ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.17
ᠨᠡᠶᠢᠲᠡᠯᠡᠭᠰᠡᠨ ᠴᠠᠭ᠄ 2025-02-20

ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠪᠤᠭᠤᠲᠤ ᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠤᠷᠴᠢᠮ᠎ᠳᠤ 《ᠬᠣᠶᠠᠷ᠎ᠢ ᠡᠯᠰᠡᠵᠦ ᠬᠣᠶᠠᠷ᠎ᠢ ᠲᠠᠲᠠᠵᠤ ᠨᠢᠭᠡ ᠵᠢ ᠰᠢᠯᠢᠳᠡᠭᠵᠢᠭᠦᠯᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠤᠷᠤᠭᠰᠢᠲᠠᠢ ᠶᠠᠪᠤᠭᠳᠠᠭᠤᠯᠪᠠ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠪᠦᠬᠦ ᠬᠤᠳᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠪᠤᠭᠤᠲᠤ ᠬᠤᠳᠠ ᠵᠢᠨ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠲᠥᠯᠦᠪᠵᠢᠭᠦᠯᠭᠡ ᠪᠠ ᠬᠤᠳᠠᠯᠳᠤᠭ᠋ᠠᠴᠢᠨ ᠤᠷᠢᠬᠤ᠂ ᠴᠢᠳᠠᠪᠤᠷᠢᠲᠠᠨ ᠲᠠᠲᠠᠬᠤ ᠵᠢ ᠵᠣᠷᠢᠭᠵᠢᠭᠤᠯᠬᠤ ᠲᠦᠷᠦ ᠵᠢᠨ ᠪᠣᠳᠣᠯᠭ᠎ᠠ᠂ ᠱᠠᠩᠨᠠᠵᠤ ᠨᠥᠬᠥᠪᠦᠷᠢᠯᠡᠬᠦ ᠠᠷᠭ᠎ᠠ ᠪᠣᠯᠣᠨ ᠬᠤᠳᠠᠯᠳᠤᠭ᠎ᠠ ᠡᠷᠬᠢᠯᠡᠬᠦ ᠣᠷᠴᠢᠨ  ᠨᠦᠬᠦᠴᠡᠯ᠎ᠤᠨ ᠬᠠᠷᠠᠭ᠋ᠠᠯᠵᠠᠯ᠎ᠤᠨ ᠲᠦᠷᠦ ᠵᠢᠨ ᠪᠣᠳᠣᠯᠭ᠎ᠠ ᠵᠢ ᠲᠠᠢ᠌ᠯᠪᠤᠷᠢᠯᠠᠪᠠ᠃ ᠬᠤᠷᠠᠯ ᠲᠡᠬᠡᠷ᠎ᠡ᠄ 《ᠪᠦᠬᠦ ᠬᠤᠳᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ ᠨᠠᠮ᠎ᠤᠨ ᠪᠠᠢ᠌ᠭᠤᠯᠤᠯᠲᠠ ᠪᠣᠯᠣᠨ ᠲᠤᠬᠠᠢ᠌ᠯᠠᠭᠰᠠᠨ ᠠᠵᠢᠯ᠎ᠤᠨ ᠠᠭᠤᠰᠤᠯᠴᠠᠯ᠎ᠢ ᠴᠢᠩᠭ᠋ᠠᠳᠬᠠᠵᠤ  〈ᠬᠣᠶᠠᠷ᠎ᠢ ᠡᠯᠰᠡᠵᠦ ᠬᠣᠶᠠᠷ᠎ᠢ ᠲᠠᠲᠠᠵᠤ ᠨᠢᠭᠡ ᠵᠢ ᠰᠢᠯᠢᠳᠡᠭᠵᠢᠭᠦᠯᠬᠦ〉᠎ᠳᠤ ᠢᠳᠡᠪᠬᠢᠲᠡᠢ ᠣᠷᠣᠯᠴᠠᠵᠤ ᠠᠵᠢᠯ ᠲᠦᠷᠦᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ ᠳᠠᠪᠠᠭᠤᠯᠢᠭ ᠵᠶ᠋ᠠᠨ ᠪᠠᠳᠠᠷᠠᠭᠤᠯᠵᠤ ᠪᠠᠢ᠌ᠭ᠋ᠠᠳ ᠲᠠᠪᠴᠠᠩ ᠪᠠᠢ᠌ᠭᠤᠯᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠤᠭᠤᠲᠤ ᠬᠤᠳᠠ ᠵᠢᠨ ᠲᠦᠷᠦᠯ ᠵᠦᠢ᠍ᠯ ᠪᠣᠯᠣᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠳᠤ ᠬᠣᠯᠪᠣᠭ᠋ᠠᠰᠤ ᠪᠣᠯᠵᠤ ᠨᠡᠩ ᠤᠯᠠᠨ ᠠᠵᠤ ᠠᠬᠤᠢ᠌ᠯᠠᠯ ᠪᠣᠯᠣᠨ ᠴᠢᠳᠠᠪᠤᠷᠢᠲᠠᠨ᠎ᠢ ᠲᠠᠲᠠᠵᠤ ᠪᠤᠭᠤᠲᠤ ᠬᠤᠳᠠ᠎ᠳᠤ ᠪᠡᠯᠡ ᠣᠷᠣᠭᠤᠯᠤᠨ ᠦᠢ᠍ᠯᠡᠰ ᠪᠣᠰᠬᠠᠬᠤ ᠵᠢ ᠵᠣᠷᠢᠭᠵᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃


