ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.28
ᠨᠡᠶᠢᠲᠡᠯᠡᠭᠰᠡᠨ ᠴᠠᠭ᠄ 2025-02-28

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠬᠢᠭᠡᠳ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠤᠨ᠎ᠬᠢᠨ ᠤᠷᠴᠢᠮ᠎ᠳᠤ ᠬᠠᠮᠲᠤᠷᠠᠨ 《ᠣᠷᠣᠰᠢᠭᠤᠯᠭ᠎ᠠ ᠵᠢᠨ ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠲᠤᠰᠬᠠᠢ ᠵᠦᠢ᠍ᠯ᠎ᠤᠨ ᠲᠥᠯᠦᠪᠵᠢᠭᠦᠯᠭᠡ ᠵᠢ ᠨᠠᠢ᠌ᠷᠠᠭᠤᠯᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠨᠠᠢ᠌ᠷᠠᠭᠤᠯᠬᠤ ᠵᠠᠷᠴᠢᠮ᠂ ᠲᠥᠯᠦᠪᠵᠢᠭᠦᠯᠭᠡ ᠵᠢᠨ ᠬᠠᠷᠠᠯᠲᠠ᠂ ᠲᠥᠯᠦᠪᠵᠢᠭᠦᠯᠭᠡ ᠵᠢᠨ  ᠰᠢᠰᠲᠸᠮ ᠪᠠ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ᠂ ᠲᠥᠯᠦᠪᠵᠢᠭᠦᠯᠭᠡ ᠵᠢᠨ ᠠᠭᠤᠯᠭ᠎ᠠ᠂ ᠠᠵᠢᠯ᠎ᠤᠨ ᠠᠯᠬᠤᠮ ᠳᠠᠷᠠᠭ᠎ᠠ ᠪᠠ ᠬᠣᠯᠪᠣᠭᠳᠠᠯ ᠪᠦᠬᠦᠢ ᠱᠠᠭ᠋ᠠᠷᠳᠠᠯᠭ᠎ᠠ ᠵᠡᠷᠭᠡ ᠵᠢᠷᠭᠤᠭ᠋ᠠᠨ ᠲᠠᠯ᠎ᠠ᠎ᠠᠴᠠ ᠣᠷᠣᠰᠢᠭᠤᠯᠭ᠎ᠠ ᠵᠢᠨ  ᠲᠦᠬᠦᠬᠡᠷᠤᠮᠵᠢ ᠵᠢᠨ ᠪᠦᠲᠦᠭᠡᠨ ᠪᠠᠢ᠌ᠭᠤᠯᠤᠯᠲᠠ ᠵᠢᠨ ᠲᠤᠰᠬᠠᠢ ᠵᠦᠢ᠍ᠯ᠎ᠤᠨ ᠲᠥᠯᠦᠪᠵᠢᠭᠦᠯᠭᠡ ᠵᠢ ᠨᠠᠢ᠌ᠷᠠᠭᠤᠯᠬᠤ ᠠᠵᠢᠯ᠎ᠢ ᠥᠷᠨᠢᠭᠦᠯᠬᠦ᠎ᠳᠤ ᠪᠣᠳᠠᠲᠠᠢ ᠱᠠᠭ᠋ᠠᠷᠳᠠᠯᠭ᠎ᠠ ᠳᠤᠷᠠᠳᠪᠠ᠃


  ᠶᠡᠷᠤᠡᠭᠭᠡᠢ᠌ᠯᠡᠭᠰᠡᠨ ᠠᠵᠢᠯ


  ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 2 ᠳ᠋ᠤᠭ᠋ᠠᠷ ᠰᠠᠷ᠎ᠠ ᠵᠢᠨ 24᠎ᠤ ᠡᠳᠦᠷ   ᠪᠠᠢ᠌ᠴᠠᠭ᠋ᠠᠨ ᠰᠤᠳᠤᠯᠬᠤ ᠳᠤᠭᠤᠢ᠌ᠯᠠᠩ ᠲᠣᠮᠢᠯᠠᠨ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠬᠤ᠂ ᠲᠤᠰᠬᠠᠢ ᠰᠡᠳᠦᠪ ᠵᠶ᠋ᠡᠷ ᠶᠠᠷᠢᠯᠴᠠᠬᠤ᠂ ᠬᠤᠷᠠᠯ ᠵᠶ᠋ᠠᠷ ᠶᠠᠷᠢᠯᠴᠠᠬᠤ᠂ ᠰᠤᠷᠪᠤᠯᠵᠢᠯᠠᠨ ᠰᠣᠯᠢᠯᠴᠠᠬᠤ ᠵᠡᠷᠭᠡ ᠬᠡᠯᠪᠡᠷᠢ᠎ᠪᠠᠷ ᠣᠩᠨᠢᠭᠤᠳ ᠬᠣᠰᠢᠭᠤᠨ᠎ᠳᠤ ᠬᠦᠷᠴᠦ ᠨᠡᠢ᠌ᠭᠡᠮ᠎ᠤᠨ  ᠲᠤᠰᠠᠯᠠᠮᠵᠢ᠂ ᠤᠷᠤᠭ᠎ᠤᠨ ᠵᠠᠩᠰᠢᠯ᠎ᠤᠨ ᠥᠭᠡᠷᠡᠴᠢᠯᠡᠯᠲᠡ ᠪᠠ  ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠪᠠᠢ᠌ᠴᠠᠭ᠋ᠠᠨ ᠰᠤᠳᠤᠯᠬᠤ ᠵᠢᠨ ᠬᠠᠮᠲᠤ ᠵᠢᠯᠤᠭᠣᠳᠬᠤ ᠰᠠᠨᠠᠯ ᠳᠤᠷᠠᠳᠪᠠ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠄ 《ᠨᠡᠢ᠌ᠭᠡᠮ᠎ᠤᠨ  ᠲᠤᠰᠠᠯᠠᠮᠵᠢ ᠵᠢᠨ 〈ᠪᠠᠲᠤᠯᠠᠬᠤ ᠶᠣᠰᠣᠲᠠᠢ ᠵᠢ᠎ᠨᠢ ᠴᠥᠮ ᠪᠠᠲᠤᠯᠠᠬᠤ〉 〈ᠪᠤᠴᠠᠭ᠋ᠠᠬᠤ ᠶᠣᠰᠣᠲᠠᠢ ᠵᠢ᠎ᠨᠢ ᠴᠥᠮ ᠪᠤᠴᠠᠭ᠋ᠠᠬᠤ》 ᠵᠢ ᠬᠥᠳᠡᠯᠦᠩᠭᠦᠢ᠎ᠪᠠᠷ ᠨᠠᠢ᠌ᠳᠠᠪᠤᠷᠢᠵᠢᠭᠤᠯᠵᠤ᠂ ᠬᠦᠴᠢᠷᠳᠡᠯᠲᠡᠢ  ᠬᠦᠮᠦᠰ᠎ᠲᠤ ᠲᠥᠷᠥ ᠵᠢᠨ ᠪᠣᠳᠣᠯᠭ᠎ᠠ ᠵᠢᠨ ᠨᠠᠷᠢᠯᠢᠭ ᠣᠨᠣᠴᠠᠲᠠᠢ᠎ᠪᠠᠷ ᠬᠠᠮᠤᠷᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ ᠭᠠᠵᠠᠷ ᠣᠷᠣᠨ᠎ᠤ ᠣᠨᠴᠠᠯᠢᠭ᠎ᠢ ᠤᠷᠤᠭ᠎ᠤᠨ ᠵᠠᠡᠭᠰᠢᠯ᠎ᠤᠨ ᠥᠭᠡᠷᠡᠴᠢᠯᠡᠯᠲᠡ᠂ ᠤᠷᠤᠭ᠎ᠤᠨ ᠵᠠᠡᠭᠰᠢᠯ᠎ᠤᠨ ᠰᠣᠶᠣᠯ᠎ᠲᠠᠢ ᠤᠶᠠᠯᠳᠤᠭᠤᠯᠬᠤ ᠵᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠨᠠᠰᠤᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠦᠨᠳᠦᠰᠦᠨ ᠪᠠᠳᠤᠯᠠᠭ᠎ᠠ ᠵᠢᠨ ᠬᠡᠯᠪᠡᠷᠢ ᠵᠢᠨ ᠪᠠ ᠲᠦᠭᠡᠮᠡᠯ  ᠬᠠᠷᠠᠭ᠋ᠠᠯᠵᠠᠯᠳᠤ ᠪᠠᠢ᠌ᠭᠤᠯᠤᠮᠵᠢ ᠵᠢᠨ ᠬᠥᠭᠵᠢᠯᠲᠡ ᠵᠢ ᠵᠡᠷᠬᠡ᠎ᠪᠠᠷ ᠠᠬᠢᠭᠤᠯᠵᠤ ᠨᠠᠰᠤᠵᠢᠯ᠎ᠤᠨ ᠦᠢ᠍ᠯᠡᠴᠢᠯᠡᠭᠡᠨ᠎ᠤ ᠤᠯᠠᠨ ᠡᠰᠢᠲᠦ ᠪᠠᠢ᠌ᠷᠢᠰᠢᠯ᠎ᠢ ᠠᠯᠬᠤᠮ ᠠᠯᠬᠤᠮ ᠵᠶ᠋ᠠᠷ ᠪᠦᠷᠢᠯᠳᠦᠭᠦᠯᠵᠦ ᠪᠠᠢ᠌ᠭ᠋ᠠᠳ ᠠᠷᠠᠳ᠎ᠤᠨ ᠶᠠᠪᠤᠳᠠᠯ᠎ᠤᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠬᠦ ᠬᠡᠷᠡᠭᠲᠡᠢ》 ᠬᠡᠵᠡᠢ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠰᠡᠷᠡᠮᠵᠢᠯᠡᠭᠦᠯᠬᠦ ᠬᠥᠮᠦᠵᠢᠯ᠂ ᠰᠠᠨᠠᠭᠤᠯᠬᠤ ᠵᠠᠬᠢᠳᠠᠯ ᠶᠠᠪᠤᠭᠤᠯᠬᠤ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠢ᠌ᠵᠢᠷᠠᠭᠤᠯᠬᠤ ᠵᠡᠷᠭᠡ ᠠᠷᠭ᠎ᠠ ᠵᠢ ᠶᠡᠷᠦᠩᠬᠡᠢ᠌ᠯᠡᠨ ᠬᠡᠷᠡᠭᠯᠡᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠤᠯᠢ ᠬᠡᠷᠡᠭᠵᠢᠭᠦᠯᠬᠦ ᠠᠵᠢᠯ᠎ᠤᠨ ᠪᠦᠲᠦᠮᠵᠢᠲᠦ ᠴᠢᠨᠠᠷ᠎ᠢ ᠦᠷᠭᠦᠯᠵᠢᠯᠡᠨ ᠴᠢᠡᠭᠭ᠋ᠠᠷᠠᠭᠤᠯᠤᠭ᠋ᠠᠳ   ᠦᠨᠤ ᠵᠢ 14 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠵᠠᠰᠠᠭ ᠵᠠᠬᠢᠷᠭ᠋ᠠᠨ᠎ᠤ ᠰᠢᠢ᠍ᠳᠬᠡᠯ ᠦᠭᠭᠦᠭᠰᠡᠨ᠎ᠤ ᠲᠤᠳᠤᠷ᠎ᠠ 10 ᠵᠢ᠎ᠨᠢ ᠬᠦᠴᠦᠨ ᠦᠭᠡᠢ ᠪᠣᠯᠭ᠋ᠠᠵᠤ᠂ 4 ᠵᠢ᠎ᠨᠢ ᠰᠡᠷᠡᠮᠵᠢᠯᠡᠭᠦᠯᠵᠡᠢ᠃


