎ᠠ ᠵᠢ ᠨᠡᠡᠭ ᠰᠠᠢ᠌ᠳᠤᠷ ᠤᠢ᠌ᠯᠠᠭ᠋ᠠᠭᠤᠯᠤᠬᠰᠠᠨ ᠪᠦᠬᠡᠳ ᠤᠯᠠᠮ ᠬᠠᠨᠤᠮᠵᠢᠳᠠᠢ ᠪᠤᠯᠭ᠋ᠠᠪᠠ᠃
ᠣᠷᠣᠨ ᠬᠤᠪᠢᠶᠠᠷᠢᠯᠠᠯ ᠭᠠᠵᠠᠷ᠎ᠤᠨ ᠨᠡᠷᠡᠰ
ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠭᠠᠵᠠᠷ᠎ᠤᠨ ᠨᠡᠷᠡᠰ᠎ᠢ ᠳᠠᠩᠰᠠᠯᠠᠬᠤ ᠠᠯᠪᠠᠨ ᠵᠠᠷ᠎ᠤᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠵᠤ᠂ ᠠᠵᠢᠯ᠎ᠤᠨ ᠶᠠᠪᠤᠴᠨ ᠵᠢ ᠵᠢᠷᠤᠮᠵᠢᠭᠤᠯᠤᠭ᠋ᠠᠳ 2025 ᠣᠨ᠎ᠤ 2 ᠳ᠋ᠤᠭ᠋ᠠᠷ ᠰᠠᠷ᠎ᠠ ᠪᠣᠯᠲᠠᠯ᠎ᠠ ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ᠎ᠳᠤ 49 ᠭᠠᠵᠠᠷ᠎ᠤᠨ ᠨᠡᠷᠡᠰ᠎ᠢ ᠳᠠᠩᠰᠠᠯᠠᠭᠤᠯᠵᠤ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠵᠶ᠋ᠡᠷ ᠳᠠᠮᠵᠢᠭᠤᠯᠤᠨ 229 ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠤᠬᠰᠠᠨᠤ ᠲᠤᠳᠤᠷ᠎ᠠ ᠰᠠᠭᠤᠭ᠋ᠠᠯᠢ ᠠᠷᠠᠳ᠎ᠤᠨ ᠴᠡᠭ 169᠂ ᠵᠡᠭᠡᠯᠢ ᠭᠤᠳᠤᠮᠵᠢ 51᠂ ᠬᠥᠭᠥᠷᠭᠡ 9 ᠪᠠᠭᠲᠠᠨ᠎ᠠ᠃
ᠨᠠᠰᠤᠵᠢᠯ᠎ᠤᠨ ᠦᠢ᠍ᠯᠡᠴᠢᠯᠡᠭᠡ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠣᠯᠠᠨ ᠡᠰᠢᠲᠦ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠬᠠᠩᠭ᠋ᠠᠵᠤ᠂ ᠭᠡᠷ᠎ᠲᠤ᠎ᠪᠠᠨ ᠰᠠᠭᠤᠵᠤ ᠪᠠᠢ᠌ᠭ᠎ᠠ ᠨᠠᠰᠤᠲᠠᠢ᠌ᠴᠤᠳ᠎ᠢ ᠠᠰᠠᠷᠠᠬᠤ ᠦᠢ᠍ᠯᠡᠴᠢᠯᠡᠭᠡᠨ ᠬᠦᠷᠳᠡᠭᠰᠡᠳ᠎ᠲᠤ 《ᠵᠠᠬᠢᠶᠠᠯᠠᠭ᠎ᠠ ᠵᠢᠨ ᠬᠠᠭᠤᠳᠠᠰᠤ》᠂ ᠪᠠᠢ᠌ᠭᠤᠯᠤᠮᠵᠢ ᠵᠢᠨ 《ᠵᠠᠬᠢᠶᠠᠯᠠᠭ᠎ᠠ ᠵᠢᠨ ᠬᠠᠭᠤᠳᠠᠰᠤ》᠂ ᠠᠰᠠᠷᠠᠭᠴᠢ ᠵᠢᠨ 《ᠵᠠᠬᠢᠶᠠᠯᠠᠭ᠎ᠠ ᠵᠢᠨ ᠬᠠᠭᠤᠳᠠᠰᠤ》᠂ ᠨᠡᠢ᠌ᠭᠡᠮ᠎ᠤᠨ 《ᠵᠠᠬᠢᠶᠠᠯᠠᠭ᠎ᠠ ᠵᠢᠨ ᠬᠠᠭᠤᠳᠠᠰᠤ》 ᠵᠢᠨ ᠠᠵᠢᠯᠯᠠᠭ᠋ᠠᠨ᠎ᠤ ᠲᠣᠭᠲᠠᠴᠠ ᠵᠢ ᠪᠠᠢ᠌ᠭᠤᠯᠵᠤ᠂ ᠣᠶᠤᠨᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠠᠪᠴᠠᠩ ᠵᠶ᠋ᠠᠷ ᠳᠠᠮᠵᠢᠭᠤᠯᠤᠨ᠂ ᠪᠥᠬᠥ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠡᠬᠢ ᠪᠠᠶᠠᠯᠢᠭ᠎ᠢ ᠡᠮᠬᠢᠯᠡᠬᠡᠳ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠴᠠᠭ ᠲᠤᠬᠠᠢᠳᠤᠨᠢ ᠬᠣᠯᠪᠤᠭ᠋ᠠᠯᠠᠨ ᠬᠥᠳᠡᠯᠦᠯᠴᠡᠬᠦ ᠪᠤᠯᠭ᠋ᠠᠭ᠋ᠠᠳ ᠲᠠᠪᠴᠠᠩ᠎ᠨᠢ ᠬᠥᠳᠡᠭᠡ ᠲᠣᠰᠬᠣᠨ᠎ᠤ ᠬᠡᠷ᠎ᠤᠨ ᠮᠤᠬᠤᠷ ᠰᠠᠬᠢᠬᠰᠠᠨ 2.9 ᠲᠦᠮᠡᠨ ᠨᠠᠰᠤᠳᠠᠢ᠌ᠴᠤᠳ ᠪᠠ ᠭᠡᠷ᠎ᠲᠤ᠎ᠪᠠᠨ ᠬᠣᠴᠣᠷᠤᠭᠰᠠᠨ ᠨᠠᠰᠤᠳᠠᠳ ᠪᠦᠬᠦᠢ ᠭᠡᠷ ᠪᠦᠯᠢ᠎ᠳᠤ ᠤᠬᠢᠶᠠᠯᠭ᠎ᠠ᠂ ᠴᠡᠪᠡᠷᠯᠡᠭᠡ᠂ ᠬᠤᠳᠠᠯᠳᠤᠨ ᠠᠪᠬᠤ᠎ᠳᠤ ᠲᠤᠰᠠᠯᠠᠬᠤ᠂ ᠵᠤᠭ᠎ᠠ ᠴᠡᠡᠭᠭᠡᠬᠦᠨᠳᠤ ᠲᠤᠰᠠᠯᠠᠬᠤ ᠵᠡᠷᠭᠡ ᠨᠠᠰᠤᠵᠢᠯ᠎ᠤᠨ ᠠᠰᠠᠷᠠᠮᠵᠢ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡ ᠬᠠᠩᠭ᠋ᠠᠵᠤ ᠪᠠᠢ᠌ᠨ᠎ᠠ᠃
ᠬᠡᠦᠬᠡᠳ᠎ᠤᠨ ᠠᠰᠠᠷᠠᠮᠵᠢ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠰᠠᠢ᠌ᠨ ᠳᠤᠷ᠎ᠠ ᠵᠢᠨ ᠦᠢ᠍ᠯᠡᠴᠢᠯᠡᠭᠡ ᠵᠢ ᠥᠷᠨᠢᠭᠦᠯᠵᠦ᠂ ᠲᠥᠰᠥᠯ ᠲᠣᠭᠲᠠᠭ᠋ᠠᠬᠤ᠂ ᠲᠥᠯᠥᠪᠯᠡᠭᠡ ᠲᠣᠳᠣᠷᠬᠠᠢ᠌ᠯᠠᠬᠤ᠂ ᠲᠣᠳᠣᠷᠬᠠᠢ ᠬᠠᠭᠤᠳᠠᠰᠤ ᠡᠮᠬᠢᠯᠡᠬᠦ᠂ ᠡᠬᠢ ᠪᠠᠶᠠᠯᠢᠭ᠎ᠢ ᠬᠣᠯᠪᠣᠬᠤ᠂ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠬᠤ᠎ᠪᠠᠷ ᠳᠠᠮᠵᠢᠭᠤᠯᠤᠨ ᠨᠠᠰᠤᠨ᠎ᠳᠤ ᠥᠯᠥ ᠭᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠪᠠ᠃ 2025 ᠣᠨ᠎ᠳᠤ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠩᠭᠢ ᠵᠢ ᠵᠣᠬᠢᠶᠠᠨ ᠪᠠᠢ᠌ᠭᠤᠯᠵᠤ ᠲᠤᠰᠠᠯᠠᠮᠵᠢ ᠵᠢᠨ ᠥᠷᠲᠡᠭᠡ ᠵᠢᠨ ᠳᠣᠲᠣᠷᠠᠬᠢ ᠲᠦᠷ ᠴᠠᠭ᠎ᠤᠨ ᠬᠠᠷᠠᠭ᠋ᠠᠯᠵᠠᠨ ᠬᠠᠮᠠᠭ᠋ᠠᠯᠠᠬᠤ ᠬᠡᠦᠬᠡᠳ᠎ᠲᠤ ᠵᠢᠭ᠋ᠠᠨ ᠰᠤᠷᠭ᠋ᠠᠯᠲᠠ ᠵᠢᠨ ᠬᠢᠴᠢᠶᠡᠯ 59᠂ ᠥᠪᠡᠷᠮᠢᠴᠡ ᠣᠨᠴᠠᠯᠢᠭ᠎ᠲᠠᠢ ᠬᠢᠴᠢᠶᠡᠯ 52 ᠤᠳᠠᠭ᠎ᠠ ᠥᠷᠨᠢᠭᠦᠯᠵᠦ᠂ ᠬᠡᠦᠬᠡᠳ᠎ᠤᠨ ᠥᠷᠲᠡᠭᠡ ᠵᠢᠨ ᠳᠣᠲᠣᠷᠠᠬᠢ ᠠᠮᠢᠳᠤᠷᠠᠯ᠎ᠢ ᠪᠠᠶᠠᠯᠢᠬ᠍ᠵᠢᠭᠤᠯᠪᠠ᠃ ᠪᠥᠬᠥ ᠬᠣᠲᠠ ᠵᠢᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠴᠠᠭ᠋ᠠᠨ ᠰᠠᠷ᠎ᠠ ᠵᠢᠨ ᠪᠠᠶᠠᠷ᠂ ᠥᠯᠵᠡᠢ᠌ᠲᠦ ᠡᠳᠦᠷ᠎ᠤᠨ ᠪᠠᠶᠠᠷ ᠵᠡᠷᠭᠡ 《ᠪᠢᠳᠡᠨ᠎ᠤ ᠪᠠᠶᠠᠷ᠎ᠤᠨ ᠡᠳᠦᠷ》᠎ᠤᠨ ᠠᠵᠢᠯᠯᠠᠭ᠎ᠠ᠎ᠢ ᠥᠷᠨᠢᠭᠦᠯᠵᠦ ᠨᠠᠮ᠎ᠤᠨ ᠪᠠᠢ᠌ᠭᠤᠯᠤᠯᠲᠠ ᠵᠢᠨ ᠠᠭᠤᠰᠤᠯᠴᠠᠭᠰᠠᠨ ᠰᠣᠶᠣᠯ᠎ᠤᠨ ᠤᠯᠠᠮᠵᠢᠯᠠᠯ᠂ ᠲᠣᠬᠣᠨᠢᠭᠤᠯᠵᠤ ᠬᠠᠨᠳᠢᠪᠯᠡᠬᠤ ᠵᠡᠷᠭᠡ ᠨᠡᠢ᠌ᠭᠡᠮ ᠲᠣᠭᠣᠷᠢᠭ᠎ᠤᠨ ᠦᠢ᠍ᠯᠡᠴᠢᠯᠡᠭᠡ ᠵᠢ 38 ᠤᠳᠠᠭ᠎ᠠ ᠦᠷᠨᠢᠬᠦᠯᠤᠬᠡᠳ ᠨᠡᠢ᠌ᠭᠡᠮ᠎ᠤᠨ ᠰᠠᠢ᠌ᠨ ᠰᠠᠢ᠌ᠬᠠᠨ ᠠᠭᠤᠷ ᠠᠮᠢᠰᠬᠤᠯ᠎ᠢ ᠲᠠᠰᠤᠷᠠᠯᠲᠠ ᠦᠭᠡᠢ ᠪᠣᠶ ᠪᠣᠯᠭ᠋ᠠᠪᠠ᠃