ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.18
ᠨᠡᠶᠢᠲᠡᠯᠡᠭᠰᠡᠨ ᠴᠠᠭ᠄ 2025-02-20

ᠨᠡᠢ᠌ᠭᠡᠮ᠎ᠤᠨ ᠶᠠᠪᠤᠳᠠᠯ


   ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠰᠢᠨ᠎ᠡ ᠬᠤᠤᠰ᠎ᠤᠳ᠎ᠤᠨ ᠣᠨᠴᠠᠭ᠋ᠠᠶ ᠪᠠᠶᠠᠷ᠎ᠤᠨ ᠡᠳᠦᠷ᠎ᠢ ᠲᠤᠬᠢᠶᠠᠯᠳᠤᠭᠤᠯᠤᠨ ᠣᠷᠣᠭ ᠲᠠᠡᠭᠰᠠᠯᠠᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠢ᠌ᠨ ᠬᠠᠩᠭ᠋ᠠᠬᠤ ᠵᠢᠨ ᠲᠥᠯᠥᠭᠡ ᠮᠡᠳᠡᠭᠡ ᠵᠠᠩᠭᠢ ᠵᠢᠨ ᠲᠠᠪᠴᠠᠩ ᠲᠡᠬᠡᠷ᠎ᠡ ᠪᠣᠯᠵᠣᠬᠤ ᠠᠯᠪᠠᠨ ᠵᠠᠷ ᠨᠡᠢ᠌ᠲᠡᠯᠡᠵᠦ᠂ ᠤᠷᠤᠭ ᠲᠡᠡᠭᠰᠠᠯᠠᠭᠤᠯᠬᠤ ᠰᠢᠯᠢᠳᠡᠭ ᠦᠢ᠍ᠯᠡᠴᠢᠯᠡᠭᠡ ᠵᠢ ᠴᠢᠷᠮᠠᠢ᠌ᠨ ᠬᠠᠩᠭ᠋ᠠᠵᠤ᠂ 《ᠬᠦᠴᠢᠷ ᠪᠡᠷᠬᠡᠰᠢᠶᠡᠯ᠎ᠢ ᠬᠠᠮᠲᠤ᠎ᠪᠠᠷ ᠳᠤᠭᠤᠯᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠨᠥᠬᠥᠪᠦᠷᠢᠯᠡᠬᠦ᠂ ᠬᠠᠷᠢᠭᠤᠴᠠᠯᠭ᠎ᠠ ᠡᠭᠦᠷᠭᠡᠯᠡᠬᠦ᠂ ᠬᠠᠷᠢᠯᠴᠠᠨ ᠬᠦᠨᠳᠦᠳᠬᠡᠵᠦ ᠬᠠᠷᠢᠯᠴᠠᠨ ᠬᠠᠢ᠌ᠷᠠᠯᠠᠬᠤ》 ᠣᠷᠣᠭ᠎ᠤᠨ ᠣᠢ᠌ᠯᠠᠭ᠋ᠠᠭᠳᠠᠬᠤᠨ᠎ᠢ ᠶᠡᠬᠡ᠎ᠪᠠᠷ ᠪᠠᠳᠠᠷᠠᠭᠤᠯᠪᠠ᠃ 2 ᠳ᠋ᠤᠭ᠋ᠠᠷ ᠰᠠᠷ᠎ᠠ ᠵᠢᠨ 14᠎ᠤ ᠡᠳᠦᠷ ᠪᠥᠬᠥ ᠬᠣᠲᠠ᠎ᠳᠤ 251 ᠬᠣᠣᠰ ᠣᠷᠣᠭ ᠪᠦᠷᠢᠳᠬᠡᠬᠦᠯᠤᠬᠡᠳ 10 ᠲᠠᠯᠠᠪᠤᠷ ᠥᠪᠡᠷᠮᠢᠴᠡ ᠣᠨᠴᠠᠯᠢᠭ᠎ᠲᠠᠢ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠢ᠌ᠬᠤ ᠨᠣᠷᠮ᠎ᠠ 100%᠎ᠳᠤ ᠬᠥᠷᠪᠡ᠃
    ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 2 ᠳ᠋ᠤᠭ᠋ᠠᠷ ᠰᠠᠷ᠎ᠠ ᠵᠢᠨ 14᠎ᠤ ᠡᠳᠦᠷ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠣᠷᠣᠭ ᠲᠠᠡᠭᠰᠠᠯᠠᠬᠤ ᠭᠠᠵᠠᠷ᠎ᠲᠤ 《ᠬᠠᠢ᠌ᠷ᠎ᠠ ᠵᠢᠨ ᠤᠤᠷ ᠴᠢᠨᠠᠷ》 ᠣᠷᠣᠭ᠎ᠤᠨ ᠵᠠᠩᠰᠢᠯ᠎ᠤᠨ ᠥᠭᠡᠷᠡᠴᠢᠯᠡᠯᠲᠡ ᠵᠢᠨ ᠭᠣᠣᠯ ᠰᠡᠳᠦᠪᠲᠦ ᠬᠠᠮᠲᠤ ᠵᠢᠨ ᠤᠷᠤᠭ᠎ᠤᠨ ᠪᠠᠳᠤᠯᠠᠪᠤᠷᠢ ᠤᠯᠭᠤᠬᠤ ᠶᠣᠰᠣᠯᠠᠯ ᠶᠠᠪᠤᠭᠤᠯᠪᠠ᠃ ᠠᠵᠢᠯᠯᠠᠭ᠎ᠠ᠎ᠨᠢ ᠵᠠᠯᠠᠭᠤ ᠵᠢᠱ᠌ᠢᠶᠡᠴᠢ ᠵᠢ ᠪᠣᠶ ᠪᠣᠯᠭ᠋ᠠᠬᠤ᠎ᠪᠠᠷ ᠳᠠᠮᠵᠢᠭᠤᠯᠤᠨ ᠥᠷᠭᠡᠨ  ᠲᠦᠮᠡᠨ᠎ᠢ ᠵᠢᠯᠤᠭᠣᠳᠴᠤ ᠪᠠᠢ᠌ᠭ᠋ᠠᠳ  ᠣᠷᠣᠭ ᠬᠤᠷᠢᠮ᠎ᠤᠨ ᠵᠦᠪ ᠦᠵᠡᠯᠲᠡ ᠪᠠ ᠬᠡᠷᠡᠭᠯᠡᠭᠡᠨ᠎ᠤ ᠦᠵᠡᠯᠲᠡ ᠵᠢ ᠪᠣᠶ ᠪᠣᠯᠭ᠋ᠠᠵᠤ᠂ ᠬᠦᠨᠳᠤ ᠪᠡᠯᠡᠭ᠎ᠢ ᠲᠡᠪᠴᠢᠬᠦ᠂ ᠬᠠᠭᠤᠴᠢᠨ ᠶᠣᠰᠣ ᠪᠦᠳᠦᠭᠦᠯᠢᠭ ᠵᠠᠩᠰᠢᠯ᠎ᠢ ᠲᠠᠶᠠᠭᠳᠠᠬᠤ᠎ᠪᠠᠷ ᠳᠠᠮᠵᠢᠭᠤᠯᠤᠨ ᠪᠥᠬᠥ ᠨᠡᠢ᠌ᠭᠡᠮ ᠵᠶ᠋ᠡᠷ ᠵᠶ᠋ᠡᠨ ᠡᠷᠡᠭᠦᠯ ᠴᠢᠭᠢᠷᠠᠭ᠂ ᠪᠣᠯᠪᠠᠰᠤᠨ᠂ ᠠᠷᠪᠢᠴᠢ ᠭᠠᠮᠲᠠᠢ ᠣᠷᠣᠭ᠎ᠤᠨ ᠵᠠᠩ ᠳᠠᠳᠬᠠᠯ ᠰᠢᠨ᠎ᠡ ᠬᠡᠪ ᠰᠤᠷᠲᠠᠯ᠎ᠢ ᠪᠣᠶ ᠪᠣᠯᠭ᠋ᠠᠬᠤ ᠵᠢ ᠠᠬᠢᠭᠤᠯᠪᠠ᠃