ᠨᠡᠢ᠌ᠭᠡᠮ᠎ᠤᠨ ᠲᠤᠰᠠᠯᠠᠮᠵᠢ


  ᠬᠥᠯᠥᠨ ᠪᠣᠶ᠋ᠢᠷ ᠬᠣᠲᠠ ᠵᠢᠨ᠎ᠬᠢᠨ ᠤᠷᠴᠢᠮ᠎ᠤᠨ ᠵᠢᠯ ᠲᠤᠰᠠᠯᠠᠮᠵᠢ ᠵᠢᠨ ᠦᠢ᠍ᠯᠡᠴᠢᠯᠡᠭᠡ ᠵᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠪᠠ ᠨᠠᠷᠢᠯᠢᠭ ᠣᠨᠣᠴᠠᠲᠠᠢ᠎ᠪᠠᠷ ᠪᠦᠷᠬᠦᠭᠦᠯᠬᠦ᠂ 《ᠲᠥᠷᠥ ᠵᠢᠨ ᠪᠣᠳᠣᠯᠭ᠎ᠠ᠎ᠪᠠᠷ ᠬᠥᠮᠥᠨ ᠡᠷᠢᠬᠦ》 ᠲᠤᠰᠠᠯᠠᠮᠵᠢ  ᠵᠢᠨ  ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 《ᠭᠤᠷᠪᠠ ᠪᠠᠢ᠌ᠬᠤ ᠎ᠲᠠᠢ》 (ᠡᠩᠨᠡᠭᠡ᠎ᠲᠠᠢ ᠪᠠᠢ᠌ᠬᠤ᠂ ᠦᠢ᠍ᠯᠡᠴᠢᠯᠡᠭᠡ᠎ᠲᠠᠢ ᠪᠠᠢ᠌ᠬᠤ᠂ ᠲᠣᠭᠲᠠᠴᠠ ᠎ᠲᠠᠢ ᠪᠠᠢ᠌ᠬᠤ) 《ᠭᠤᠷᠪᠠ᠎ᠳᠤ ᠬᠦᠷᠬᠦ》 (ᠣᠯᠵᠤ ᠦᠵᠡᠬᠦ᠂ ᠡᠷᠢᠵᠦ ᠣᠯᠬᠤ᠂ ᠬᠡᠷᠡᠭᠯᠡᠬᠦ)᠎ᠪᠠᠷ ᠪᠦᠲᠦᠭᠡᠨ ᠪᠠᠢ᠌ᠭᠤᠯᠤᠯᠲᠠ ᠵᠢᠨ ᠬᠠᠷᠠᠯᠲᠠ ᠪᠣᠯᠭ᠋ᠠᠵᠤ᠂ ᠡᠯ᠎ᠡ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ  ᠡᠬᠢ ᠪᠠᠶᠠᠯᠢᠭ᠎ᠢ ᠡᠮᠬᠢᠯᠡᠨ ᠬᠣᠰᠢᠭᠤ ᠬᠣᠲᠠ ᠲᠣᠭᠣᠷᠢᠭ ᠪᠠ ᠵᠡᠭᠡᠯᠢ ᠵᠢᠨ ᠬᠡᠷᠡᠭ ᠡᠷᠬᠢᠯᠡᠬᠦ ᠭᠠᠵᠠᠷ ᠰᠤᠮᠤ ᠪᠠᠯᠭ᠋ᠠᠰᠤ ᠵᠢᠨ ᠲᠠᠰ ᠳᠠᠪᠬᠤᠷᠭ᠎ᠠ ᠵᠢᠨ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠥᠷᠲᠡᠭᠡ ᠴᠡᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠤᠨ᠂ ᠡᠳ᠋ ᠪᠠᠷᠠᠭ᠋ᠠᠨ᠎ᠤ ᠲᠥᠷᠥᠯ᠂ ᠦᠢ᠍ᠯᠡᠴᠢᠯᠡᠭᠡᠨ᠎ᠤ ᠲᠥᠷᠥᠯ ᠪᠠ ᠴᠢᠳᠠᠪᠤᠷᠢ ᠵᠢᠨ ᠬᠥᠭᠵᠢᠯᠲᠡ ᠵᠢᠨ ᠲᠥᠷᠥᠯ᠎ᠢ ᠪᠠᠭᠲᠠᠭ᠋ᠠᠭᠰᠠᠨ ᠲᠠᠰ ᠲᠥᠷᠥᠯ ᠬᠤᠪᠢᠶᠠᠨ ᠲᠤᠰᠠᠯᠠᠬᠤ ᠦᠢ᠍ᠯᠡᠴᠢᠯᠡᠭᠡᠨ᠎ᠤ ᠨᠠᠷᠢᠨ ᠬᠠᠭᠤᠳᠠᠰᠤ ᠵᠢ ᠬᠠᠩᠭ᠋ᠠᠵᠤ᠂  ᠲᠤᠰᠠᠯᠠᠮᠵᠢ ᠵᠢᠨ ᠦᠢ᠍ᠯᠡᠴᠢᠯᠡᠭᠡᠨ᠎ᠢ ᠳᠥᠭᠥᠮ ᠳᠥᠲᠡ᠂ ᠤᠯᠠᠮ ᠪᠦᠳᠤᠮᠵᠢᠳᠡᠢ ᠪᠤᠯᠭ᠋ᠠᠯ᠎ᠠ᠃ 


