ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ 2024 ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠢᠪᠡ
ᠨᠡᠶᠢᠲᠡᠯᠡᠭᠰᠡᠨ ᠴᠠᠭ᠄ 2025-02-20

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2 ᠳ᠋ᠤᠭ᠋ᠠᠷ ᠰᠠᠷ᠎ᠠ ᠵᠢᠨ 18᠎ᠤ ᠡᠳᠦᠷ 2024 ᠣᠨ᠎ᠤ ᠤᠳᠤᠷᠢᠳᠬᠤ ᠪᠠᠭ᠎ᠤᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠬᠣᠶᠠᠳᠤᠭ᠋ᠠᠷ ᠱᠠᠯᠠᠪᠳᠠᠭᠤᠯᠤᠨ ᠵᠢᠯᠤᠭᠣᠳᠬᠤ ᠳᠤᠭᠤᠢ᠌ᠯᠠᠩ᠎ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠎ᠤᠨ ᠡᠳ᠋᠎ᠤᠨ ᠵᠠᠰᠠᠭ᠎ᠤᠨ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠵᠠᠩ ᠵᠢᠨ ᠮᠠ ᠬᠤᠷᠠᠯ᠎ᠳᠤ ᠣᠷᠣᠯᠴᠠᠨ ᠵᠢᠭ᠋ᠠᠨ ᠵᠢᠯᠤᠭᠣᠳᠴᠤ ᠦᠨᠡᠯᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠺᠠᠩ ᠰᠢᠤᠸᠠᠢ ᠳ᠋ᠦᠩ ᠬᠤᠷᠠᠯ᠎ᠢ ᠡᠷᠭᠢᠯᠡᠭᠰᠡᠨ ᠪᠥᠭᠡᠳ ᠳ᠋ᠦᠡᠭᠨᠡᠵᠡᠢ᠃
    ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠲᠤᠰ ᠤᠳᠠᠭ᠋ᠠᠨ᠎ᠤ ᠠᠷᠠᠳᠴᠢᠯᠠᠭᠰᠠᠨ ᠠᠮᠢᠳᠤᠷᠠᠯ᠎ᠤᠨ ᠬᠤᠷᠠᠯ᠎ᠢ ᠰᠠᠢ᠌ᠲᠤᠷ ᠬᠤᠷᠠᠯᠳᠤᠭᠤᠯᠬᠤ ᠵᠢ ᠴᠢᠬᠤᠯᠠᠴᠢᠯᠠᠵᠤ ᠬᠤᠷᠠᠯ᠎ᠠᠴᠠ ᠡᠮᠦᠨ᠎ᠡ ᠲᠤᠰᠬᠠᠢ ᠰᠡᠳᠦᠪ ᠵᠶ᠋ᠡᠷ ᠪᠠᠢ᠌ᠷᠢᠯᠠᠭᠤᠯᠵᠤ᠂ ᠠᠵᠢᠯ᠎ᠤᠨ ᠲᠥᠰᠥᠯ ᠲᠣᠭᠲᠠᠭ᠋ᠠᠵᠤ᠂ ᠭᠣᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠬᠤ ᠵᠢ ᠥᠷᠨᠢᠭᠦᠯᠵᠦ᠂ ᠰᠠᠨᠠᠯ ᠰᠠᠨᠠᠭᠤᠯᠭ᠎ᠠ ᠵᠢ ᠦᠷᠬᠡᠨ ᠵᠶ᠋ᠡᠷ ᠬᠤᠷᠢᠶᠠᠵᠤ ᠰᠡᠳᠬᠢᠯ᠎ᠤᠨ ᠦᠭᠡ᠎ᠪᠠᠨ ᠶᠠᠷᠢᠯᠴᠠᠬᠤ ᠠᠵᠢᠯ᠎ᠢ ᠭᠦᠨᠵᠡᠭᠡᠢ ᠥᠷᠨᠢᠭᠦᠯᠦᠭᠰᠡᠨ ᠰᠠᠭᠤᠷᠢᠨ ᠳᠡᠭᠡᠷ᠎ᠡ ᠵᠦᠢ᠍ᠯ ᠳᠠᠷᠠᠭ᠋ᠠᠯᠠᠨ ᠬᠠᠷᠢᠴᠠᠭᠤᠯᠤᠨ ᠠᠰᠠᠭᠤᠳᠠᠯ᠎ᠢ ᠪᠠᠢ᠌ᠴᠠᠭ᠋ᠠᠨ ᠳᠡᠯᠭᠡᠵᠦ᠂ ᠤᠳᠤᠷᠢᠳᠬᠤ ᠪᠠᠭ ᠪᠠ ᠬᠤᠪᠢ ᠬᠥᠮᠥᠨ᠎ᠤ ᠬᠠᠷᠢᠴᠠᠭᠤᠯᠤᠨ ᠪᠠᠢ᠌ᠴᠠᠭ᠋ᠠᠭᠰᠠᠨ ᠮᠠᠲ᠋ᠧᠷᠢᠶᠠᠯ᠎ᠢ ᠪᠢᠴᠢᠵᠦ ᠡᠰᠡᠷᠭᠦ ᠲᠠᠯ᠎ᠠ ᠵᠢᠨ ᠨᠡᠢ᠌ᠲᠡᠯᠢᠭ ᠵᠢᠱ᠌ᠢᠶ᠎ᠡ ᠵᠢ ᠵᠠᠳᠠᠯᠤᠨ ᠰᠢᠨᠵᠢᠯᠡᠵᠦ᠂ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠢ ᠰᠠᠢ᠌ᠲᠤᠷ ᠬᠤᠷᠠᠯᠳᠤᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠪᠠ᠃
   ᠬᠤᠷᠠᠯ ᠲᠡᠬᠡᠷ᠎ᠡ  ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠨᠡᠢ᠌ᠲᠡᠯᠡᠵᠡᠢ᠃ ᠺᠠᠩ ᠰᠢᠤᠸᠠᠢ ᠳ᠋ᠦᠩ ᠲᠥᠯᠥᠭᠡᠯᠡᠭᠴᠢᠳ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ ᠬᠠᠷᠢᠴᠠᠭᠤᠯᠤᠭᠰᠠᠨ ᠪᠠᠢ᠌ᠴᠠᠭ᠋ᠠᠯᠲᠠ ᠬᠢᠭᠰᠡᠨ ᠪᠥᠭᠡᠳ ᠲᠦᠷᠦᠭᠦᠯᠡᠨ ᠬᠤᠪᠢ ᠬᠥᠮᠥᠨ᠎ᠤ ᠬᠠᠷᠢᠴᠠᠭᠤᠯᠤᠭᠰᠠᠨ ᠪᠠᠢ᠌ᠴᠠᠭ᠋ᠠᠯᠲᠠ ᠬᠢᠭᠰᠡᠨ᠎ᠤ ᠳᠠᠷᠠᠭ᠎ᠠ ᠤᠳᠤᠷᠢᠳᠬᠤ ᠪᠠᠭ᠎ᠤᠨ ᠪᠦᠷᠢᠯᠳᠦᠭᠦᠨ ᠨᠠᠷ ᠨᠢᠭᠡᠳ ᠨᠢᠭᠡ᠎ᠪᠠᠷ ᠬᠠᠷᠢᠴᠠᠭᠤᠯᠤᠭᠰᠠᠨ ᠪᠠᠢ᠌ᠴᠠᠭ᠋ᠠᠯᠲᠠ ᠬᠢᠵᠦ᠂ ᠥᠪᠡᠷ᠎ᠤᠨ ᠪᠡᠶ᠎ᠡ᠎ᠳᠤ᠎ᠪᠠᠨ ᠬᠤᠪᠢᠰᠬᠠᠯ ᠬᠢᠬᠦ ᠵᠣᠷᠢᠭ ᠰᠠᠨᠠᠭ᠎ᠠ᠎ᠪᠠᠷ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠴᠢᠩᠭ᠎ᠠ ᠪᠥᠭᠡᠳ ᠪᠣᠳᠠᠲᠠᠢ᠎ᠪᠠᠷ ᠥᠷᠨᠢᠭᠦᠯᠦᠭᠰᠡᠨ ᠪᠠᠢ᠌ᠨ᠎ᠠ᠃