ᠨᠡᠢ᠌ᠭᠡᠮ᠎ᠤᠨ ᠲᠤᠰᠠᠯᠠᠮᠵᠢ


    ᠦᠬᠠᠢ ᠬᠣᠲᠠ ᠵᠢᠨ᠎ᠬᠢᠨ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠵᠠᠭᠪᠤᠷ᠎ᠢ ᠦᠷᠭᠦᠯᠵᠢᠯᠡᠨ ᠲᠡᠭᠦᠯᠳᠡᠷᠵᠢᠭᠦᠯᠵᠦ ᠪᠥᠬᠥ ᠤᠯᠤᠰ᠎ᠤᠨ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠲᠤᠷᠰᠢᠯᠲᠠ ᠵᠢᠨ ᠴᠡᠭ ᠵᠶ᠋ᠡᠷ ᠰᠤᠡᠭᠭᠤᠬᠳᠠᠬᠰᠠᠨ ᠵᠶ᠋ᠡᠷ ᠲᠣᠬᠢᠶᠠᠯ ᠪᠣᠯᠭ᠋ᠠᠵᠤ᠂ 《ᠵᠣᠭᠣᠰ + ᠪᠣᠳᠠᠲᠤ ᠪᠣᠳᠠᠰ + ᠦᠢ᠍ᠯᠡᠴᠢᠯᠡᠭᠡ》 ᠵᠢᠨ ᠨᠡᠢ᠌ᠭᠡᠮ᠎ᠤᠨ  ᠲᠤᠰᠠᠯᠠᠮᠵᠢ ᠵᠢᠨ ᠵᠠᠭᠪᠤᠷ᠎ᠢ ᠲᠡᠭᠦᠯᠳᠡᠷᠵᠢᠭᠦᠯᠵᠦ᠂ 《ᠡᠬᠢ ᠪᠠᠶᠠᠯᠢᠭ᠎ᠢ ᠬᠣᠯᠪᠣᠬᠤ᠂ ᠬᠦᠷᠢᠶ᠎ᠡ ᠬᠡᠪᠴᠢᠶ᠎ᠡ ᠵᠢ ᠲᠣᠭᠲᠠᠭ᠋ᠠᠬᠤ᠂ ᠠᠭᠤᠯᠭ᠎ᠠ ᠵᠢ ᠲᠣᠳᠣᠷᠬᠠᠢ᠌ᠯᠠᠬᠤ᠂ ᠦᠢ᠍ᠯᠡᠴᠢᠯᠡᠭᠡ ᠥᠷᠨᠢᠭᠦᠯᠬᠦ᠂ ᠲᠠᠩᠰᠠ ᠡᠪᠬᠡᠮᠡᠯ ᠪᠠᠶ᠋ᠢᠭᠤᠯᠬᠤ᠂ ᠬᠢᠨᠠᠯᠲᠠ ᠲᠠᠯᠪᠢᠵᠤ ᠦᠨᠡᠯᠡᠬᠦ》 ᠵᠢᠷᠭᠤᠭ᠋ᠠᠨ ᠠᠯᠬᠤᠮ᠎ᠤᠨ ᠠᠵᠢᠯ᠎ᠤᠨ ᠠᠷᠭ᠎ᠠ ᠵᠢ ᠰᠢᠨ᠎ᠡ᠎ᠪᠠᠷ ᠡᠭᠦᠳᠦᠨ 3 ᠲᠥᠷᠥᠯ᠎ᠤᠨ 20 ᠪᠣᠳᠠᠲᠠᠢ ᠦᠢ᠍ᠯᠡᠴᠢᠯᠡᠭᠡ ᠵᠢ ᠰᠢᠯᠢᠳᠡᠭᠵᠢᠭᠦᠯᠦᠨ᠂ ᠬᠦᠴᠢᠷᠳᠡᠯᠲᠡᠢ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ ᠪᠠ ᠠᠮᠤᠷ   ᠠᠮᠤᠭᠤᠯᠠᠡᠭ ᠲᠥᠷᠥᠭᠳᠡᠯ᠎ᠢ ᠲᠠᠰᠤᠷᠠᠯᠲᠠ ᠦᠭᠡᠢ ᠲᠡᠭᠡᠭᠰᠢᠯᠡᠬᠦᠯᠤᠬᠡᠳ 2025 ᠣᠨ᠎ᠳᠤ ᠶᠠᠳᠠᠭᠤ ᠬᠦᠴᠢᠷᠳᠡᠯᠲᠡᠢ ᠤᠯᠠᠨ ᠲᠦᠮᠡᠨ᠎ᠳᠤ ᠨᠡᠢ᠍ᠢ᠍ᠳᠡ 700 ᠭᠠᠷᠤᠢ ᠤᠳᠠᠭ᠎ᠠ ᠦᠢ᠍ᠯᠡᠴᠢᠯᠡᠵᠤ ᠪᠠᠢ᠌ᠨ᠎ᠠ᠃


