ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠲᠢᠡᠭᠭᠢᠮ᠎ᠤᠨ᠎ᠬᠢᠨ ᠺᠠᠳ᠋ᠷᠴᠤᠳ᠎ᠤᠨ ᠡᠷᠡᠬᠦᠯ ᠮᠡᠨᠳᠤ ᠵᠢᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄ 2024-12-26

    ᠲᠢᠩᠬᠢᠮ᠎ᠤᠨ ᠰᠢᠰᠲ᠋ᠧᠮ᠎ᠤᠨ ᠺᠠᠳ᠋ᠷ ᠠᠵᠢᠯᠲᠠᠨ᠎ᠤ ᠥᠪᠡᠷ᠎ᠤᠨ ᠡᠷᠡᠭᠦᠯ ᠮᠡᠨᠳᠦ ᠵᠢᠨ ᠬᠠᠮᠢᠶᠠᠷᠤᠯᠲᠠ ᠵᠢᠨ ᠤᠬᠠᠮᠰᠠᠷ᠎ᠢ ᠳᠡᠭᠡᠭᠰᠢᠯᠡᠭᠦᠯᠵᠦ᠂ ᠺᠠᠳ᠋ᠷ ᠠᠵᠢᠯᠲᠠᠨ᠎ᠤ ᠪᠡᠶ᠎ᠡ ᠰᠡᠳᠬᠢᠯ᠎ᠤᠨ ᠡᠷᠡᠭᠦᠯ ᠮᠡᠨᠳᠦ ᠡᠶ᠎ᠡ ᠵᠣᠬᠢᠴᠠᠯ᠎ᠲᠠᠢ ᠬᠥᠭᠵᠢᠯᠲᠡ ᠵᠢ ᠠᠬᠢᠭᠤᠯᠬᠤ ᠵᠢᠨ ᠲᠥᠯᠥᠭᠡ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ᠎ᠬᠢᠨ 12 ᠳ᠋ᠤᠭ᠋ᠠᠷ ᠰᠠᠷ᠎ᠠ ᠵᠢᠨ 6᠎ᠤ ᠡᠳᠦᠷ᠎ᠤᠨ ᠦᠳᠡ ᠵᠢᠨ ᠬᠣᠢ᠌ᠨ᠎ᠠ ᠺᠠᠳ᠋ᠷᠴᠤᠳ᠎ᠤᠨ ᠡᠷᠡᠭᠦᠯ ᠮᠡᠨᠳᠤ ᠵᠢᠨ ᠬᠢᠴᠢᠶᠡᠯ ᠤᠷᠤᠪᠠ᠃
    ᠲᠣᠰ ᠲᠠᠢ᠌ᠯᠤᠮᠵᠢ᠎ᠳᠤ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠠᠷᠢᠶᠠᠲᠤ ᠡᠮᠨᠡᠯᠭᠡ ᠵᠢᠨ ᠬᠣᠷᠢᠶ᠎ᠠ ᠵᠢᠨ ᠸᠠᠩ ᠶᠦᠩ ᠫᠷᠤᠹᠧᠰᠰᠤᠷ᠎ᠢ ᠤᠷᠢᠵᠤ 《ᠡᠷᠡᠭᠦᠯ ᠮᠡᠨᠳᠦ ᠵᠢ ᠡᠷᠬᠢᠮᠯᠡᠵᠤ ᠤᠳᠠᠭ᠋ᠠᠨ ᠴᠢᠨᠠᠷᠲᠠᠢ ᠡᠪᠡᠳᠴᠢᠨ᠎ᠠᠴᠠ ᠬᠣᠯᠠᠳᠠᠬᠤ》᠎ᠪᠠᠷ ᠭᠣᠣᠯ ᠰᠡᠳᠦᠪ ᠪᠣᠯᠭ᠋ᠠᠨ ᠵᠢᠯᠤᠭᠤᠳᠤᠭᠤᠯᠪᠠ᠃ ᠸᠠᠩ ᠶᠦᠩ ᠫᠷᠤᠹᠸᠰᠰᠤᠷ 《ᠡᠷᠡᠭᠦᠯ ᠮᠡᠨᠳᠦ ᠭᠡᠵᠤ ᠶᠠᠭᠤ ᠪᠤᠢ》 ᠭᠡᠳᠡᠭ ᠵᠶ᠋ᠡᠷ ᠪᠠᠷᠢᠴᠨ ᠪᠣᠯᠭ᠋ᠠᠵᠤ ᠡᠷᠡᠬᠦᠯᠰᠢᠭ ᠪᠠᠢ᠌ᠳᠠᠯ᠂ ᠤᠳᠠᠭ᠋ᠠᠨ ᠴᠢᠨᠠᠷᠲᠠᠢ ᠡᠪᠡᠳᠴᠢᠨ᠎ᠤ ᠢᠯᠡᠷᠡᠯ ᠪᠠ ᠡᠪᠡᠳᠴᠢᠨ ᠡᠭᠦᠰᠬᠡᠬᠦ ᠭᠣᠣᠯ ᠠᠶᠤᠯᠲᠠᠢ ᠬᠦᠴᠦᠨ ᠵᠦᠢ᠍ᠯ᠎ᠢ ᠣᠯᠠᠨ᠎ᠳᠤ ᠲᠠᠨᠢᠯᠴᠠᠭᠤᠯᠪᠠ᠃ ᠲᠣᠰ ᠲᠠᠢ᠌ᠯᠤᠮᠵᠢ᠎ᠳᠤ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠴᠢᠰᠤᠨ᠎ᠤ ᠥᠭᠡᠬᠦ ᠥᠨᠳᠥᠷᠵᠢᠭᠰᠡᠨ ᠬᠡᠮ᠂ ᠲᠠᠷᠢᠬᠢᠨ᠎ᠤ ᠰᠠ ᠡᠪᠡᠳᠴᠢᠨ ᠪᠠ ᠬᠡᠷᠦᠬᠦ ᠰᠢᠰᠲ᠋ᠧᠮ᠎ᠤᠨ ᠡᠪᠡᠳᠴᠢᠨ ᠵᠡᠷᠭᠡ ᠲᠠᠪᠤᠨ ᠲᠥᠷᠥᠯ᠎ᠤᠨ ᠪᠠᠢ᠌ᠩᠭᠤ ᠲᠣᠬᠢᠶᠠᠯᠳᠤᠳᠠᠭ ᠤᠳᠠᠭ᠋ᠠᠨ ᠴᠢᠨᠠᠷᠲᠠᠢ ᠡᠪᠡᠳᠴᠢᠨ᠎ᠤ ᠳᠡᠯᠭᠡᠷᠡᠬᠦ ᠣᠨᠴᠠᠯᠢᠭ᠂ ᠭᠣᠣᠯ ᠡᠪᠡᠳᠴᠢᠨ᠎ᠤ ᠢᠯᠡᠷᠡᠯ᠂ ᠬᠣᠣᠷ ᠬᠥᠨᠥᠭᠡᠯ ᠪᠤᠯᠤᠨ ᠰᠡᠷᠭᠡᠢ᠌ᠯᠡᠨ ᠵᠠᠰᠠᠬᠤ ᠠᠷᠭ᠎ᠠ ᠵᠡᠷᠭᠡ ᠠᠭᠤᠯᠭ᠎ᠠ ᠵᠢ ᠭᠣᠣᠯᠳᠠᠯᠭ᠎ᠠ᠎ᠲᠠᠢ ᠲᠠᠨᠢᠯᠴᠠᠭᠤᠯᠪᠠ᠃ ᠠᠳᠠᠯᠢ ᠪᠤᠰᠤ ᠨᠠᠰᠤᠨ᠎ᠤ ᠬᠥᠮᠥᠰ᠎ᠤᠨ ᠳᠡᠭᠡᠷ᠎ᠡ ᠳᠤᠷᠠᠳᠤᠭᠰᠠᠨ ᠤᠳᠠᠭ᠋ᠠᠨ ᠴᠢᠨᠠᠷᠲᠠᠢ ᠡᠪᠡᠳᠴᠢᠨ᠎ᠤ ᠲᠤᠬᠠᠢ ᠲᠣᠰ ᠪᠡᠶ᠎ᠡ ᠵᠢᠨ ᠬᠢᠨᠠᠨ ᠬᠡᠮᠵᠢᠯᠲᠡ ᠵᠢ ᠬᠡᠷᠬᠢᠨ ᠰᠠᠢ᠌ᠲᠤᠷ ᠬᠢᠬᠦ᠂ ᠲᠣᠭ᠎ᠠ ᠬᠡᠮᠵᠢᠭᠳᠡᠯ᠎ᠢ ᠶᠠᠮᠠᠷ ᠬᠡᠪᠴᠢᠶᠡᠨ᠎ᠳᠤ ᠬᠢᠵᠠᠭ᠋ᠠᠷᠯᠠᠬᠤ ᠪᠠ ᠡᠮ᠎ᠢ ᠬᠡᠷᠬᠢᠨ ᠵᠥᠪ ᠬᠡᠷᠡᠭᠯᠡᠬᠦ ᠵᠡᠷᠭᠡ ᠮᠡᠳᠡᠯᠭᠡ ᠵᠢ ᠣᠯᠠᠨ᠎ᠳᠤ ᠣᠢ᠌ᠯᠠᠭ᠋ᠠᠭᠤᠯᠬᠤ ᠵᠢᠨ ᠬᠠᠮᠲᠤ ᠺᠠᠳ᠋ᠷ ᠠᠵᠢᠯᠲᠠᠨ ᠠᠵᠢᠯᠴᠢᠨ᠎ᠤ ᠪᠡᠶ᠎ᠡ ᠵᠢᠨ ᠪᠠᠢ᠌ᠴᠠᠭ᠋ᠠᠯᠲᠠ ᠵᠢᠨ ᠬᠣᠯᠪᠣᠭᠳᠠᠯ ᠪᠦᠬᠦᠢ ᠭᠦᠢ᠍ᠴᠡᠳᠬᠡᠯ ᠲᠣᠭ᠎ᠠ ᠵᠢᠨ ᠲᠤᠬᠠᠢ ᠲᠠᠢ᠌ᠯᠤᠮᠵᠢ ᠬᠢᠭᠰᠡᠨ ᠪᠠᠢ᠌ᠨ᠎ᠠ᠃
   ᠲᠠᠢ᠌ᠯᠤᠮᠵᠢ ᠳᠠᠭᠤᠰᠤᠭᠰᠠᠨ᠎ᠤ ᠳᠠᠷᠠᠭ᠎ᠠ ᠄ 《ᠲᠣᠰ ᠡᠷᠡᠭᠦᠯ ᠮᠡᠨᠳᠦ ᠵᠢᠨ ᠬᠢᠴᠢᠶᠡᠯ ᠵᠶ᠋ᠠᠷ ᠳᠡᠮᠵᠢᠨ ᠮᠠᠰᠢ ᠣᠯᠠᠨ ᠡᠷᠡᠭᠦᠯ ᠮᠡᠨᠳᠦ ᠵᠢᠨ ᠮᠡᠳᠡᠯᠭᠡ ᠰᠤᠷᠤᠯ᠎ᠠ᠂ ᠣᠳᠣᠬᠠᠨ᠎ᠳᠤ ᠡᠷᠡᠬᠦᠯᠰᠢᠭ ᠪᠠᠢ᠌ᠳᠠᠯ᠎ᠨᠢ ᠨᠢᠭᠡᠨᠲᠡ ᠪᠡᠶ᠎ᠡ ᠮᠠᠬᠠᠪᠤᠳ᠎ᠤᠨ ᠪᠠᠢ᠌ᠡᠭᠭᠤ ᠵᠢᠨ ᠴᠢᠨᠠᠷ  ᠲᠤᠭᠤᠯᠳᠠᠯ ᠪᠣᠯᠵᠤ᠂ ᠡᠯ᠎ᠡ ᠲᠠᠯ᠎ᠠ ᠵᠢᠨ ᠢᠯᠡ ᠪᠤᠰᠤ ᠳᠠᠷᠤᠯᠲᠠ ᠵᠢᠨ ᠡᠮᠦᠨ᠎ᠡ ᠡᠪᠡᠳᠴᠢᠨ ᠡᠮᠭᠡᠭ᠎ᠤᠨ ᠲᠤᠳᠤᠷᠬᠠᠢ ᠢᠯᠡᠷᠡᠯ ᠠᠯᠠᠭ᠎ᠠ ᠪᠤᠯᠪᠠᠴᠤ ᠪᠡᠶ᠎ᠡ ᠮᠠᠬᠠᠪᠤᠳ᠎ᠤᠨ ᠵᠠᠷᠢᠮ ᠭᠦᠢ᠍ᠴᠡᠳᠬᠡᠯ ᠲᠣᠭ᠎ᠠ᠎ᠨᠢ ᠬᠡᠪ᠎ᠤᠨ ᠪᠤᠰᠤ ᠪᠤᠶᠤ ᠣᠶᠤᠨ ᠰᠠᠨᠠᠭ᠋ᠠᠨ᠎ᠤ ᠠᠮᠢᠵᠢᠷᠠᠯ᠎ᠤᠨ ᠬᠦᠴᠦᠨ ᠪᠠ ᠵᠣᠬᠢᠴᠠᠬᠤ ᠴᠢᠳᠠᠪᠤᠷᠢ᠎ᠨᠢ ᠪᠠᠭᠤᠷᠠᠭᠰᠠᠨ ᠪᠠᠢ᠌ᠳᠠᠯ ᠢᠯᠡᠷᠡᠳᠡᠭ᠂ ᠬᠡᠷᠪᠡ ᠴᠠᠭ ᠲᠤᠬᠠᠢ᠎ᠳᠤ᠎ᠨᠢ ᠵᠠᠯᠠᠷᠠᠭᠤᠯᠵᠤ ᠳᠡᠶ᠋ᠢᠯᠬᠦ ᠦᠭᠡᠢ ᠪᠣᠯ ᠪᠡᠶ᠎ᠡ ᠰᠡᠳᠬᠢᠯ᠎ᠤᠨ ᠡᠪᠡᠳᠴᠢᠨ ᠡᠮᠭᠡᠭ᠎ᠢ ᠨᠡᠷᠪᠡᠭᠳᠡᠵᠤ ᠮᠡᠳᠡᠨ᠎ᠡ᠃ ᠪᠡᠶ᠎ᠡ ᠵᠢᠨ ᠪᠠᠢ᠌ᠴᠠᠭ᠋ᠠᠯᠲᠠ ᠬᠢᠬᠦ᠎ᠳᠤ᠎ᠪᠠᠨ ᠠᠯᠢ ᠠᠯᠢ ᠲᠥᠷᠥᠯ ᠵᠦᠢ᠍ᠯ᠎ᠢ ᠰᠣᠩᠭᠣᠬᠤ ᠵᠢ ᠮᠡᠳᠡᠬᠦ ᠦᠭᠡᠢ᠂ ᠪᠡᠶ᠎ᠡ ᠵᠢᠨ ᠪᠠᠢ᠌ᠴᠠᠭ᠋ᠠᠯᠲᠠ ᠵᠢᠨ ᠦᠷ᠎ᠡ ᠳ᠋ᠦᠩ᠎ᠳᠤ ᠲᠤᠰᠬᠠᠢ ᠮᠡᠷᠭᠡᠵᠢᠯ᠎ᠤᠨ ᠲᠠᠢ᠌ᠯᠤᠮᠵᠢ ᠲᠤᠳᠠᠬᠳᠠᠬᠤ ᠪᠤᠯᠬᠤᠷ ᠬᠡᠪ᠎ᠤᠨ ᠪᠤᠰᠤ ᠭᠦᠢ᠍ᠴᠡᠳᠬᠡᠯ ᠲᠣᠭ᠎ᠠ ᠵᠢᠨ ᠡᠮᠦᠨ᠎ᠡ ᠰᠡᠳᠬᠢᠴᠡ ᠵᠢᠨ ᠭᠡᠯᠮᠡᠭᠳᠡᠯ᠎ᠢ ᠡᠭᠦᠰᠬᠡᠬᠦ᠎ᠨᠢ ᠵᠠᠢ᠌ᠯᠠᠰᠢ ᠦᠭᠡᠢ ᠶᠤᠮ᠃ ᠲᠣᠰ᠎ᠨᠢ ᠲᠠᠢ᠌ᠯᠤᠮᠵᠢ ᠵᠢᠨ ᠬᠡᠷᠡᠭᠯᠡᠭᠡᠨ᠎ᠤ ᠴᠢᠨᠠᠷ ᠪᠠ ᠰᠢᠨᠵᠢᠯᠡᠬᠦ ᠤᠬᠠᠭ᠋ᠠᠨ᠎ᠤ ᠲᠦᠭᠡᠮᠡᠯᠵᠢᠭᠦᠯᠦᠯᠲᠡ ᠵᠢᠨ ᠴᠢᠨᠠᠷ᠎ᠢ ᠬᠣᠣᠰᠯᠠᠭᠤᠯᠵᠤ᠂ ᠪᠠᠢ᠌ᠩᠭᠤ ᠲᠣᠬᠢᠶᠠᠯᠳᠤᠳᠠᠭ ᠤᠳᠠᠭ᠋ᠠᠨ ᠴᠢᠨᠠᠷᠲᠠᠢ ᠡᠪᠡᠳᠴᠢᠨ᠎ᠤ ᠢᠯᠡᠷᠡᠯ ᠪᠠ ᠰᠡᠷᠭᠡᠢ᠌ᠯᠡᠨ ᠵᠠᠰᠠᠬᠤ ᠲᠠᠯ᠎ᠠ᠎ᠪᠠᠷ ᠰᠢᠨ᠎ᠡ ᠲᠠᠨᠢᠯᠲᠠ᠎ᠲᠠᠢ ᠪᠦᠬᠡᠳ ᠪᠡᠶ᠎ᠡ ᠵᠢᠨ ᠪᠠᠢ᠌ᠴᠠᠭ᠋ᠠᠯᠲᠠ ᠵᠢᠨ ᠭᠦᠢ᠍ᠴᠡᠳᠬᠡᠯ ᠲᠣᠭ᠎ᠠ ᠵᠢᠨ ᠲᠤᠬᠠᠢ ᠨᠠᠩ ᠭᠦᠨᠵᠡᠭᠡᠢ ᠣᠢ᠌ᠯᠠᠭ᠋ᠠᠯᠲᠠ᠎ᠲᠠᠢ ᠪᠣᠯᠵᠤ᠂ ᠣᠯᠠᠨ ᠲᠠᠯ᠎ᠠ ᠵᠢᠨ ᠭᠦᠢ᠍ᠴᠡᠳᠬᠡᠯ ᠲᠣᠭ᠎ᠠ᠎ᠠᠴᠠ ᠪᠡᠶ᠎ᠡ ᠮᠠᠬᠠᠪᠤᠳ᠎ᠤᠨ ᠵᠶ᠋ᠡᠨ ᠡᠷᠡᠭᠦᠯ ᠮᠡᠨᠳᠦ ᠵᠢᠨ ᠪᠠᠢ᠌ᠳᠠᠯ᠎ᠢ ᠶᠡᠬᠡ ᠲᠦᠯᠦᠪ ᠮᠠᠭ᠋ᠠᠳᠯᠠᠵᠤ ᠴᠢᠳᠠᠬᠤ ᠪᠣᠯᠵᠠᠢ》 ᠬᠡᠵᠡᠬᠡᠵᠤ ᠪᠠᠢ᠌ᠯ᠎ᠠ᠃
  


 


   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.20
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠪᠡ
 
            