   ᠵᠠᠩ ᠵᠢᠨ ᠮᠠ ᠨᠥᠬᠥᠷ ᠬᠤᠷᠠᠯ᠎ᠢ ᠦᠨᠡᠯᠡᠬᠦ᠎ᠳᠤ᠎ᠪᠠᠨ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠠᠴᠠ ᠡᠮᠦᠨᠡᠬᠢ ᠪᠡᠯᠡᠳᠬᠡᠯ ᠠᠵᠢᠯ ᠪᠠ ᠬᠤᠷᠠᠯ᠎ᠤᠨ ᠪᠠᠢ᠌ᠳᠠᠯ᠎ᠢ ᠳᠥᠷᠪᠡᠨ ᠲᠠᠯ᠎ᠠ᠎ᠠᠴᠠ ᠨᠤᠲᠠᠯᠠᠭᠰᠠᠨ ᠪᠥᠭᠡᠳ ᠲᠠᠷᠠᠭ᠋ᠠᠴᠢ ᠵᠢᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠴᠢᠩᠭ᠎ᠠ ᠪᠥᠭᠡᠳ ᠪᠣᠳᠠᠲᠠᠢ᠎ᠪᠠᠷ ᠰᠠᠢ᠌ᠲᠤᠷ ᠠᠳᠬᠤᠬᠤ ᠲᠤᠬᠠᠢ ᠳᠥᠷᠪᠡᠨ ᠲᠠᠯ᠎ᠠ ᠵᠢᠨ ᠪᠣᠳᠠᠲᠠᠢ ᠰᠠᠨᠠᠯ ᠳᠤᠷᠠᠳᠤᠭᠰᠠᠨ ᠪᠠᠢ᠌ᠨ᠎ᠠ᠃
    ᠬᠤᠷᠠᠯ ᠲᠡᠬᠡᠷ᠎ᠡ᠄ 《ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠳᠤᠷᠢᠳᠬᠤ ᠪᠠᠭ᠎ᠤᠨ᠎ᠬᠢᠨ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮᠴᠢ ᠴᠢᠨᠠᠷ᠎ᠢ ᠤᠬᠠᠮᠰᠠᠷ᠎ᠠᠴᠠ᠎ᠪᠠᠨ ᠳᠠᠪᠲᠠᠨ ᠪᠣᠯᠪᠠᠰᠤᠷᠠᠭᠤᠯᠬᠤ᠂ ᠦᠵᠡᠯ ᠰᠠᠨᠠᠭ᠋ᠠᠨ᠎ᠤ ᠤᠬᠠᠮᠰᠠᠷ ᠵᠶ᠋ᠠᠨ ᠳᠡᠭᠡᠭᠰᠢᠯᠡᠭᠦᠯᠬᠦ ᠵᠢ ᠨᠠᠰᠤᠨ ᠲᠤᠷᠰᠢᠲᠠ ᠵᠢᠨ ᠰᠡᠳᠦᠪ ᠵᠶ᠋ᠡᠨ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ ᠠᠵᠢᠯ᠎ᠤᠨ ᠭᠣᠣᠯ ᠰᠢᠵᠢᠮ᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ ᠤᠯᠤᠰ ᠲᠦᠷᠦ ᠵᠢ ᠲᠤᠭ ᠲᠡᠮᠳᠡᠭ ᠲᠣᠳᠣᠷᠬᠠᠢ᠎ᠪᠠᠷ ᠡᠷᠬᠢᠮᠯᠡᠬᠦ ᠲᠠᠯ᠎ᠠ᠎ᠪᠠᠷ ᠵᠢᠱ᠌ᠢᠶ᠎ᠡ ᠦᠵᠡᠭᠦᠯᠵᠦ ᠳᠠᠭ᠋ᠠᠭᠤᠯᠬᠤ ᠦᠢ᠍ᠯᠡᠳᠦᠯ ᠵᠶ᠋ᠡᠨ ᠦᠷᠭᠦᠯᠵᠢᠯᠡᠨ ᠪᠠᠳᠠᠷᠠᠭᠤᠯᠬᠤ ᠬᠡᠷᠡᠭᠲᠡᠢ᠃ ᠢᠮᠠᠭᠲᠠ ᠰᠠᠬᠢᠯᠭ᠎ᠠ ᠪᠠᠲᠤ ᠵᠢ ᠪᠢᠰᠢᠷᠡᠨ ᠵᠢᠷᠦᠬᠡᠰᠢᠶᠡᠵᠦ᠂ ᠰᠠᠬᠢᠯᠭ᠎ᠠ ᠵᠢ ᠰᠠᠬᠢᠵᠤ᠂ ᠵᠥᠪ ᠡᠷᠬᠡ ᠵᠢᠨ ᠦᠵᠡᠯᠲᠡ᠂ ᠠᠵᠢᠯ᠎ᠤᠨ ᠠᠮᠵᠢᠯᠲᠠ ᠵᠢᠨ ᠦᠵᠡᠯᠲᠡ᠂ ᠠᠵᠢᠯ ᠦᠢ᠍ᠯᠡᠰ᠎ᠤᠨ ᠦᠵᠡᠯᠲᠡ ᠵᠢ ᠪᠠᠲᠤ ᠪᠤᠢ ᠪᠣᠯᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ ᠪᠠ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠲᠦᠷᠦᠭᠦᠯᠡᠨ ᠨᠠᠢ᠌ᠳᠠᠪᠤᠷᠢᠵᠢᠭᠤᠯᠵᠤ᠂  ᠨᠠᠮ᠎ᠤᠨ ᠳᠦᠷᠢᠮ ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ᠎ᠪᠠᠷ ᠦᠵᠡᠯ ᠰᠠᠨᠠᠭ᠎ᠠ᠎ᠪᠠᠨ ᠤᠬᠠᠮᠰᠠᠷ᠎ᠠᠴᠠ᠎ᠪᠠᠨ ᠬᠠᠷᠭᠤᠭᠤᠯᠵᠤ᠂ ᠦᠭᠡ ᠶᠠᠷᠢᠶ᠎ᠠ ᠦᠢ᠍ᠯᠡ ᠠᠵᠢᠯᠯᠠᠭ᠎ᠠ᠎ᠪᠠᠨ ᠵᠠᠯᠠᠷᠠᠭᠤᠯᠵᠤ᠂ ᠢᠯᠵᠠᠷᠠᠯ᠎ᠢ ᠡᠰᠡᠷᠭᠦᠴᠡᠨ ᠬᠤᠪᠢᠷᠠᠬᠤ ᠵᠢ ᠰᠡᠷᠭᠡᠢ᠌ᠯᠡᠬᠦ ᠬᠣᠷᠢᠭ᠎ᠠ ᠱᠤᠭᠤᠮ᠎ᠢ ᠪᠠᠲᠤ ᠰᠠᠬᠢᠬᠤ ᠲᠠᠯ᠎ᠠ᠎ᠪᠠᠷ ᠵᠢᠱ᠌ᠢᠶ᠎ᠡ ᠦᠵᠡᠭᠦᠯᠵᠦ ᠳᠠᠭ᠋ᠠᠭᠤᠯᠬᠤ ᠦᠢ᠍ᠯᠡᠳᠦᠯ ᠵᠶ᠋ᠡᠨ ᠪᠠᠳᠠᠷᠠᠭᠤᠯᠬᠤ ᠬᠡᠷᠡᠭᠲᠡᠢ᠃ ᠠᠵᠢᠯᠯᠠᠬᠤ ᠵᠢ ᠲᠡᠷᠢᠭᠦᠨ᠎ᠳᠤ ᠲᠠᠯᠪᠢᠬᠤ᠂ ᠪᠣᠳᠠᠲᠠᠢ ᠠᠵᠢᠯᠯᠠᠬᠤ᠎ᠪᠠᠷ ᠭᠣᠣᠯᠳᠠᠯᠭ᠎ᠠ ᠪᠣᠯᠭ᠋ᠠᠬᠤ ᠵᠢ ᠪᠠᠷᠢᠮᠲᠠᠯᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠯᠠᠪᠳᠠᠭᠤᠨ ᠪᠠᠲᠤᠲᠠᠢ ᠪᠦᠬᠡᠳ ᠪᠣᠳᠠᠲᠠᠢ ᠵᠢ ᠡᠷᠬᠢᠮᠯᠡᠬᠦ ᠰᠢᠯᠢᠳᠡᠭ ᠰᠤᠷᠲᠠᠯ᠎ᠢ  ᠵᠶ᠋ᠡᠷ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠡᠳᠬᠢᠯ ᠲᠠᠯᠪᠢᠨ ᠰᠠᠢ᠌ᠲᠤᠷ ᠬᠢᠵᠦ᠂ ᠠᠵᠢᠯ ᠶᠠᠪᠤᠳᠠᠯ ᠪᠦᠲᠦᠭᠡᠬᠦ᠎ᠳᠤ᠎ᠪᠠᠨ ᠴᠢᠳᠠᠮᠠᠭ᠋ᠠᠢ᠂ ᠠᠵᠢᠯ ᠶᠠᠪᠤᠳᠠᠯ ᠪᠦᠲᠦᠭᠡᠵᠦ ᠴᠢᠳᠠᠬᠤ᠂ ᠨᠠᠢ᠌ᠳᠠᠪᠤᠷᠢᠵᠢᠭᠤᠯᠤᠯᠲᠠ ᠵᠢ ᠠᠳᠬᠤᠬᠤ ᠲᠠᠯ᠎ᠠ᠎ᠪᠠᠷ ᠵᠢᠱ᠌ᠢᠶ᠎ᠡ ᠦᠵᠡᠭᠦᠯᠵᠦ   ᠳᠠᠭ᠋ᠠᠭᠤᠯᠬᠤ ᠦᠢ᠍ᠯᠡᠳᠦᠯ ᠵᠶ᠋ᠡᠨ ᠪᠠᠳᠠᠷᠠᠭᠤᠯᠬᠤ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ 〈ᠨᠢᠭᠡ ᠠᠵᠢᠯ᠎ᠤᠨ ᠪᠠᠢ᠌ᠷᠢ ᠬᠣᠶᠠᠷ ᠬᠠᠷᠢᠭᠤᠴᠠᠯᠭ᠎ᠠ〉 ᠵᠢ ᠬᠢᠨᠠᠮᠠᠭ᠋ᠠᠢ ᠭᠦᠢ᠍ᠴᠡᠳᠬᠡᠵᠦ᠂ ᠨᠠᠮ᠎ᠤᠨ ᠰᠠᠬᠢᠯᠭ᠎ᠠ ᠵᠢᠨ ᠰᠤᠷᠤᠯᠴᠠᠯᠭ᠎ᠠ ᠬᠥᠮᠦᠵᠢᠯ᠎ᠢ ᠪᠠᠢ᠌ᠩᠭᠤᠵᠢᠭᠤᠯᠬᠤ ᠠᠵᠢᠯ᠎ᠢ ᠤᠷᠳᠤ ᠬᠤᠭᠤᠴᠠᠭ᠎ᠠ᠎ᠪᠠᠷ ᠪᠦᠲᠦᠮᠵᠢᠲᠡᠢ ᠪᠣᠯᠭ᠋ᠠᠬᠤ ᠠᠵᠢᠯ᠎ᠢ ᠠᠬᠢᠭᠤᠯᠵᠤ᠂  ᠨᠠᠮ᠎ᠢ ᠪᠦᠬᠦ ᠲᠠᠯ᠎ᠠ᠎ᠪᠠᠷ ᠴᠢᠩᠭ᠎ᠠ ᠬᠠᠮᠢᠶᠠᠷᠬᠤ ᠨᠠᠮ᠎ᠢ ᠵᠠᠰᠠᠬᠤ ᠬᠠᠷᠢᠭᠤᠴᠠᠯᠭ᠎ᠠ ᠵᠢ ᠭᠦᠢ᠍ᠴᠡᠳᠬᠡᠬᠦ ᠲᠠᠯ᠎ᠠ᠎ᠪᠠᠷ ᠵᠢᠱ᠌ᠢᠶ᠎ᠡ ᠦᠵᠡᠭᠦᠯᠵᠦ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ  ᠰᠡᠭᠦᠯᠴᠢ ᠵᠢᠨ ᠠᠵᠢᠯ ᠎ᠢ ᠰᠠᠢ᠌ᠲᠤᠷ ᠬᠢᠵᠤ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠴᠢᠷᠮᠠᠢ᠌ᠨ ᠰᠠᠢ᠌ᠲᠤᠷ ᠠᠳᠬᠤᠵᠤ᠂ ᠨᠡᠩ ᠥᠨᠳᠥᠷ ᠪᠠᠷᠢᠮᠵᠢᠶ ᠎ᠠ᠂ ᠨᠡᠩ ᠴᠢᠩᠭ᠎ᠠ ᠱᠠᠭ᠋ᠠᠷᠳᠠᠯᠭ᠎ᠠ᠂ ᠨᠡᠩ ᠪᠣᠳᠠᠲᠠᠢ ᠰᠤᠷᠲᠠᠯ ᠵᠶ᠋ᠠᠷ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠵᠤ᠂ ᠲᠢᠩᠬᠢᠮ᠎ᠤᠨ ᠰᠢᠰᠲᠸᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠨᠠᠮ᠎ᠤᠨ ᠭᠡᠰᠢᠭᠦᠨ ᠺᠠᠳ᠋ᠷᠴᠤᠳ᠎ᠤᠨ ᠡᠭᠦᠷᠭᠡ ᠬᠠᠷᠢᠭᠤᠴᠠᠯᠭ᠎ᠠ᠎ᠪᠠᠨ ᠬᠦᠢ᠍ᠴᠡᠳᠬᠡᠬᠦ᠎ᠳᠤ ᠦᠯᠢᠬᠡᠷ ᠵᠢᠱ᠌ᠢᠶ᠎ᠡ ᠪᠤᠯᠵᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ᠎ᠤᠨ ᠦᠷ᠎ᠡ ᠪᠦᠲᠦᠭᠡᠯ᠎ᠢ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ》 ᠭᠡᠵᠤ ᠱᠠᠭ᠋ᠠᠷᠳᠠᠯ᠎ᠠ᠃


   




   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.25
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.26
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.27
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.28
 
            