ᠨᠡᠢ᠌ᠭᠡᠮ᠎ᠤᠨ ᠶᠠᠪᠤᠳᠠᠯ


    ᠬᠥᠬᠡᠬᠣᠲᠠ ᠵᠢᠨ᠎ᠬᠢᠨ 2 ᠳ᠋ᠤᠭ᠋ᠠᠷ ᠰᠠᠷ᠎ᠠ ᠵᠢᠨ 14᠎ᠤ ᠡᠳᠦᠷ ᠪᠥᠬᠥ ᠬᠣᠲᠠ ᠵᠢᠨ ᠡᠯ᠎ᠡ ᠣᠷᠣᠭ ᠲᠠᠡᠭᠰᠠᠯᠠᠬᠤ ᠭᠠᠵᠠᠷ᠎ᠲᠤ ᠳᠡᠩᠰᠡᠯᠡᠨ ᠲᠡᠮᠳᠡᠭᠯᠡᠬᠦ ᠦᠢ᠍ᠯᠡᠴᠢᠯᠡᠭᠡᠨ᠎ᠤ ᠴᠤᠡᠭᠬᠤᠪᠴᠢ ᠨᠡᠮᠡᠵᠦ ᠪᠠᠶ᠋ᠢᠭᠤᠯᠬᠤ᠂ ᠰᠠᠢ᠌ᠨ ᠳᠤᠷ᠎ᠠ ᠵᠢᠨ ᠵᠢᠯᠣᠭᠣᠳᠤᠯᠭ᠎ᠠ ᠬᠠᠩᠭ᠋ᠠᠬᠤ᠂ ᠤᠬᠠᠭᠤᠯᠭ᠎ᠠ ᠵᠢᠨ ᠬᠠᠨ᠎ᠠ ᠪᠠᠢ᠌ᠷᠢᠯᠠᠭᠤᠯᠬᠤ᠂ ᠲᠤᠷᠠᠰᠬᠠᠯ᠎ᠤᠨ ᠬᠡᠷᠡᠯ ᠵᠢᠷᠤᠭ ᠲᠠᠲᠠᠬᠤ ᠭᠠᠵᠠᠷ ᠭᠠᠷᠭ᠋ᠠᠬᠤ᠂ ᠠᠵᠢᠯᠯᠠᠬᠤ ᠴᠠᠭ᠎ᠢ ᠤᠷᠲᠤᠳᠬᠠᠬᠤ ᠵᠡᠷᠭᠡ ᠠᠷᠠᠳ᠎ᠲᠤ ᠲᠥᠬᠥᠮ ᠦᠵᠡᠭᠦᠯᠬᠦ ᠣᠯᠠᠨ ᠵᠦᠢ᠍ᠯ᠎ᠤᠨ ᠦᠢ᠍ᠯᠡᠴᠢᠯᠡᠭᠡᠨ᠎ᠤ ᠠᠷᠭ᠎ᠠ᠎ᠪᠠᠷ ᠳᠠᠮᠵᠢᠭᠤᠯᠤᠨ᠂ ᠪᠥᠬᠥ ᠬᠣᠲᠠ ᠵᠢᠨ ᠰᠢᠨ᠎ᠡ ᠬᠥᠮᠥᠰ᠎ᠲᠤ ᠣᠷᠣᠭ ᠲᠠᠡᠭᠰᠠᠯᠠᠬᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠵᠦ ᠥᠭᠪᠡ᠃ ᠡᠭᠦᠨ᠎ᠤ ᠵᠡᠷᠭᠡ᠎ᠳᠤ ᠵᠠᠭᠤᠴᠢᠯᠠᠭᠤᠷ᠎ᠤᠨ᠎ᠬᠢᠨ᠎ᠢ ᠤᠷᠢᠵᠤ ᠳᠠᠩᠰᠠᠯᠠᠬᠤ ᠭᠠᠵᠠᠷ᠎ᠲᠤ ᠣᠴᠢᠭᠤᠯᠤᠨ ᠤᠬᠠᠭᠤᠯᠭ᠎ᠠ ᠵᠢ ᠰᠢᠭᠤᠳ ᠨᠠᠪᠲᠠᠷᠡᠭᠦᠯᠵᠦ᠂ ᠳᠥᠭᠥᠮ ᠪᠥᠭᠡᠳ ᠲᠣᠬᠢᠷᠠᠮᠵᠢᠲᠠᠢ ᠤᠷᠤᠭ᠎ᠤᠨ ᠶᠣᠰᠣ ᠵᠢᠷᠤᠮ᠎ᠢ ᠰᠠᠨᠠᠭ᠋ᠠᠴᠢᠯᠠᠨ᠂ ᠪᠣᠯᠪᠠᠰᠤᠨ ᠥᠭᠡᠳᠡᠷᠬᠡᠭ ᠤᠷᠤᠭ᠎ᠤᠨ ᠰᠣᠶᠣᠯ᠎ᠢ  ᠪᠤᠢ ᠪᠤᠯᠭ᠋ᠠᠪᠠ᠃ 2 ᠰᠠᠷ᠎ᠠ ᠵᠢᠨ 14᠎ᠤ ᠡᠳᠦᠷ ᠪᠥᠬᠥ ᠬᠣᠲᠠ ᠵᠢᠨ ᠡᠯ᠎ᠡ ᠣᠷᠣᠭ᠎ᠤᠨ ᠪᠦᠷᠢᠳᠬᠡᠯ᠎ᠤᠨ ᠭᠠᠵᠠᠷ ᠨᠡᠶ᠋ᠢᠲᠡ 601 ᠬᠣᠣᠰ ᠣᠷᠣᠭ ᠲᠠᠡᠭᠰᠠᠯᠠᠭᠤᠯᠤᠬᠰᠠᠨ ᠠᠵᠢ᠃


