ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.26
ᠨᠡᠶᠢᠲᠡᠯᠡᠭᠰᠡᠨ ᠴᠠᠭ᠄ 2025-02-28

ᠠᠷᠠᠳ᠎ᠤᠨ ᠶᠠᠪᠤᠳᠠᠯ᠎ᠤᠨ ᠶᠠᠮᠤᠨ


   ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ᠎ᠬᠢᠨ ᠣᠷᠴᠢᠮᠬᠠᠨ 《ᠣᠶᠣᠨ᠎ᠤ ᠡᠷᠡᠭᠦᠯ ᠬᠠᠮᠠᠭ᠋ᠠᠯᠠᠯ ᠠᠰᠠᠷᠠᠮᠵᠢ ᠵᠢᠨ ᠪᠠᠢ᠌ᠭᠤᠯᠤᠮᠵᠢ ᠵᠢᠨ ᠬᠦᠨᠳᠦ ᠶᠡᠬᠡ ᠡᠨᠳᠡᠯ᠎ᠤᠨ ᠳᠠᠯᠳᠠ ᠭᠡᠮ᠎ᠢ ᠮᠠᠭ᠋ᠠᠳᠯᠠᠬᠤ ᠪᠠᠷᠢᠮᠵᠢᠶ᠎ᠠ》 ᠵᠢ ᠳᠠᠷᠤᠮᠠᠯᠯᠠᠨ ᠲᠠᠷᠬᠠᠭ᠋ᠠᠪᠠ᠃ ᠪᠠᠷᠢᠮᠵᠢᠶ᠎ᠠ᠎ᠨᠢ ᠲᠥᠬᠦᠭᠡᠷᠦᠮᠵᠢ᠂ ᠬᠢᠷᠢ ᠬᠡᠮ᠂ ᠡᠳᠦᠷ ᠲᠤᠲᠤᠮ᠎ᠤᠨ ᠬᠠᠮᠢᠶᠠᠷᠤᠯᠲᠠ᠂ ᠬᠥᠮᠥᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ᠎ᠳᠤ ᠬᠦᠨᠳᠦ ᠶᠡᠬᠡ ᠬᠣᠬᠢᠷᠠᠯ ᠤᠴᠠᠷᠠᠭᠤᠯᠵᠤ ᠮᠡᠳᠡᠬᠦ ᠪᠤᠰᠤᠳ ᠨᠤᠴᠢᠳᠠᠢ ᠡᠨᠳᠡᠯ᠎ᠤᠨ ᠳᠠᠯᠳᠠ ᠬᠡᠮ ᠵᠡᠷᠭᠡ 4 ᠲᠠᠯ᠎ᠠ᠎ᠠᠴᠠ ᠨᠤᠴᠢᠳᠠᠢ ᠡᠨᠳᠡᠯ᠎ᠤᠨ ᠳᠠᠯᠳᠠ ᠬᠡᠮ ᠵᠶ᠋ᠡᠷ ᠮᠠᠭ᠋ᠠᠳᠯᠠᠨ ᠲᠣᠭᠲᠠᠭ᠋ᠠᠬᠤ ᠶᠣᠰᠣᠲᠠᠢ 17 ᠵᠦᠢ᠍ᠯ᠎ᠤᠨ ᠪᠣᠳᠠᠲᠠᠢ ᠪᠠᠢ᠌ᠳᠠᠯ᠎ᠢ ᠲᠣᠳᠣᠷᠬᠠᠢ᠌ᠯᠠᠵᠤ᠂ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯᠣᠨ ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠨᠤᠴᠢᠳᠠᠢ ᠡᠨᠳᠡᠯ᠎ᠤᠨ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ᠎ᠳᠤ ᠮᠠᠭ᠋ᠠᠳᠯᠠᠨ ᠲᠣᠭᠲᠠᠭ᠋ᠠᠬᠤ ᠦᠨᠳᠦᠰᠦ ᠪᠠᠷᠢᠮᠲᠠ ᠬᠠᠩᠭ᠋ᠠᠭᠰᠠᠨ ᠪᠠᠢ᠌ᠨ᠎ᠠ᠃


ᠨᠡᠢ᠌ᠭᠡᠮ᠎ᠤᠨ ᠲᠤᠰᠠᠯᠠᠮᠵᠢ


   ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠲᠠᠷᠠᠬᠠᠢ ᠪᠤᠲᠠᠷᠬᠠᠢ ᠣᠨᠴᠠ ᠬᠦᠴᠢᠷᠳᠡᠯᠲᠡᠢ ᠠᠰᠠᠷᠠᠨ ᠲᠡᠵᠢᠭᠡᠭᠴᠢᠳ᠎ᠢ ᠠᠰᠠᠷᠠᠨ ᠬᠠᠷᠠᠭ᠋ᠠᠯᠵᠠᠬᠤ ᠦᠢ᠍ᠯᠡᠴᠢᠯᠡᠭᠡ ᠵᠢ ᠴᠢᠩᠭ᠋ᠠᠳᠬᠠᠵᠤ᠂ ᠠᠰᠠᠷᠠᠨ ᠰᠤᠪᠢᠯᠠᠭᠴᠢ ᠵᠢ  ᠱᠠᠯᠠᠪᠳᠠᠭᠤᠯᠤᠨ ᠨᠠᠢ᠌ᠳᠠᠨ ᠠᠰᠠᠷᠠᠨ ᠬᠠᠷᠠᠭ᠋ᠠᠯᠵᠠᠬᠤ ᠦᠢ᠍ᠯᠡᠴᠢᠯᠡᠭᠡᠨ᠎ᠤ ᠬᠡᠯᠡᠯᠴᠡᠭᠡᠷ᠎ᠢ ᠬᠢᠨᠠᠮᠠᠭ᠋ᠠᠢ ᠭᠦᠢ᠍ᠴᠡᠳᠬᠡᠭᠦᠯᠵᠦ᠂ ᠣᠨᠴᠠ ᠬᠦᠴᠢᠷᠳᠡᠯᠲᠡᠢ ᠬᠥᠮᠥᠰ᠎ᠤᠨ ᠡᠳᠦᠷ ᠲᠤᠲᠤᠮ᠎ᠤᠨ ᠠᠮᠢᠳᠤᠷᠠᠯ᠎ᠢ ᠰᠠᠢ᠌ᠲᠤᠷ ᠬᠠᠷᠠᠭ᠋ᠠᠯᠵᠠᠵᠤ᠂ ᠲᠠᠷᠠᠬᠠᠢ ᠰᠠᠭᠤᠵᠤ ᠪᠠᠢ᠌ᠭ᠎ᠠ ᠣᠨᠴᠠ ᠬᠦᠴᠢᠷᠳᠡᠯᠲᠡᠢ ᠠᠰᠠᠷᠠᠨ ᠲᠡᠵᠢᠭᠡᠭᠴᠢᠳ᠎ᠢ 《ᠡᠩ᠎ᠤᠨ ᠴᠠᠭ᠎ᠲᠤ ᠬᠠᠷᠠᠭ᠋ᠠᠯᠵᠠᠬᠤ ᠬᠥᠮᠥᠨ᠎ᠲᠠᠢ᠂ ᠡᠪᠡᠳᠴᠢᠯᠡᠪᠡᠯ ᠠᠰᠠᠷᠠᠬᠤ ᠬᠥᠮᠥᠨ᠎ᠲᠠᠢ》 ᠪᠠᠢ᠌ᠯᠭ᠋ᠠᠬᠤ ᠵᠢ ᠪᠠᠲᠤᠯᠠᠪᠠ᠃ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠺᠠᠳ᠋ᠷ᠂ ᠭᠠᠴᠠᠭ᠎ᠠ ᠲᠣᠰᠬᠣᠨ (ᠨᠡᠢ᠌ᠭᠡᠮ ᠲᠣᠭᠣᠷᠢᠭ)᠎ᠤ ᠠᠵᠢᠯᠲᠠᠨ ᠪᠠ ᠨᠡᠢ᠌ᠭᠡᠮ᠎ᠤᠨ ᠲᠤᠰᠠᠯᠠᠮᠵᠢ ᠵᠢᠨ ᠲᠤᠰᠠᠯᠠᠭᠴᠢ᠂ ᠨᠡᠢ᠌ᠭᠡᠮ᠎ᠤᠨ ᠠᠵᠢᠯᠲᠠᠨ ᠨᠠᠷ᠎ᠢ ᠵᠣᠬᠢᠶᠠᠨ ᠪᠠᠢ᠌ᠭᠤᠯᠤᠨ ᠳᠠᠶ᠋ᠢᠴᠢᠯᠠᠵᠤ ᠪᠠᠢ᠌ᠭ᠋ᠠᠳ ᠬᠦᠴᠢᠷᠳᠡᠯᠲᠡᠢ ᠣᠯᠠᠨ ᠲᠦᠮᠡᠨ᠎ᠢ ᠰᠤᠷᠪᠤᠯᠵᠢᠯᠠᠵᠤ᠂ ᠭᠡᠷ ᠪᠦᠯᠢ ᠵᠢᠨ ᠬᠥᠮᠥᠨ ᠠᠮᠠ᠂ ᠣᠷᠣᠯᠭ᠎ᠠ᠂ ᠡᠳ᠋ ᠬᠥᠷᠥᠩᠭᠡ᠎ᠳᠤ ᠬᠤᠪᠢᠷᠠᠯᠲᠠ ᠭᠠᠷᠤᠭᠰᠠᠨ᠎ᠢ ᠣᠯᠵᠤ ᠮᠡᠳᠡᠪᠡᠯ ᠬᠤᠪᠢᠷᠠᠯᠲᠠ ᠵᠢᠨ ᠪᠠᠢ᠌ᠳᠠᠯ ᠵᠶ᠋ᠠᠨ ᠴᠠᠭ ᠲᠤᠬᠠᠢ᠎ᠳᠤ᠎ᠨᠢ ᠮᠡᠳᠡᠭᠦᠯᠬᠦ ᠵᠢᠨ ᠬᠠᠮᠲᠤ ᠣᠷᠣᠯᠭ᠎ᠠ ᠪᠠᠭ᠎ᠠ ᠬᠦᠮᠦᠰ᠎ᠤᠨ ᠬᠥᠮᠥᠷᠭᠡ᠎ᠳᠤ  ᠤᠷᠤᠭᠤᠯᠤᠭ᠋ᠠᠳ ᠪᠥᠬᠥ ᠬᠣᠲᠠ᠎ᠳᠤ 2.6 ᠲᠦᠮᠡ ᠭᠠᠷᠤᠢ ᠲᠠᠷᠠᠬᠠᠢ ᠪᠤᠲᠠᠷᠬᠠᠢ ᠣᠨᠴᠠ ᠬᠦᠴᠢᠷᠳᠡᠯᠲᠡᠢ ᠠᠰᠠᠷᠠᠨ ᠲᠡᠵᠢᠭᠡᠵᠦ ᠪᠠᠢ᠌ᠭ᠎ᠠ ᠬᠥᠮᠥᠰ᠎ᠢ ᠪᠠᠲᠤᠯᠠᠵᠤ ᠪᠠᠢ᠌ᠨ᠎ᠠ᠃


  ᠨᠢᠬᠦᠯᠡᠰᠤᠡᠭᠬᠦᠢ ᠵᠢᠨ ᠦᠢ᠍ᠯᠡᠰ


   ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠦᠨᠳᠦᠰᠦᠨ ᠱᠠᠲᠤᠨ᠎ᠤ ᠦᠢ᠍ᠯᠡᠴᠢᠯᠡᠭᠡᠨ᠎ᠳᠤ᠎ᠬᠢ ᠨᠢᠭᠦᠯᠡᠰᠦᠩᠭᠦᠢ ᠵᠢᠨ ᠦᠢ᠍ᠯᠡᠰ᠎ᠤᠨ ᠵᠠᠩᠭᠢᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠢ᠌ᠭᠡᠮ ᠲᠣᠭᠣᠷᠢᠭ᠎ᠤᠨ ᠨᠢᠭᠦᠯᠡᠰᠦᠩᠭᠦᠢ ᠵᠢᠨ ᠠᠵᠢᠯ᠎ᠢ ᠢᠳᠡᠪᠬᠢᠲᠡᠢ᠎ᠪᠠᠷ ᠠᠬᠢᠭᠤᠯᠤᠨ᠂ ᠬᠡᠲᠦ ᠳᠡᠯᠭᠡᠭᠦᠷ᠎ᠲᠤ ᠨᠢᠭᠦᠯᠡᠰᠦᠩᠭᠦᠢ ᠵᠢᠨ ᠲᠤᠰᠬᠠᠢ ᠲᠣᠭᠣᠷᠢᠭ ᠪᠠᠢ᠌ᠭᠤᠯᠵᠤ᠂ ᠬᠠᠨᠳᠢᠪ᠎ᠤᠨ ᠡᠳ᠋ ᠪᠣᠳᠠᠰ᠎ᠢ ᠭᠥᠯᠢᠶᠡᠨ ᠠᠪᠬᠤ ᠪᠠ ᠲᠠᠷᠬᠠᠭ᠋ᠠᠬᠤ᠎ᠳᠤ ᠵᠠᠷᠤᠭ᠋ᠠᠳ 2024 ᠣᠨ᠎ᠤ ᠰᠡᠬᠦᠯ᠎ᠤᠨ ᠬᠠᠭ᠋ᠠᠰ ᠵᠢᠯ᠎ᠠᠴᠠ ᠣᠲᠣ ᠪᠣᠯᠲᠠᠯ᠎ᠠ 4.4 ᠲᠦᠮᠡᠨ ᠲᠥᠭᠥᠷᠢᠭ᠎ᠤᠨ ᠥᠷᠲᠡᠭ ᠪᠦᠬᠦᠢ 22 ᠲᠥᠷᠥᠯ᠎ᠤᠨ ᠲᠠᠸᠠᠷ᠎ᠢ ᠴᠤᠭᠯᠠᠭᠤᠯᠵᠤ᠂ ᠬᠦᠴᠢᠷᠳᠡᠯᠲᠡᠢ ᠣᠯᠠᠨ ᠲᠦᠮᠡᠨ᠎ᠳᠤ  ᠬᠢᠮᠳᠠ ᠠᠮᠢᠳᠤᠷᠠᠯ᠎ᠤᠨ ᠬᠡᠷᠡᠭᠰᠡᠯ ᠬᠠᠩᠭ᠋ᠠᠵᠤ᠂ ᠪᠠᠰᠠ ᠡᠷᠬᠢᠨ ᠲᠣᠭᠣᠷᠢᠨ᠎ᠤ ᠰᠠᠭᠤᠭ᠋ᠠᠯᠢ ᠠᠷᠠᠳ᠎ᠲᠤ ᠡᠩ᠎ᠤᠨ ᠦᠨ᠎ᠡ ᠵᠢᠨ ᠲᠠᠸᠠᠷ ᠬᠠᠡᠭᠭ᠋ᠠᠬᠰᠠᠨ᠎ᠠᠴᠠ ᠭᠠᠳᠠᠨ᠎ᠠ᠂ ᠨᠡᠢ᠌ᠭᠡᠮ ᠲᠣᠭᠣᠷᠢᠭ᠎ᠤᠨ᠎ᠬᠢᠨ ᠰᠠᠭᠤᠭ᠋ᠠᠯᠢ ᠠᠷᠠᠳ᠎ᠤᠨ ᠲᠣᠭᠣᠷᠢᠭ᠎ᠤᠨ ᠲᠠᠯᠠᠪᠠᠶ᠎ᠳᠤ 《ᠬᠣᠶ ᠠᠨ ᠲᠢᠩ》 ᠨᠡᠭᠦᠳᠡᠯ ᠬᠡᠷᠡᠭ ᠵᠥᠪᠯᠡᠬᠦ ᠲᠢᠩᠬᠢᠮ ᠪᠠᠢ᠌ᠭᠤᠯᠵᠤ᠂  ᠬᠠᠨᠳᠢᠪᠯᠠᠬ᠍ᠴᠢ ᠠᠵᠤ ᠠᠬᠤᠢ᠌ᠯᠠᠯ᠎ᠤᠨ ᠰᠠᠭᠤᠭ᠋ᠠᠯᠢ ᠠᠷᠠᠳ᠎ᠤᠨ ᠲᠣᠭᠣᠷᠢᠭ᠎ᠲᠤ ᠴᠠᠬᠢᠯᠭ᠋ᠠᠨ ᠬᠥᠳᠡᠯᠭᠡᠭᠦᠷᠲᠦ ᠲᠡᠷᠭᠡᠨ᠎ᠤ ᠰᠠᠷᠠᠪᠴᠢ᠂ ᠵᠤᠭ᠎ᠠ ᠴᠡᠡᠭᠭᠡᠬᠦᠨ᠎ᠤ ᠲᠥᠬᠦᠭᠡᠷᠦᠮᠵᠢ ᠪᠠᠶ᠋ᠢᠭᠤᠯᠬᠤ ᠵᠡᠷᠭᠡ᠎ᠲᠠᠢ ᠵᠣᠯᠭ᠋ᠠᠭᠤᠯᠵᠤ᠂ 280 ᠭᠠᠷᠤᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠵᠣᠬᠢᠴᠠᠭᠤᠯᠤᠨ ᠠᠬᠢᠭᠤᠯᠵᠤ᠂ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠭᠰᠠᠨ ᠪᠠᠢ᠌ᠨ᠎ᠠ᠃
   ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠦᠯᠤᠨ ᠪᠤᠢ᠌ᠷ ᠬᠣᠲᠠ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠨᠡᠢ᠌ᠭᠡᠮᠯᠢᠭ᠎ᠤᠨ᠎ᠬᠢᠨ᠎ᠲᠠᠢ ᠬᠠᠮᠲᠤᠷᠠᠨ 《ᠠᠮᠢ ᠨᠠᠰᠤᠨ᠎ᠤ ᠰᠤᠷᠪᠤᠯᠵᠢ᠂ ᠶᠡᠬᠡ ᠬᠠᠢ᠌ᠷ᠎ᠠ ᠵᠢᠨ ᠵᠠᠯᠭ᠋ᠠᠮᠵᠢ》 ᠨᠡᠶ᠋ᠢᠲᠡ ᠵᠢᠨ ᠠᠰᠠᠷᠠᠮᠵᠢ ᠵᠢᠨ ᠨᠢᠭᠦᠯᠡᠰᠦᠩᠭᠦᠢ ᠵᠢᠨ ᠲᠥᠷᠥᠯ ᠪᠥᠬᠥ ᠬᠣᠲᠠ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠡᠷᠦᠬᠡ᠂ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠪᠠ ᠭᠠᠮᠰᠢᠭ ᠪᠤᠶᠤ ᠡᠪᠡᠳᠴᠢᠨ᠎ᠠᠴᠠ ᠪᠣᠯᠵᠤ ᠶᠠᠳᠠᠭᠤᠷᠠᠬᠤ ᠪᠤᠶᠤ ᠲᠠᠬᠢᠨ ᠶᠠᠳᠠᠭᠤᠷᠠᠵᠤ ᠮᠡᠳᠡᠬᠦ ᠪᠤᠶᠤ ᠵᠠᠷᠤᠯᠭ᠎ᠠ ᠵᠢᠨ ᠲᠠᠯ᠎ᠠ᠎ᠪᠠᠷ ᠬᠦᠴᠢᠷᠳᠡᠯ᠎ᠲᠠᠢ ᠣᠨᠴᠠᠭ᠋ᠠᠶ ᠪᠠᠭᠤᠷᠠᠢ᠌ᠴᠤᠤᠯ᠂ ᠳᠡᠩᠰᠡᠯᠡᠨ ᠺᠠᠷᠲᠯᠠᠭᠰᠠᠨ ᠡᠷᠦᠬᠡ᠂ ᠬᠣᠲᠠ ᠬᠥᠳᠡᠭᠡ ᠵᠢᠨ ᠶᠠᠳᠠᠭᠤ ᠬᠦᠴᠢᠷᠳᠡᠯ᠎ᠲᠠᠢ ᠡᠷᠦᠬᠡ ᠵᠢᠨ᠎ᠬᠢᠨ᠎ᠤ ᠳᠣᠲᠣᠷ ᠪᠥᠭᠡᠷ᠎ᠡ ᠵᠢᠨ ᠮᠠᠭᠤᠳᠠᠯ᠎ᠲᠠᠢ ᠡᠪᠡᠳᠴᠢᠳᠠᠨ᠎ᠢ ᠨᠡᠪᠴᠢᠭᠦᠯᠦᠨ ᠢᠯᠭ᠋ᠠᠷᠠᠭᠤᠯᠬᠤ ᠡᠮᠴᠢᠯᠡᠬᠡ᠎ᠳᠤ ᠲᠤᠰᠠᠯᠠᠬᠤ ᠨᠢᠭᠦᠯᠡᠰᠦᠩᠭᠦᠢ ᠵᠢᠨ ᠳᠡᠮᠵᠢᠯᠭᠡ ᠦᠵᠡᠭᠦᠯᠵᠦ᠂ ᠲᠥᠷᠥᠯ ᠵᠦᠢ᠍ᠯ᠎ᠳᠤ ᠨᠡᠶ᠋ᠢᠲᠡ 20 ᠲᠦᠮᠡᠨ ᠲᠥᠭᠥᠷᠢᠭ᠎ᠤᠨ ᠪᠡᠯᠡ ᠣᠷᠣᠭᠤᠯᠪᠠ᠃ ᠣᠳᠣᠬᠠᠨ᠎ᠳᠤ ᠪᠥᠬᠥ ᠬᠣᠲᠠ ᠵᠢᠨ 131 ᠬᠦᠴᠢᠷᠳᠡᠯ᠎ᠲᠠᠢ ᠡᠪᠡᠳᠴᠢᠲᠡᠨ᠎ᠳᠤ ᠲᠤᠳᠤᠷ ᠪᠦᠬᠡᠷ᠎ᠡ ᠵᠢᠨ ᠨᠡᠪᠴᠢᠭᠦᠯᠦᠨ ᠢᠯᠭ᠋ᠠᠷᠠᠭᠤᠯᠬᠤ ᠡᠮᠴᠢᠯᠡᠬᠡᠨ᠎ᠤ ᠵᠠᠷᠤᠳᠠᠯ᠎ᠢ ᠲᠠᠩᠰᠠᠨ᠎ᠠᠴᠠ ᠲᠠᠶ᠋ᠢᠯᠵᠤ ᠥᠭᠴᠡᠢ᠃
 
ᠣᠷᠣᠨ᠎ᠤ ᠭᠠᠳᠠᠨᠠᠬᠢ ᠮᠡᠳᠡᠭᠡ ᠵᠠᠩᠭᠢ


   ᠬᠤᠪᠧᠢ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠬᠤᠪᠸᠢ ᠮᠤᠵᠢ ᠵᠢᠨ ᠲᠠᠩᠰᠠ ᠡᠪᠬᠡᠮᠡᠯ᠎ᠤᠨ ᠲᠣᠪᠴᠢᠶ᠎ᠠ ᠵᠢᠨ᠎ᠬᠢᠨ᠎ᠲᠠᠢ ᠬᠠᠮᠲᠤᠷᠠᠨ 《ᠨᠡᠢ᠌ᠭᠡᠮ᠎ᠤᠨ ᠲᠤᠰᠠᠯᠠᠮᠵᠢ ᠵᠢᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠠᠷᠭ᠎ᠠ》 ᠠᠷᠭ᠎ᠠ᠎ᠳᠤ᠄ 《ᠨᠡᠢ᠌ᠭᠡᠮ᠎ᠤᠨ  ᠲᠤᠰᠠᠯᠠᠮᠵᠢ ᠵᠢᠨ ᠬᠠᠮᠢᠶᠠᠷᠤᠯᠲᠠ ᠵᠢᠨ ᠠᠵᠢᠯ᠎ᠤᠨ ᠳᠤᠮᠳᠠ ᠪᠣᠶ ᠪᠣᠯᠤᠭᠰᠠᠨ ᠬᠢᠨᠠᠨ ᠬᠠᠷᠭᠤᠭᠤᠯᠵᠤ ᠨᠤᠲᠠᠯᠠᠬᠤ ᠲᠥᠷᠥᠯ᠎ᠤᠨ ᠮᠠᠲ᠋ᠧᠷᠢᠶᠠᠯ᠂ ᠡᠳᠦᠷ ᠲᠤᠲᠤᠮ᠎ᠤᠨ ᠬᠠᠮᠢᠶᠠᠷᠤᠯᠲᠠ ᠵᠢᠨ ᠲᠥᠷᠥᠯ᠎ᠤᠨ ᠮᠠᠲ᠋ᠧᠷᠢᠶᠠᠯ ᠵᠡᠷᠭᠡ ᠬᠣᠶᠠᠷ ᠲᠥᠷᠥᠯ᠎ᠤᠨ ᠮᠠᠲ᠋ᠧᠷᠢᠶᠠᠯ᠎ᠢ ᠲᠠᠩᠰᠠ ᠡᠪᠬᠡᠮᠡᠯ᠎ᠳᠤ ᠣᠷᠣᠭᠤᠯᠬᠤ ᠬᠡᠷᠡᠭᠲᠡᠢ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠲᠠᠩᠰᠠ ᠡᠪᠬᠡᠮᠡᠯ᠎ᠤᠨ ᠠᠵᠢᠯ᠎ᠢ ᠨᠢᠭᠡᠳᠦᠯᠲᠡᠢ ᠤᠳᠤᠷᠢᠳᠴᠤ᠂ ᠱᠠᠲᠤ ᠬᠤᠪᠢᠶᠠᠨ ᠬᠠᠮᠢᠶᠠᠷᠴᠤ᠂ ᠲᠠᠩᠰᠠ ᠡᠪᠬᠡᠮᠡᠯ᠎ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠲᠠᠩᠰᠠ ᠡᠪᠬᠡᠮᠡᠯ᠎ᠤᠨ ᠠᠵᠢᠯ᠎ᠳᠤ ᠲᠤᠬᠠᠢ᠌ᠯᠠᠭᠰᠠᠨ ᠠᠵᠢᠯ᠎ᠤᠨ ᠬᠢᠨᠠᠯᠲᠠ ᠪᠠ ᠵᠢᠯᠣᠭᠣᠳᠤᠯᠭ᠎ᠠ ᠶᠠᠪᠤᠭᠤᠯᠬᠤ᠎ᠳᠤ ᠡᠯ᠎ᠡ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠪᠣᠯ ᠨᠡᠢ᠌ᠭᠡᠮ᠎ᠤᠨ ᠲᠤᠰᠠᠯᠠᠮᠵᠢ ᠵᠢᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠠᠵᠢᠯ᠎ᠤᠨ ᠬᠠᠷᠢᠭᠤᠴᠠᠯᠭ᠋ᠠᠲᠤ ᠪᠡᠶᠡᠴᠢ ᠴᠣᠭᠴᠠ ᠮᠥᠨ᠃ ᠳᠠᠨᠭ᠌ᠰᠠ ᠡᠪᠬᠡᠮᠡᠯ᠎ᠢ ᠬᠠᠳᠠᠭ᠋ᠠᠯᠠᠨ ᠬᠠᠮᠢᠶᠠᠷᠬᠤ ᠨᠢᠭᠡᠴᠢ ᠳᠠᠨᠭ᠌ᠰᠠ ᠡᠪᠬᠡᠮᠡᠯ᠎ᠤᠨ ᠮᠡᠳᠡᠭᠡ ᠵᠠᠩᠭᠢ ᠵᠢ ᠠᠰᠢᠭᠯᠠᠬᠤ ᠦᠢ᠍ᠯᠡᠴᠢᠯᠡᠭᠡ ᠵᠢ ᠬᠠᠤᠯᠢ ᠶᠣᠰᠣᠭ᠋ᠠᠷ ᠬᠠᠩᠭ᠋ᠠᠵᠤ ᠳᠠᠨᠭ᠌ᠰᠠ ᠡᠪᠬᠡᠮᠡᠯ᠎ᠢ ᠠᠰᠢᠭᠯᠠᠬᠤ ᠳᠦᠷᠢᠮ᠎ᠢ ᠪᠠᠶ᠋ᠢᠭᠤᠯᠬᠤ ᠬᠡᠷᠡᠭᠲᠡᠢ》 ᠭᠡᠵᠤ ᠲᠤᠬᠳᠠᠭ᠋ᠠᠪᠠ᠃





ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.27
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.28
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.4
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.5
 
            