   ᠣᠷᠳᠣᠰ ᠬᠣᠲᠠ ᠵᠢᠨ ᠡᠯ᠎ᠡ ᠬᠣᠰᠢᠭᠤ ᠲᠣᠭᠣᠷᠢᠭ᠎ᠤᠨ ᠤᠷᠤᠭ ᠲᠠᠡᠭᠰᠠᠯᠠᠬᠤ ᠪᠠᠢ᠌ᠭᠤᠯᠭ᠎ᠠ ᠵᠢᠨ᠎ᠬᠢᠨ 2 ᠳ᠋ᠤᠭ᠋ᠠᠷ ᠰᠠᠷ᠎ᠠ ᠵᠢᠨ 14᠎ᠤ ᠡᠳᠦᠷ ᠥᠪᠡᠷ ᠥᠪᠡᠷ᠎ᠤᠨ ᠣᠨᠴᠠᠯᠢᠭ᠎ᠲᠠᠢ ᠠᠵᠢᠯᠯᠠᠭ᠎ᠠ ᠵᠢ ᠥᠷᠨᠢᠭᠦᠯᠵᠦ᠂ ᠬᠠᠮᠲᠤ ᠵᠢᠨ ᠬᠤᠷᠢᠮ᠎ᠤᠨ ᠶᠣᠰᠣᠯᠠᠯ᠂ ᠬᠠᠮᠲᠤ ᠵᠢᠨ ᠦᠨᠡᠮᠯᠡᠯ ᠣᠯᠭᠣᠬᠤ᠂ ᠨᠠᠭ᠋ᠠᠳᠤᠮ ᠲᠣᠭᠯᠠᠭ᠋ᠠᠮ᠂ ᠣᠷᠣᠭ ᠭᠡᠷ ᠪᠦᠯᠢ ᠵᠢᠨ ᠵᠢᠯᠤᠭᠤᠳᠤᠮᠵᠢ ᠵᠡᠷᠭᠡ ᠠᠵᠢᠯᠯᠠᠭ᠎ᠠ ᠵᠢ ᠤᠬᠠᠭ᠋ᠠᠯᠠᠬᠤ᠎ᠪᠠᠷ ᠳᠡᠮᠵᠢᠨ᠂ ᠣᠷᠣᠭ ᠬᠤᠷᠢᠮ᠎ᠢ ᠰᠢᠨ᠎ᠡ᠎ᠪᠠᠷ ᠡᠷᠭᠢᠯᠡᠬᠦ ᠪᠠ ᠲᠥᠬᠥᠮ ᠪᠥᠭᠡᠳ ᠲᠣᠬᠢᠷᠠᠮᠵᠢᠲᠠᠢ ᠤᠷᠤᠭ᠎ᠤᠨ ᠶᠣᠰᠣ ᠵᠢᠷᠤᠮ᠎ᠢ ᠰᠠᠨᠠᠭ᠋ᠠᠴᠢᠯᠠᠵᠤ᠂ ᠳᠤᠮᠳᠠᠳᠤ ᠵᠢᠨ ᠰᠢᠯᠢᠳᠡᠭ ᠬᠤᠷᠢᠮ᠎ᠤᠨ ᠵᠠᠩ ᠦᠢᠯᠡ ᠵᠢᠨ ᠭᠡᠷ ᠪᠦᠯᠢ ᠵᠢᠨ ᠰᠣᠶᠣᠯ᠎ᠢ ᠤᠯᠠᠮᠵᠢᠯᠠᠨ ᠬᠥᠭᠵᠢᠭᠦᠯᠵᠦ᠂ ᠣᠯᠠᠨ ᠲᠦᠮᠡᠨ᠎ᠢ ᠵᠢᠯᠤᠭᠣᠳᠴᠤ ᠪᠠᠢ᠌ᠭ᠋ᠠᠳ ᠡᠷᠡᠭᠦᠯ ᠪᠣᠯᠪᠠᠰᠤᠨ ᠣᠷᠣᠭ ᠢᠨᠠᠭ᠎ᠤᠨ ᠦᠵᠡᠯᠲᠡ᠂ ᠭᠡᠷ ᠪᠦᠯᠢ ᠵᠢᠨ ᠦᠵᠡᠯᠲᠡ ᠵᠢ ᠪᠣᠶ ᠪᠤᠯᠭ᠋ᠠᠯ᠎ᠠ᠃ 2 ᠳ᠋ᠤᠭ᠋ᠠᠷ ᠰᠠᠷ᠎ᠠ ᠵᠢᠨ 14᠎ᠤ ᠡᠳᠦᠷ ᠪᠥᠬᠥ ᠬᠣᠲᠠ᠎ᠳᠤ ᠬᠠᠮᠲᠤ ᠵᠢᠨ ᠬᠤᠷᠢᠮ᠎ᠤᠨ ᠶᠣᠰᠣᠯᠠᠯ ᠎ᠢ 8 ᠲᠠᠯᠠᠪᠤᠷ ᠡᠷᠭᠢᠯᠡᠵᠦ 190 ᠬᠣᠣᠰ ᠣᠷᠣᠭ᠎ᠤᠨ ᠪᠦᠷᠢᠳᠬᠡᠯ ᠬᠢᠯᠭᠡᠪᠡ᠃
      ᠤᠯᠠᠭ᠋ᠠᠨᠴᠠᠪ᠎ᠤᠨ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠤᠶᠤᠨ᠎ᠤ ᠰᠠᠭ᠋ᠠᠳ᠎ᠲᠠᠢ ᠬᠦᠮᠦᠰ᠎ᠢ ᠡᠷᠡᠭᠦᠯᠵᠢᠭᠦᠯᠬᠦ ᠠᠵᠢᠯ᠎ᠢ ᠯᠠᠪᠳᠠᠭᠤᠨ ᠪᠠᠲᠤᠲᠠᠢ ᠠᠬᠢᠭᠤᠯᠪᠠ᠃ ᠣᠳᠣᠬᠠᠨ᠎ᠳᠤ ᠪᠥᠬᠥ ᠬᠣᠲᠠ ᠵᠢᠨ 10 ᠬᠣᠰᠢᠭᠤ ᠰᠢᠶᠠᠨ ᠬᠣᠲᠠ ᠲᠣᠭᠣᠷᠢᠭ᠎ᠲᠤ ᠣᠶᠣᠨ ᠎ᠤ ᠰᠠᠭ᠋ᠠᠳ᠎ᠲᠠᠢ ᠬᠦᠮᠦᠰ᠎ᠢ ᠡᠷᠡᠭᠦᠯᠵᠢᠭᠦᠯᠬᠦ ᠦᠢ᠍ᠯᠡᠴᠢᠯᠡᠭᠡᠨ᠎ᠤ ᠲᠥᠪ (ᠴᠡᠭ) ᠲᠣᠬᠢᠷᠠᠭᠤᠯᠵᠤ᠂ ᠡᠭᠦᠨ᠎ᠳᠤ 8 ᠭᠠᠵᠠᠷ ᠣᠷᠣᠨ᠎ᠳᠤ ᠣᠶᠣᠨ᠎ᠤ ᠰᠠᠭ᠋ᠠᠳ᠎ᠲᠠᠢ ᠬᠦᠮᠦᠰ᠎ᠢ ᠡᠷᠡᠭᠦᠯᠵᠢᠭᠦᠯᠬᠦ ᠦᠢ᠍ᠯᠡᠴᠢᠯᠡᠭᠡ ᠥᠷᠨᠢᠭᠦᠯᠵᠦ᠂ ᠪᠦᠷᠬᠦᠴᠡ ᠵᠢᠨ ᠨᠣᠷᠮ᠎ᠠ᠎ᠨᠢ 72%᠎ᠲᠤ ᠬᠦᠷᠴᠡᠢ᠃ 2024 ᠣᠨ᠎ᠳᠤ᠂ ᠪᠥᠬᠥ ᠬᠣᠲᠠ᠎ᠳᠤ ᠨᠡᠶ᠋ᠢᠲᠡ 557 ᠣᠶᠤᠨ᠎ᠤ ᠰᠠᠭ᠋ᠠᠳ᠎ᠲᠠᠢ ᠡᠪᠡᠳᠴᠢᠲᠡᠨ ᠪᠠ ᠭᠡᠷ ᠪᠦᠯᠢ ᠵᠢᠨ᠎ᠬᠢᠨ ᠨᠡᠢ᠌ᠭᠡᠮ ᠲᠣᠭᠣᠷᠢᠭ᠎ᠲᠤ ᠳᠡᠩᠰᠡᠯᠡᠨ ᠡᠷᠡᠭᠦᠯᠵᠢᠭᠦᠯᠵᠦ᠂    ᠲᠠᠡᠭᠰᠠᠯᠠᠭᠤᠯᠤᠬᠰᠠᠨ 358 ᠬᠥᠮᠥᠰ᠎ᠲᠤ ᠡᠷᠡᠭᠦᠯᠵᠢᠯ᠎ᠤᠨ ᠦᠢ᠍ᠯᠡᠴᠢᠯᠡᠭᠡ ᠬᠠᠡᠭᠭ᠋ᠠᠬᠰᠠᠨ᠎ᠤ ᠲᠤᠳᠤᠷ᠎ᠠ ᠡᠷᠡᠭᠦᠯᠵᠢᠯ᠎ᠤᠨ  ᠲᠤᠰᠠᠯᠠᠮᠵᠢ ᠵᠢ ᠭᠥᠯᠢᠶᠡᠨ ᠠᠪᠬᠤ ᠵᠢᠷᠤᠮᠵᠢᠭᠰᠠᠨ ᠦᠢ᠍ᠯᠡᠴᠢᠯᠡᠭᠡᠨ᠎ᠤ ᠨᠣᠷᠮ᠎ᠠ 64% ᠬᠦᠷᠴᠦ 1196 ᠤᠳᠠᠭ᠎ᠠ ᠡᠷᠡᠭᠦᠯᠵᠢᠯ᠎ᠤᠨ ᠦᠢ᠍ᠯᠡᠴᠢᠯᠡᠭᠡ ᠬᠦᠷᠳᠡᠬᠡᠵᠡᠢ᠃

 
   


  


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.20
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.25
 
            