ᠣᠷᠣᠨ ᠬᠤᠪᠢᠶᠠᠷᠢᠯᠠᠯ ᠭᠠᠵᠠᠷ᠎ᠤᠨ ᠨᠡᠷᠡᠰ


   ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠭᠠᠵᠠᠷ᠎ᠤᠨ  ᠨᠡᠷᠡᠰ᠎ᠢ ᠪᠦᠷᠢᠳᠬᠡᠨ ᠳᠠᠩᠰᠠᠯᠠᠬᠤ ᠠᠯᠪᠠᠨ ᠵᠠᠷ᠎ᠤᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠠᠵᠢᠯ᠎ᠤᠨ ᠶᠠᠪᠤᠴᠨ ᠵᠢ ᠴᠢᠩᠭ᠎ᠠ ᠵᠢᠷᠤᠮᠵᠢᠭᠤᠯᠤᠨ᠂ ᠳᠤᠮᠳᠠᠳᠤ ᠤᠯᠤᠰ · ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠵᠢᠨ ᠪᠥᠬᠥ ᠶᠠᠪᠤᠴᠨ᠎ᠳᠤ ᠲᠦᠰᠢᠭᠯᠡᠨ ᠳᠠᠩᠰᠠᠯᠠᠬᠤ ᠠᠯᠪᠠᠨ ᠵᠠᠷ᠎ᠤᠨ ᠲᠤᠬᠠᠢ᠌ᠯᠠᠭᠰᠠᠨ ᠠᠵᠢᠯ᠎ᠢ ᠰᠦᠯᠵᠢᠶᠡᠨ ᠳᠡᠭᠡᠷ᠎ᠡ ᠭᠦᠢ᠍ᠴᠡᠳᠬᠡᠵᠦ᠂ ᠭᠠᠵᠠᠷ᠎ᠤᠨ ᠨᠡᠷᠡᠰ᠎ᠤᠨ ᠠᠵᠢᠯ᠎ᠤᠨ ᠨᠢᠭᠡᠳᠦᠯᠲᠡᠢ ᠬᠢᠨᠠᠯᠲᠠ ᠬᠠᠮᠢᠶᠠᠷᠤᠯᠲᠠ ᠵᠢ ᠤᠯᠠᠮ ᠴᠢᠩᠭ᠋ᠠᠳᠬᠠᠨ᠂ ᠭᠠᠵᠠᠷ᠎ᠤᠨ ᠨᠡᠷᠡᠰ᠎ᠢ ᠪᠦᠷᠢᠳᠬᠡᠨ ᠳᠠᠩᠰᠠᠯᠠᠬᠤ ᠵᠢᠨ ᠣᠨᠣᠪᠴᠢᠲᠤ ᠴᠢᠨᠠᠷ᠂ ᠵᠢᠷᠤᠮᠵᠢᠯᠳᠤ ᠴᠢᠨᠠᠷ ᠪᠠ ᠴᠠᠭ ᠬᠤᠭᠤᠴᠠᠭ᠋ᠠᠲᠤ ᠴᠢᠨᠠᠷ᠎ᠢ ᠲᠡᠭᠡᠭᠰᠢᠯᠡᠬᠦᠯᠪᠡ᠃ 2 ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠬᠣᠲᠠ᠎ᠳᠤ  179 ᠭᠠᠵᠠᠷ᠎ᠤᠨ ᠨᠡᠷᠡᠰ᠎ᠢ ᠵᠠᠷᠯᠠᠪᠠ (164 ᠭᠠᠵᠠᠷ᠎ᠤᠨ ᠨᠡᠷ᠎ᠡ ᠵᠢ ᠰᠢᠨ᠎ᠡ᠎ᠪᠠᠷ ᠨᠡᠷᠡᠢ᠌ᠳᠴᠦ᠂ 15 ᠭᠠᠵᠠᠷ᠎ᠤᠨ ᠨᠡᠷᠡᠰ᠎ᠢ ᠬᠠᠯᠠᠪᠠ)᠂ ᠡᠭᠦᠨ᠎ᠳᠤ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠵᠡᠷᠭᠡ ᠭᠠᠵᠠᠷ᠎ᠤᠨ ᠨᠡᠷᠡᠰ 161᠂ ᠣᠷᠣᠨ ᠰᠠᠭᠤᠴᠠ ᠵᠢᠨ ᠲᠣᠭᠣᠷᠢᠭ᠂ ᠠᠰᠠᠷ ᠪᠠᠢ᠌ᠰᠢᠩ ᠵᠡᠷᠭᠡ ᠭᠠᠵᠠᠷ᠎ᠤᠨ ᠨᠡᠷᠡᠰ 18 ᠪᠣᠶ᠃


 


  

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.4
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.5
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.6
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.7
 
            