ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.24
ᠨᠡᠶᠢᠲᠡᠯᠡᠭᠰᠡᠨ ᠴᠠᠭ᠄ 2025-02-24

ᠶᠡᠷᠤᠡᠭᠭᠡᠢ᠌ᠯᠡᠭᠰᠡᠨ ᠠᠵᠢᠯ


    ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠬᠤᠷᠠᠯ ᠤᠷᠴᠢᠮ᠎ᠳᠤ ᠬᠤᠷᠠᠯᠳᠤᠪᠠ᠃ ᠬᠤᠷᠠᠯ ᠲᠡᠬᠡᠷ᠎ᠡ  ᠦᠨᠳᠦᠰᠦᠨ  ᠪᠠᠳᠤᠯᠠᠭ᠎ᠠ ᠵᠢᠨ ᠪᠠᠷᠢᠮᠵᠢᠶ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ᠂ ᠰᠠᠭᠤᠷᠢ ᠦᠢ᠍ᠯᠡᠴᠢᠯᠡᠭᠡ ᠵᠢ ᠲᠠᠰᠤᠷᠠᠯᠲᠠ ᠦᠭᠡᠢ ᠲᠡᠭᠦᠯᠳᠡᠷᠵᠢᠭᠦᠯᠬᠦ᠂ ᠥᠭᠡᠷᠡᠴᠢᠯᠡᠯᠲᠡ ᠵᠢᠨ ᠦᠢ᠍ᠯᠡᠳᠦᠯᠭᠡ ᠲᠠᠰᠤᠷᠠᠯᠲᠠ ᠦᠭᠡᠢ ᠰᠢᠨᠡᠳᠬᠡᠬᠦ ᠵᠡᠷᠭᠡ ᠭᠤᠷᠪᠠᠨ ᠲᠠᠯ᠎ᠠ᠎ᠠᠴᠠ  ᠤᠷᠴᠢᠮ᠎ᠤᠨ ᠵᠢᠯ᠎ᠤᠨ ᠠᠵᠢᠯ ᠵᠶ᠋ᠠᠨ ᠪᠦᠬᠦ ᠲᠠᠯ᠎ᠠ᠎ᠪᠠᠷ ᠳ᠋ᠦᠩᠨᠡᠵᠡᠢ᠃ ᠬᠤᠷᠠᠯ ᠲᠡᠬᠡᠷ᠎ᠡ᠄ 《ᠳᠠᠪᠬᠤᠷᠭ᠎ᠠ ᠲᠦᠷᠦᠯ ᠬᠤᠪᠢᠶᠠᠭᠰᠠᠨ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠂ ᠨᠡᠢ᠌ᠭᠡᠮ᠎ᠤᠨ ᠶᠠᠪᠤᠳᠠᠯ ᠪᠣᠯᠣᠨ ᠨᠡᠢ᠌ᠭᠡᠮ᠎ᠤᠨ ᠵᠠᠰᠠᠯᠲᠠ ᠵᠢᠨ ᠬᠢᠨᠠᠨ ᠬᠠᠮᠢᠶᠠᠷᠬᠤ ᠦᠢ᠍ᠯᠡᠴᠢᠯᠡᠭᠡᠨ᠎ᠤ ᠰᠢᠰᠲᠸᠮ ᠵᠡᠷᠭᠡ 3 ᠰᠢᠰᠲᠸᠮ᠎ᠤᠨ ᠪᠠᠢ᠌ᠭᠤᠯᠤᠯᠲᠠ ᠵᠢ ᠦᠷᠭᠦᠯᠵᠢᠯᠡᠨ ᠲᠡᠬᠦᠯᠳᠡᠷᠵᠢᠬᠦᠯᠤᠨ ᠠᠷᠠᠳ᠎ᠤᠨ ᠶᠠᠪᠤᠳᠠᠯ᠎ᠤᠨ ᠠᠵᠢᠯ ᠵᠶ᠋ᠠᠷ ᠠᠷᠠᠳ᠎ᠤᠨ ᠠᠮᠢᠳᠤᠷᠠᠯ᠎ᠳᠤ ᠨᠡᠩ ᠠᠰᠢᠭ ᠬᠦᠷᠲᠡᠭᠡᠬᠦ᠂ ᠠᠷᠠᠳ᠎ᠤᠨ ᠵᠤᠪᠠᠨᠢᠯ᠎ᠢ ᠠᠷᠢᠯᠭ᠋ᠠᠬᠤ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠬᠡᠷᠡᠭᠲᠡᠢ》 ᠬᠡᠯ᠎ᠡ᠃


ᠨᠡᠢ᠌ᠭᠡᠮ᠎ᠤᠨ ᠶᠠᠪᠤᠳᠠᠯ


   ᠪᠠᠶᠠᠨᠨᠠᠭᠤᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠤᠶᠤᠨ᠎ᠤ ᠰᠠᠭ᠋ᠠᠳ᠎ᠲᠠᠢ ᠡᠪᠡᠳᠴᠢᠳᠠᠨ᠎ᠢ ᠡᠷᠡᠬᠦᠯᠵᠢᠬᠦᠯᠬᠦ ᠠᠰᠠᠷᠠᠮᠵᠢ ᠵᠢᠨ ᠬᠦᠷᠢᠶᠡᠯᠡᠩ᠎ᠤᠨ ᠤᠶᠤᠨ᠎ᠤᠨ ᠡᠷᠡᠭᠦᠯᠵᠢᠯ᠎ᠤᠨ ᠠᠭᠤᠰᠤᠯᠴᠠᠯ᠎ᠤᠨ ᠠᠯᠪᠠᠨ ᠭᠡᠷ ᠪᠠᠷᠢᠮᠵᠢᠶᠠᠵᠢᠭᠰᠠᠨ ᠠᠰᠠᠭᠤᠯᠲᠠ ᠵᠢᠨ ᠬᠠᠭᠤᠳᠠᠰᠤ ᠪᠠ ᠠᠵᠢᠭᠯᠠᠨ ᠰᠤᠷᠪᠤᠯᠵᠢᠯᠠᠬᠤ ᠵᠡᠷᠭᠡ ᠠᠷᠭ᠎ᠠ᠎ᠪᠠᠷ ᠳᠦᠷᠰᠦ ᠰᠢᠩᠭᠡᠭᠡᠯᠲᠡ ᠵᠢᠨ ᠮᠡᠳᠡᠭᠡ ᠵᠠᠩᠭᠢ ᠬᠢᠭᠡᠳ ᠴᠠᠭ᠋ᠠᠰᠤᠨ ᠲᠠᠩᠰᠠ ᠡᠪᠬᠡᠮᠡᠯ᠎ᠤᠨ ᠬᠣᠣᠰ ᠰᠢᠰᠲ᠋ᠧᠮ᠎ᠢ ᠪᠠᠢ᠌ᠭᠤᠯᠵᠤ᠂ 《ᠨᠢᠭᠡ ᠡᠷᠦᠬᠡ ᠨᠢᠭᠡ ᠲᠠᠩᠰᠠ ᠡᠪᠬᠡᠮᠡᠯ》 ᠵᠶ᠋ᠡᠷ ᠣᠶᠤᠨ᠎ᠤ ᠰᠠᠭ᠋ᠠᠳ᠎ᠲᠠᠢ ᠡᠪᠡᠳᠴᠢᠲᠡᠨ᠎ᠤ ᠡᠷᠡᠭᠦᠯ ᠮᠡᠨᠳᠦ ᠵᠢᠨ ᠲᠣᠭ᠎ᠠ ᠪᠠᠷᠢᠮᠲᠠ᠂ ᠭᠡᠷ ᠪᠦᠯᠢ ᠵᠢᠨ ᠳᠡᠮᠵᠢᠯᠭᠡ ᠪᠠ ᠨᠡᠢ᠌ᠭᠡᠮ᠎ᠤᠨ ᠣᠷᠣᠯᠴᠠᠭᠰᠠᠨ ᠪᠠᠢ᠌ᠳᠠᠯ᠎ᠢ ᠨᠠᠷᠢᠯᠢᠭ ᠣᠨᠣᠴᠠᠲᠠᠢ᠎ᠪᠠᠷ ᠴᠤᠭᠯᠠᠭᠤᠯᠪᠠ᠃ ᠣᠲᠣ ᠪᠣᠯᠲᠠᠯ᠎ᠠ 32 ᠡᠷᠦᠬᠡ ᠵᠢ ᠰᠤᠷᠪᠤᠯᠵᠢᠯᠠᠵᠤ᠂  ᠠᠵᠢᠯᠲᠠᠨ᠎ᠤ ᠲᠠᠩᠰᠠ ᠡᠪᠬᠡᠮᠡᠯ᠎ᠢ 32 ᠪᠠᠢ᠌ᠭᠤᠯᠵᠠᠢ᠃


ᠨᠠᠰᠤᠵᠢᠯ᠎ᠤᠨ ᠦᠢ᠍ᠯᠡᠴᠢᠯᠡᠭᠡ


    ᠣᠷᠳᠣᠰ ᠬᠣᠲᠠ ᠵᠢᠨ᠎ᠬᠢᠨ ᠤᠷᠴᠢᠮ᠎ᠳᠤ ᠨᠠᠰᠤᠵᠢᠯ᠎ᠤᠨ ᠠᠰᠠᠷᠠᠮᠵᠢ ᠵᠢᠨ ᠠᠵᠤ ᠦᠢ᠍ᠯᠡᠰ᠎ᠤᠨ ᠴᠢᠨᠠᠷᠯᠢᠭ ᠬᠥᠭᠵᠢᠯᠲᠡ ᠵᠢᠨ ᠲᠤᠰᠬᠠᠢ ᠮᠡᠷᠭᠡᠵᠢᠯᠲᠡᠨ᠎ᠤ ᠰᠤᠳᠤᠯᠤᠨ ᠶᠠᠷᠢᠯᠴᠠᠬᠤ ᠬᠤᠷᠠᠯ ᠡᠷᠭᠢᠯᠡᠭᠰᠡᠨ ᠪᠥᠭᠡᠳ ᠪᠥᠬᠥ ᠬᠣᠲᠠ ᠵᠢᠨ ᠲᠤᠰᠬᠠᠢ ᠮᠡᠷᠭᠡᠵᠢᠯᠲᠡᠨ᠎ᠤ ᠣᠶᠤᠨ᠎ᠤ ᠬᠥᠮᠥᠷᠭᠡ ᠵᠢᠨ ᠪᠦᠷᠢᠯᠳᠦᠭᠦᠨ᠎ᠳᠤ ᠤᠷᠢᠯᠭ᠎ᠠ ᠵᠢᠨ ᠪᠢᠴᠢᠭ ᠭᠠᠷᠳᠠᠭᠤᠯᠪᠠ᠃ ᠬᠤᠷᠠᠯ ᠳᠡᠭᠡᠷ᠎ᠡ ᠣᠶᠤᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ ᠪᠥᠬᠥ ᠬᠣᠲᠠ ᠵᠢᠨ ᠨᠠᠰᠤᠵᠢᠯᠲᠠ ᠵᠢ ᠠᠷᠭ᠋ᠠᠴᠠᠬᠤ ᠶᠡᠷᠦᠩᠬᠡᠢ ᠠᠷᠭ᠎ᠠ ᠪᠣᠳᠣᠯᠭ᠎ᠠ᠂ ᠪᠤᠭᠤᠷᠤᠯᠴᠤᠳ᠎ᠤᠨ ᠠᠵᠤ ᠠᠬᠤᠢ ᠵᠢ ᠬᠥᠭᠵᠢᠭᠦᠯᠬᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ᠂ ᠨᠡᠢ᠌ᠭᠡᠮ᠎ᠤᠨ ᠠᠵᠢᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠎ᠳᠤ ᠣᠷᠣᠯᠴᠠᠬᠤ᠂ ᠪᠡᠶ᠎ᠡ᠎ᠳᠤ᠎ᠪᠠᠨ ᠵᠦᠪ ᠦᠬᠡᠢ ᠪᠠ  ᠣᠶᠤᠨ ᠎ᠤ ᠰᠠᠭ᠋ᠠᠳ᠎ᠲᠠᠢ ᠨᠠᠰᠤᠲᠠᠢ᠌ᠴᠤᠳ᠎ᠢ ᠬᠠᠷᠠᠭ᠋ᠠᠯᠵᠠᠨ ᠠᠰᠠᠷᠠᠬᠤ ᠲᠥᠷᠥ ᠵᠢᠨ ᠪᠣᠳᠣᠯᠭ᠎ᠠ ᠵᠡᠷᠭᠡ ᠠᠰᠠᠭᠤᠳᠠᠯ᠎ᠤᠨ ᠲᠣᠭᠣᠷᠢᠨ᠎ᠳᠤ ᠭᠣᠣᠯ ᠵᠣᠷᠢᠯᠲᠠ ᠵᠢᠨ ᠶᠠᠷᠢᠶ᠎ᠠ ᠲᠠᠯᠪᠢᠪᠠ᠃ ᠬᠤᠷᠠᠯ ᠲᠡᠬᠡᠷ᠎ᠡ᠄ 《ᠪᠦᠬᠦ ᠬᠤᠳᠠ ᠵᠢᠨ ᠠᠷᠠᠳ᠎ᠤᠨ ᠶᠠᠪᠤᠳᠠᠯ᠎ᠤᠨ  ᠬᠦᠷᠢᠶ᠎ᠡ ᠴᠠᠷᠠᠭ᠎ᠠ᠎ᠳᠤ᠎ᠬᠢ ᠲᠤᠰᠬᠠᠢ ᠮᠡᠷᠭᠡᠵᠢᠯᠲᠡᠨ᠎ᠤ ᠤᠶᠤᠨ᠎ᠤ ᠬᠥᠮᠥᠷᠭᠡ᠎ᠪᠠᠷ ᠬᠥᠳᠡᠯᠭᠡᠭᠦᠷ ᠪᠣᠯᠭ᠋ᠠᠵᠤ᠂ ᠵᠠᠰᠠᠭ᠎ᠤᠨ ᠣᠷᠳᠣᠨ᠂ ᠠᠵᠤ ᠦᠢ᠍ᠯᠡᠰ᠂ ᠰᠤᠷᠤᠯᠴᠠᠯᠭ᠎ᠠ᠂ ᠰᠤᠳᠤᠯᠭ᠋ᠠᠨ ᠵᠡᠷᠭᠡ ᠤᠯᠠᠨ ᠲᠠᠯ᠎ᠠ ᠵᠢᠨ ᠬᠠᠮᠵᠢᠯᠴᠠᠭ᠎ᠠ ᠵᠢᠨ ᠥᠨᠳᠥᠷ ᠪᠦᠲᠦᠮᠵᠢᠲᠡᠢ ᠲᠠᠪᠴᠠᠩ᠎ᠢ  ᠪᠠᠢ᠌ᠭᠤᠯᠤᠭ᠋ᠠᠳ ᠭᠡᠷ ᠪᠦᠯᠢ ᠪᠣᠯᠣᠨ ᠨᠡᠢ᠌ᠭᠡᠮ ᠲᠣᠭᠣᠷᠢᠭ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠳᠡᠭᠡᠭᠰᠢᠯᠡᠭᠦᠯᠬᠦ ᠠᠵᠢᠯᠯᠠᠭ᠎ᠠ ᠵᠢ ᠠᠬᠢᠭᠤᠯᠵᠤ᠂ ᠪᠦᠬᠦ ᠬᠤᠳᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠰ ᠪᠣᠯᠣᠨ ᠨᠠᠰᠤᠵᠢᠯ᠎ᠤᠨ ᠠᠰᠠᠷᠠᠮᠵᠢ ᠵᠢᠨ ᠦᠢ᠍ᠯᠡᠰ᠎ᠤᠨ ᠰᠢᠨ᠎ᠡ ᠱᠠᠲᠤᠨ᠎ᠳᠤ ᠣᠷᠣᠬᠤ ᠵᠢ ᠠᠬᠢᠭᠤᠯᠬᠤ ᠬᠡᠷᠡᠭᠲᠡᠢ》 ᠭᠡᠵᠦ ᠲᠤᠷᠠᠳᠤᠯ᠎ᠠ᠃


ᠬᠡᠦᠬᠡᠳ᠎ᠤᠨ ᠠᠰᠠᠷᠠᠮᠵᠢ


   ᠬᠥᠬᠡᠬᠣᠲᠠ ᠵᠢᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠪᠠᠢ᠌ᠡᠭᠭᠤ ᠵᠢᠨ ᠤᠲᠠᠰᠤ ᠵᠢᠨ ᠭᠠᠵᠠᠷ᠎ᠤᠨ᠎ᠬᠢᠨ ᠬᠥᠬᠡᠬᠣᠲᠠ ᠵᠢᠨ ᠠᠷᠠᠳ᠎ᠲᠤ ᠦᠢ᠍ᠯᠡᠴᠢᠯᠡᠬᠦ 12345 ᠪᠠᠢ᠌ᠡᠭᠭᠤ ᠵᠢᠨ ᠤᠳᠠᠰᠤᠨ᠎ᠳᠤ ᠲᠦᠰᠢᠭᠯᠡᠨ 《ᠬᠣᠲᠠ ᠵᠢᠨ ᠱᠠᠲᠤᠨ᠎ᠤ ᠭᠥᠯᠢᠶᠡᠨ ᠠᠪᠴᠤ ᠰᠢᠢ᠍ᠳᠪᠦᠷᠢᠯᠡᠬᠦ᠂ ᠬᠠᠷᠢᠶ᠎ᠠ ᠭᠠᠵᠠᠷ᠎ᠲᠤ᠎ᠨᠢ ᠰᠢᠢ᠍ᠳᠪᠦᠷᠢᠯᠡᠬᠦ᠂ ᠱᠠᠲᠤ ᠲᠥᠷᠥᠯ ᠬᠤᠪᠢᠶᠠᠨ ᠰᠢᠢ᠍ᠳᠪᠦᠷᠢᠯᠡᠬᠦ》 ᠪᠠ 《ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠬᠠᠷᠢᠯᠴᠠᠨ ᠵᠣᠯᠭ᠋ᠠᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠬᠠᠮᠲᠤ᠎ᠳᠤ᠎ᠨᠢ ᠰᠢᠢ᠍ᠳᠪᠦᠷᠢᠯᠡᠬᠦ》 ᠠᠷᠭ᠎ᠠ᠎ᠪᠠᠷ ᠪᠦᠬᠦᠯᠢ 24 ᠴᠠᠭ ᠵᠶ᠋ᠡᠷ ᠬᠥᠮᠥᠨ᠎ᠤ ᠬᠦᠴᠦᠨ᠎ᠤ ᠦᠢ᠍ᠯᠡᠴᠢᠯᠡᠭᠡ ᠵᠢ  ᠬᠠᠡᠭᠭ᠋ᠠᠵᠤ ᠪᠠᠢ᠌ᠨ᠎ᠠ᠃ 2025 ᠣᠨ᠎ᠳᠤ 42 ᠤᠳᠠᠭ᠎ᠠ ᠤᠲᠠᠰᠤ ᠲᠤᠰᠴᠤ ᠨᠠᠰᠤᠨ᠎ᠳᠤ ᠥᠯᠥ ᠭᠦᠷᠦᠭᠰᠡᠳ᠎ᠲᠤ ᠰᠦᠯᠵᠢᠶ᠎ᠡ   ᠲᠥᠷᠥ ᠵᠢᠨ ᠪᠣᠳᠣᠯᠭ᠎ᠠ ᠵᠢᠨ ᠵᠥᠪᠯᠡᠯᠭᠡ ᠥᠭᠬᠦ᠂ ᠲᠤᠰᠠᠯᠠᠵᠤ ᠲᠡᠳᠬᠦᠬᠦ᠂ ᠦᠢ᠍ᠯᠡᠴᠢᠯᠡᠭᠡ ᠵᠢ ᠰᠢᠯᠵᠢᠭᠦᠯᠦᠨ ᠲᠠᠨᠢᠯᠴᠠᠭᠤᠯᠬᠤ ᠵᠡᠷᠭᠡ ᠦᠢ᠍ᠯᠡᠴᠢᠯᠡᠭᠡ  ᠬᠠᠡᠭᠭ᠋ᠠᠬᠰᠠᠨ᠎ᠤ ᠬᠠᠮᠲᠤ ᠠᠵᠢᠯ᠎ᠤᠨ ᠸᠢᠴᠠᠲ ᠵᠶ᠋ᠠᠷ ᠰᠦᠪᠡᠭᠴᠢ ᠴᠤᠭᠯᠠᠭᠤᠯᠵᠤ᠂ ᠲᠤᠰᠠᠯᠠᠮᠵ᠊ ᠭᠤᠶᠤᠴᠢᠯᠠᠭ᠋ᠠᠳ ᠲᠥᠭᠡᠷᠢᠭᠰᠡᠨ 1 ᠬᠡᠦᠬᠡᠳ᠎ᠢ ᠭᠡᠷ᠎ᠲᠤ᠎ᠨᠢ ᠬᠠᠷᠢᠭᠤᠯᠪᠠ᠃
    ᠪᠤᠭᠤᠲᠤ ᠬᠣᠲᠠ ᠨᠡᠭᠦᠳᠡᠯ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠬᠢᠨᠠᠨ ᠪᠠᠢ᠌ᠴᠠᠭ᠋ᠠᠬᠤ ᠠᠵᠢᠯ᠎ᠢ ᠦᠷᠭᠦᠯᠵᠢᠯᠡᠨ ᠠᠬᠢᠭᠤᠯᠵᠤ᠂ ᠡᠯ᠎ᠡ ᠬᠣᠰᠢᠭᠤ ᠰᠢᠶᠠᠨ ᠲᠣᠭᠣᠷᠢᠭ᠎ᠲᠤ ᠠᠵᠢᠯ᠎ᠤᠨ ᠲᠤᠰᠬᠠᠢ ᠠᠩᠭᠢ ᠪᠠᠢ᠌ᠭᠤᠯᠤᠨ᠂ ᠠᠵᠢᠯ᠎ᠤᠨ ᠲᠣᠬᠢᠷᠠᠭᠤᠯᠤᠯᠲᠠ ᠵᠢᠨ ᠬᠤᠷᠠᠯ ᠬᠤᠷᠠᠯᠳᠤᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠬᠠᠷᠢᠯᠴᠠᠨ ᠤᠶᠠᠯᠳᠤᠭᠤᠯᠬᠤ ᠠᠷᠭ᠎ᠠ᠎ᠪᠠᠷ ᠰᠠᠯᠠᠭ᠎ᠠ ᠮᠥᠴᠢᠷ᠎ᠤᠨ ᠬᠠᠮᠲᠤ᠎ᠪᠠᠷ ᠡᠳ᠋ᠯᠡᠬᠦ ᠲᠣᠭ᠎ᠠ ᠪᠠᠷᠢᠮᠲᠠ ᠵᠢᠨ ᠠᠳᠠᠯᠢᠳᠬᠠᠯ᠎ᠤᠨ ᠠᠬᠢᠴᠠ ᠵᠢ ᠲᠦᠷᠭᠡᠳᠬᠡᠨ᠂ 《ᠡᠭᠦᠳᠡ ᠲᠣᠭᠰᠢᠬᠤ ᠠᠵᠢᠯᠯᠠᠭ᠎ᠠ》 ᠥᠷᠨᠢᠭᠦᠯᠵᠦ᠂ 《ᠲᠣᠮᠣ ᠲᠣᠭ᠎ᠠ ᠪᠠᠷᠢᠮᠲᠠ》᠎ᠪᠠᠷ 《ᠭᠠᠡᠭ ᠲᠦᠷᠤᠬᠡ》 ᠣᠯᠭᠣᠵᠤ᠂ ᠬᠢᠨᠠᠨ ᠰᠢᠯᠭ᠋ᠠᠵᠤ ᠪᠠᠢ᠌ᠴᠠᠭ᠋ᠠᠨ ᠵᠢᠭᠰᠠᠭ᠋ᠠᠬᠤ ᠠᠵᠢᠯ ᠎ᠢ ᠨᠠᠷᠢᠯᠢᠭ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃ ᠣᠲᠣ ᠪᠣᠯᠲᠠᠯ᠎ᠠ᠂ ᠪᠠᠢ᠌ᠴᠠᠭ᠋ᠠᠵᠤ ᠭᠠᠷᠭ᠋ᠠᠭᠰᠠᠨ 2.51 ᠲᠦᠮᠡᠨ ᠨᠡᠭᠦᠳᠡᠯ ᠬᠡᠦᠬᠡᠳ᠎ᠢ ᠴᠥᠮ ᠪᠥᠬᠥ ᠤᠯᠤᠰ᠎ᠤᠨ ᠬᠡᠦᠬᠡᠳ᠎ᠤᠨ ᠠᠰᠠᠷᠠᠮᠵᠢ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠭᠤᠯᠤᠭᠰᠠᠨ ᠪᠠᠢ᠌ᠨ᠎ᠠ᠃



      
   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.25
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.26
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.27
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.28
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.3
 
            