ᠨᠠᠰᠤᠵᠢᠯ᠎ᠤᠨ ᠦᠢ᠍ᠯᠡᠴᠢᠯᠡᠭᠡ


   ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠠᠵᠢᠯ ᠣᠯᠭᠣᠯᠲᠠ ᠵᠢᠨ ᠬᠦᠴᠢᠷ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠴᠦᠨ ᠨᠡᠮᠡᠷᠢᠯᠡᠵᠦ᠂ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ᠎ᠳᠤ ᠰᠢᠨ᠎ᠡ ᠠᠷᠭ᠎ᠠ ᠵᠠᠮ ᠨᠡᠭᠡᠭᠡᠨ ᠡᠷᠭᠦᠨ᠎ᠡ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠬᠢᠭᠡᠳ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ ᠨᠢᠭᠲᠠ ᠬᠠᠮᠲᠤᠷᠠᠯᠴᠠᠭ᠎ᠠ ᠵᠢ ᠵᠢᠯᠣᠭᠣᠳᠤᠨ᠂ ᠡᠬᠢ ᠪᠠᠶᠠᠯᠢᠭ᠎ᠢ ᠡᠮᠬᠢᠯᠡᠬᠡᠳ ᠠᠵᠢᠯ ᠣᠯᠬᠤ᠎ᠳᠤ ᠬᠦᠴᠢᠷᠲᠡᠢ ᠠᠳᠠᠯ ᠦᠢ᠍ᠯᠡᠰ ᠴᠣᠭᠴᠠᠯᠠᠬᠤ ᠬᠦᠰᠡᠯ᠎ᠲᠠᠢ ᠨᠠᠰᠤᠵᠢᠯ᠎ᠤᠨ ᠠᠰᠠᠷᠠᠮᠵᠢ ᠵᠢᠨ ᠠᠵᠢᠯ ᠲᠥᠷᠥᠯ᠎ᠳᠤ ᠣᠷᠣᠯᠴᠠᠭᠰᠠᠨ ᠬᠥᠳᠡᠯᠮᠦᠷᠢᠴᠢᠳ᠎ᠲᠤ ᠲᠦᠷᠦᠭᠦᠸ᠋ ᠵᠢᠯ᠎ᠤᠨ 《ᠤᠷ᠎ᠠ ᠮᠡᠷᠭᠡᠵᠢᠯ᠎ᠤᠨ ᠪᠡᠯᠡᠭ》 ᠬᠦᠷᠭᠡᠵᠦ᠂ ᠣᠨᠣᠯ᠎ᠤᠨ ᠮᠡᠳᠡᠯᠭᠡ᠂ ᠪᠣᠳᠠᠲᠤ ᠪᠣᠯᠪᠠᠰᠤᠷᠠᠯ ᠵᠡᠷᠭᠡ ᠬᠢᠴᠢᠶᠡᠯ ᠵᠶ᠋ᠡᠷ ᠳᠠᠮᠵᠢᠭᠤᠯᠤᠨ᠂ 31 ᠨᠡᠢ᠌ᠭᠡᠮ᠎ᠤᠨ ᠠᠵᠢᠯᠲᠠᠨ᠎ᠢ ᠬᠠᠪᠰᠤᠷᠤᠨ ᠠᠵᠢᠯ ᠣᠯᠬᠤ ᠴᠢᠳᠠᠪᠤᠷᠢ ᠪᠠ ᠠᠵᠢᠯ ᠮᠡᠷᠭᠡᠵᠢᠯ᠎ᠤᠨ ᠬᠡᠪ ᠪᠣᠯᠪᠠᠰᠤᠷᠠᠯ᠎ᠢ᠎ᠨᠢ ᠳᠡᠭᠡᠭᠰᠢᠯᠡᠭᠦᠯᠪᠡ᠃
 
ᠨᠢᠬᠦᠯᠡᠰᠤᠡᠭᠭᠦᠢ ᠵᠢᠨ ᠦᠢ᠍ᠯᠡᠰ


   ᠪᠠᠶᠠᠨᠨᠠᠭᠤᠷ ᠬᠣᠲᠠ ᠵᠢᠨ ᠱᠠᠡᠭᠨᠠᠯᠳᠤ ᠰᠤᠭᠤᠯᠤᠭ᠎ᠠ ᠵᠢᠨ ᠲᠥᠪ᠎ᠤᠨ᠎ᠬᠢᠨ 《ᠬᠠᠪᠤᠷ᠎ᠤᠨ ᠠᠵᠢᠯᠯᠠᠭ᠎ᠠ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠲᠤᠯᠠᠭ᠋ᠠᠬᠠᠨ ᠬᠠᠪᠤᠷ᠂ ᠠᠵᠢᠯ ᠣᠯᠭᠣᠯᠲᠠ ᠵᠢᠨ ᠲᠤᠰᠠᠯᠠᠮᠵᠢ》 ᠵᠢᠨ ᠠᠵᠢᠯ ᠣᠯᠭᠣᠯᠲᠠ ᠵᠢᠨ ᠠᠵᠢᠯᠲᠠᠨ ᠡᠯᠰᠡᠬᠦ ᠴᠤᠭᠯᠠᠭ᠋ᠠᠨ᠎ᠢ ᠠᠬᠢᠭᠤᠯᠬᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠠᠵᠢᠯ᠎ᠤᠨ ᠪᠠᠢ᠌ᠷᠢ ᠲᠠᠨᠢᠯᠴᠠᠭᠤᠯᠬᠤ᠂ ᠤᠬᠠᠭᠤᠯᠭ᠎ᠠ ᠵᠢᠨ ᠰᠠᠮᠪᠠᠷ᠎ᠠ ᠲᠣᠬᠢᠷᠠᠭᠤᠯᠬᠤ ᠵᠡᠷᠭᠡ ᠠᠷᠭ᠎ᠠ᠎ᠪᠠᠷ ᠠᠵᠢᠯ ᠡᠷᠢᠭᠰᠡᠳ᠎ᠲᠤ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠲᠠᠨᠢᠯᠴᠠᠭᠤᠯᠵᠤ᠂  ᠱᠠᠡᠭᠨᠠᠯᠳᠤ ᠰᠤᠭᠤᠯᠤᠭ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ ᠦᠢ᠍ᠯᠡᠰ ᠪᠤᠰᠬᠠᠵᠤ ᠠᠵᠢᠯ ᠣᠯᠭᠣᠬᠤ᠎ᠳᠤ ᠬᠦᠴᠦᠨ ᠨᠡᠮᠡᠷᠢᠯᠡᠬᠦ ᠵᠢ ᠦᠨᠡᠨ ᠬᠦ᠌ ᠠᠬᠢᠭᠤᠯᠪᠠ᠃ ᠠᠵᠢᠯᠯᠠᠭ᠎ᠠ ᠲᠡᠬᠡᠷ᠎ᠡ  300 ᠭᠠᠷᠤᠢ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠵᠤ᠂ 400 ᠤᠳᠠᠭ᠎ᠠ ᠵᠢᠨ ᠯᠠᠪᠯᠠᠯᠭ᠎ᠠ ᠬᠠᠡᠭᠭ᠋ᠠᠯ᠎ᠠ᠃

 


   


ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.20
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.24
 
            