ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.25
ᠨᠡᠶᠢᠲᠡᠯᠡᠭᠰᠡᠨ ᠴᠠᠭ᠄ 2025-02-28

ᠠᠷᠠᠳ᠎ᠤᠨ ᠶᠠᠪᠤᠳᠠᠯ᠎ᠤᠨ ᠶᠠᠮᠤᠨ


    ᠴᠡᠷᠢᠭ᠎ᠠᠴᠠ ᠬᠠᠯᠠᠭᠳᠠᠭᠰᠠᠳ᠎ᠤᠨ ᠶᠠᠪᠤᠳᠠᠯ᠎ᠤᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ ᠲᠤᠯᠤᠭ᠋ᠠᠨ ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠬᠠᠮᠲᠤᠷᠠᠨ 《ᠴᠡᠷᠢᠭ᠎ᠠᠴᠠ ᠬᠠᠯᠠᠬᠳᠠᠬᠰᠠᠨ ᠬᠦᠴᠢᠷᠳᠡᠢ ᠬᠦᠮᠦᠰ᠎ᠢ   ᠲᠡᠳᠬᠦᠬᠦ ᠠᠵᠢᠯ᠎ᠤᠨ ᠵᠢᠷᠤᠮᠵᠢᠯ》᠎ᠢ ᠳᠠᠷᠤᠮᠠᠯᠯᠠᠨ ᠲᠠᠷᠬᠠᠭ᠋ᠠᠪᠠ᠃ ᠠᠵᠢᠯ᠎ᠤᠨ ᠵᠢᠷᠤᠮᠵᠢᠯ᠎ᠳᠤ᠄ 《ᠬᠥᠭᠰᠢᠨ ᠪᠠᠭᠤᠷᠠᠢ ᠡᠪᠡᠳᠴᠢᠨ᠎ᠲᠠᠢ᠂ ᠵᠡᠮᠳᠡᠭ᠂ ᠭᠣᠣᠨᠢ ᠪᠡᠯᠪᠡᠰᠦᠨ ᠥᠨᠥᠴᠢᠨ ᠥᠷᠥᠭᠡᠰᠦᠨ ᠵᠡᠷᠭᠡ ᠣᠨᠴᠠᠭ᠋ᠠᠶ ᠬᠦᠴᠢᠷᠳᠡᠯ᠎ᠲᠠᠢ ᠬᠦᠮᠦᠰ᠎ᠤᠨ ᠬᠡᠷ᠎ᠲᠤ ᠦᠷᠭᠦᠯᠵᠢ ᠬᠦᠷᠴᠦ ᠰᠤᠷᠪᠤᠯᠵᠢᠯᠠᠵᠤ᠂ ᠪᠣᠳᠠᠲᠠᠢ ᠬᠦᠴᠢᠷᠳᠡᠯ᠎ᠢ᠎ᠨᠢ ᠬᠠᠪᠰᠤᠷᠤᠨ ᠰᠢᠢ᠍ᠳᠪᠦᠷᠢᠯᠡᠵᠦ ᠥᠭᠬᠦ ᠬᠡᠷᠡᠭᠲᠡᠢ᠃ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠵᠢᠨ ᠳᠣᠲᠣᠷᠠᠬᠢ ᠴᠡᠷᠢᠭ᠎ᠠᠴᠠ ᠬᠠᠯᠠᠬᠳᠠᠬᠰᠠᠨ ᠬᠦᠨᠳᠦ ᠡᠪᠡᠳᠴᠢᠨ᠎ᠲᠠᠢ ᠨᠤᠴᠢᠳᠠᠢ ᠵᠡᠮᠳᠡᠭ ᠬᠤᠪᠢ ᠬᠥᠮᠥᠨ᠎ᠤ ᠭᠤᠶᠤᠴᠢᠯᠠᠯ ᠵᠶ᠋ᠠᠷ ᠳᠡᠮᠵᠢᠨ ᠭᠠᠭᠴᠠ ᠬᠥᠮᠥᠨ᠎ᠤ ᠡᠷᠦᠬᠡ᠎ᠪᠠᠷ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠬᠦᠷᠢᠶ᠎ᠡ ᠬᠡᠪᠴᠢᠶᠡᠨ᠎ᠳᠤ ᠣᠷᠣᠭᠤᠯᠵᠤ ᠪᠣᠯᠣᠨ᠎ᠠ》 ᠭᠡᠵᠡᠢ᠃


ᠨᠡᠢ᠌ᠭᠡᠮ᠎ᠤᠨ ᠲᠤᠰᠠᠯᠠᠮᠵᠢ


   ᠰᠢᠯᠢ ᠵᠢᠨ ᠭᠣᠣᠯ ᠠᠢ᠌ᠮᠠᠭ᠎ᠤᠨ᠎ᠬᠢᠨ ᠰᠠᠯᠠᠭ᠎ᠠ ᠮᠥᠴᠢᠷ᠎ᠤᠨ ᠬᠣᠭᠣᠷᠣᠨᠳᠤ᠎ᠪᠠᠨ ᠨᠡᠪᠲᠡᠷᠡᠯᠴᠡᠨ ᠬᠠᠮᠵᠢᠯᠴᠠᠬᠤ ᠠᠵᠢᠯ᠎ᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠣᠯᠪᠤᠭ᠋ᠠᠯᠠᠨ ᠬᠥᠳᠡᠯᠦᠯᠴᠡᠵᠦ ᠬᠠᠷᠭᠤᠭᠤᠯᠬᠤ ᠬᠡᠪᠰᠢᠭᠰᠡᠨ ᠲᠣᠭᠲᠠᠴᠠ ᠵᠢ ᠪᠠᠢ᠌ᠭᠤᠯᠤᠨ᠂ ᠰᠠᠯᠠᠭ᠎ᠠ ᠮᠥᠴᠢᠷ᠎ᠤᠨ ᠬᠣᠭᠣᠷᠣᠨᠳᠤ᠎ᠪᠠᠨ ᠲᠣᠭ᠎ᠠ ᠪᠠᠷᠢᠮᠲᠠ ᠵᠢ ᠬᠠᠷᠢᠴᠠᠭᠤᠯᠤᠨ᠎ᠠ᠃ ᠰᠤᠷᠭ᠋ᠠᠨ ᠬᠥᠮᠦᠵᠢᠯ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠡᠮ ᠡᠮᠨᠡᠯᠭᠡ ᠵᠢᠨ ᠳᠠᠭ᠋ᠠᠳᠬᠠᠯ᠂ ᠵᠡᠮᠳᠡᠭᠴᠦᠳ᠎ᠤᠨ ᠬᠣᠯᠪᠣᠭ᠎ᠠ ᠵᠡᠷᠭᠡ ᠰᠠᠯᠠᠭ᠎ᠠ ᠮᠥᠴᠢᠷ᠎ᠤᠨ ᠭᠡᠷ ᠪᠦᠯᠢ ᠵᠢᠨ ᠠᠵᠤ ᠠᠬᠤᠢ᠎ᠨᠢ ᠬᠦᠴᠢᠷᠳᠡᠯᠲᠡᠢ ᠰᠣᠷᠣᠭᠴᠢ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠬᠦᠨᠳᠦ ᠡᠪᠡᠳᠴᠢᠲᠡᠨ᠂ ᠨᠤᠴᠢᠳᠠᠢ ᠵᠡᠮᠳᠡᠭᠴᠤᠳ᠎ᠤᠨ ᠲᠣᠭ᠎ᠠ ᠪᠠᠷᠢᠮᠲᠠ ᠵᠢ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠯᠦᠭᠡ ᠴᠠᠭ ᠲᠤᠬᠠᠢ᠎ᠳᠤ᠎ᠬᠢ ᠬᠤᠪᠢᠶᠯᠠᠴᠠᠬᠤ ᠠᠵᠢᠯ᠎ᠢ ᠠᠬᠢᠭᠤᠯᠤᠨ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠯᠦᠭᠡ ᠬᠠᠷᠢᠴᠠᠭᠤᠯᠤᠨ ᠵᠠᠳᠠᠯᠵᠤ᠂ ᠣᠷᠣᠯᠭ᠎ᠠ ᠪᠠᠭ᠎ᠠ ᠬᠦᠮᠦᠰ᠎ᠤᠨ ᠠᠵᠢᠯ ᠣᠯᠣᠭᠰᠠᠨ ᠪᠠᠢ᠌ᠳᠠᠯ᠂ ᠭᠡᠷ ᠪᠦᠯᠢ ᠵᠢᠨ ᠵᠠᠷᠤᠯᠭ᠎ᠠ᠂ ᠬᠦᠴᠢᠷᠳᠡᠯᠲᠡᠢ ᠪᠠᠢ᠌ᠳᠠᠯ ᠵᠡᠷᠭᠡ ᠬᠤᠪᠢᠷᠠᠯᠲᠠ ᠵᠢᠨ ᠪᠠᠢ᠌ᠳᠠᠯ᠎ᠢ ᠬᠥᠳᠡᠯᠦᠩᠭᠦᠢ᠎ᠪᠠᠷ ᠡᠵᠡᠮᠰᠢᠪᠡ᠃ ᠣᠲᠣ ᠪᠣᠯᠲᠠᠯ᠎ᠠ᠂ ᠨᠡᠢ᠌ᠭᠡᠮ᠎ᠤᠨ  ᠲᠤᠰᠠᠯᠠᠮᠵᠢ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ  85 ᠲᠦᠮᠡᠨ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ ᠬᠦᠷᠭᠡᠭᠰᠡᠨ ᠪᠠᠢ᠌ᠨ᠎ᠠ᠃


ᠣᠷᠣᠨ  ᠬᠤᠪᠢᠶᠠᠷᠢᠯᠠᠯ ᠭᠠᠵᠠᠷ᠎ᠤᠨ ᠨᠡᠷᠡᠰ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠵᠶ᠋ᠡᠷ ᠨᠤᠲᠠᠯᠠᠭᠤᠯᠬᠤ᠂ ᠶᠡᠷᠦᠩᠬᠡᠢ᠌ᠯᠡᠨ ᠦᠨᠡᠯᠡᠬᠦ ᠵᠡᠷᠭᠡ ᠭᠣᠭᠴᠣᠭ᠎ᠠ᠎ᠪᠠᠷ ᠳᠡᠮᠵᠢᠨ ᠪᠤᠭᠤᠳᠤ ᠬᠣᠲᠠ ᠵᠢᠨ ᠵᠠᠰᠠᠭ᠎ᠤᠨ ᠣᠷᠳᠣᠨ ᠵᠶ᠋ᠡᠷ ᠵᠥᠪᠰᠢᠶᠡᠷᠡᠭᠦᠯᠦᠭᠡᠳ ᠬᠥᠨᠳᠡᠯᠡᠨ ᠲᠣᠭᠣᠷᠢᠭ᠂ ᠴᠢᠩᠱ᠌ᠠᠨ ᠲᠣᠭᠣᠷᠢᠭ᠂ ᠳ᠋ᠦᠩ ᠾᠧ ᠲᠣᠭᠣᠷᠢᠭ᠂ ᠵᠢᠦ ᠶᠦᠦᠠᠨ ᠲᠣᠭᠣᠷᠢᠭ᠎ᠲᠤ 33 ᠵᠠᠮ᠎ᠤᠨ ᠨᠡᠷᠡᠢ᠌ᠳᠦᠯ᠎ᠤᠨ ᠠᠵᠢᠯ᠎ᠢ ᠪᠡᠶᠡᠯᠡᠭᠦᠯᠵᠦ᠂ ᠳᠤᠮᠳᠠᠳᠤ ᠤᠯᠤᠰ · ᠤᠯᠤᠰ᠎ᠤᠨ ᠭᠠᠵᠠᠷ᠎ᠤᠨ ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠵᠢᠨ ᠲᠠᠪᠴᠠᠩ᠎ᠳᠤ ᠲᠦᠰᠢᠭᠯᠡᠨ ᠳᠠᠩᠰᠠᠯᠠᠭᠤᠯᠬᠤ ᠠᠯᠪᠠᠨ ᠵᠠᠷ ᠨᠡᠢ᠌ᠲᠡᠯᠡᠵᠦ᠂ ᠵᠠᠮ ᠬᠠᠷᠢᠯᠴᠠᠭ᠋ᠠᠨ᠎ᠤ ᠬᠠᠮᠢᠶ᠎ᠠ ᠪᠦᠬᠦᠢ ᠮᠡᠳᠡᠭᠡ ᠵᠠᠩᠭᠢ ᠵᠢ ᠵᠠᠮ ᠬᠠᠷᠢᠯᠴᠠᠭ᠎ᠠ᠂ ᠬᠣᠲᠠ ᠵᠢᠨ ᠬᠠᠮᠢᠶᠠᠷᠤᠯᠲᠠ᠂ ᠰᠢᠤᠳᠠᠨ ᠵᠡᠷᠭᠡ ᠬᠠᠮᠢᠶ᠎ᠠ ᠪᠦᠬᠦᠢ ᠨᠢᠬᠡᠴᠢ᠎ᠳᠤ ᠵᠡᠷᠭᠡ᠎ᠪᠠᠷ ᠬᠦᠷᠭᠡᠨ ᠠᠷᠠᠳ ᠣᠯᠠᠨ᠎ᠤ ᠭᠠᠵᠠᠷ᠎ᠤᠨ ᠨᠡᠷ᠎ᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠣᠯᠠᠨ ᠲᠦᠮᠡᠨ᠎ᠤ ᠡᠳᠦᠷ ᠲᠤᠲᠤᠮ᠎ᠤᠨ ᠠᠮᠢᠳᠤᠷᠠᠯ ᠪᠠ ᠶᠠᠪᠤᠵᠤ ᠰᠠᠭᠤᠬᠤ᠎ᠳᠤ ᠲᠥᠬᠥᠮ ᠦᠵᠡᠭᠦᠯᠪᠡ᠃


ᠬᠡᠦᠬᠡᠳ᠎ᠤᠨ ᠠᠰᠠᠷᠠᠮᠵᠢ


    ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠡᠦᠬᠡᠳ᠎ᠤᠨ ᠠᠰᠠᠷᠠᠮᠵᠢ ᠵᠢᠨ 《ᠰᠠᠭᠤᠷᠢ  ᠦᠨᠡᠯᠡᠯᠳᠡ + ᠲᠤᠰᠬᠠᠢ ᠮᠡᠷᠭᠡᠵᠢᠯ᠎ᠤᠨ ᠦᠨᠡᠯᠡᠯᠳᠡ》 ᠵᠢᠨ ᠬᠣᠣᠰ ᠵᠠᠭᠪᠤᠷ᠎ᠤᠨ ᠰᠢᠨ᠎ᠡ ᠵᠢ ᠡᠭᠦᠳᠴᠦ᠂ 《ᠬᠡᠦᠬᠡᠳ᠎ᠤᠨ ᠡᠷᠬᠢᠯᠡᠭᠴᠢ ᠵᠢᠨ ᠰᠠᠭᠤᠷᠢ  ᠦᠨᠡᠯᠡᠯᠳᠡ + ᠨᠡᠢ᠌ᠭᠡᠮ᠎ᠤᠨ ᠠᠵᠢᠯᠲᠠᠨ᠎ᠤ ᠲᠤᠰᠬᠠᠢ ᠮᠡᠷᠭᠡᠵᠢᠯ᠎ᠤᠨ ᠦᠨᠡᠯᠡᠯᠳᠡ》 ᠵᠢᠨ ᠠᠷᠭ᠎ᠠ ᠎ᠪᠠᠷ ᠪᠥᠬᠥ ᠬᠣᠲᠠ ᠵᠢᠨ ᠭᠡᠷ᠎ᠲᠤ᠎ᠪᠠᠨ ᠬᠣᠴᠣᠷᠤᠭᠰᠠᠨ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠬᠡᠦᠬᠡᠳ᠎ᠢ ᠬᠠᠷᠠᠭ᠋ᠠᠯᠵᠠᠨ ᠬᠠᠮᠠᠭ᠋ᠠᠯᠠᠬᠤ ᠪᠠᠢ᠌ᠳᠠᠯ ᠪᠠ ᠰᠡᠳᠬᠢᠴᠡ ᠵᠢᠨ ᠡᠷᠡᠭᠦᠯ ᠮᠡᠨᠳᠦ ᠵᠢ  ᠦᠨᠡᠯᠡᠬᠦ ᠠᠵᠢᠯ᠎ᠢ ᠥᠷᠨᠢᠭᠦᠯᠵᠦ᠂ ᠬᠡᠦᠬᠡᠳ᠎ᠢ ᠬᠠᠷᠠᠭ᠋ᠠᠯᠵᠠᠨ ᠬᠠᠮᠠᠭ᠋ᠠᠯᠠᠬᠤ ᠪᠠᠢ᠌ᠳᠠᠯ᠂ ᠰᠡᠳᠬᠢᠴᠡ ᠵᠢᠨ ᠪᠠᠢ᠌ᠳᠠᠯ᠂ ᠠᠮᠤᠷ ᠲᠦᠪᠰᠢᠨ᠎ᠤ ᠪᠠᠢ᠌ᠳᠠᠯ᠎ᠢ ᠨᠠᠷᠢᠯᠢᠭ ᠣᠨᠣᠴᠠᠲᠠᠢ᠎ᠪᠠᠷ  ᠡᠵᠡᠮᠰᠢᠭᠰᠡᠨ᠎ᠤ ᠬᠠᠮᠲᠤ ᠬᠡᠦᠬᠡᠳ᠎ᠤᠨ ᠪᠣᠳᠠᠭ᠋ᠠᠯᠢ ᠪᠡᠶ᠎ᠡ ᠵᠢᠨ ᠬᠡᠷᠡᠭᠴᠡᠭᠡ ᠱᠠᠭ᠋ᠠᠷᠳᠠᠯᠭ᠎ᠠ ᠪᠠ ᠠᠳᠠᠯᠢ ᠪᠤᠰᠤ ᠣᠨᠴᠠᠯᠢᠭ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠰᠤᠷᠪᠤᠯᠵᠢᠯᠠᠬᠤ᠂ ᠬᠠᠷᠠᠭ᠋ᠠᠯᠵᠠᠨ ᠬᠠᠮᠠᠭ᠋ᠠᠯᠠᠬᠤ ᠵᠢ ᠳᠡᠮᠵᠢᠬᠦ᠂ ᠡᠬᠢ ᠪᠠᠶᠠᠯᠢᠭ᠎ᠢ ᠬᠣᠯᠪᠣᠬᠤ᠂ ᠰᠡᠳᠬᠢᠴᠡ ᠵᠢᠨ ᠵᠢᠯᠣᠭᠣᠳᠤᠯᠭ᠎ᠠ᠂ ᠡᠷᠬᠡ ᠠᠰᠢᠭ᠎ᠢ ᠬᠠᠮᠠᠭ᠋ᠠᠯᠠᠬᠤ ᠵᠡᠷᠭᠡ ᠥᠪᠡᠷᠮᠢᠴᠡ ᠦᠢ᠍ᠯᠡᠴᠢᠯᠡᠭᠡ ᠵᠢ  ᠬᠠᠡᠭᠭ᠋ᠠᠭ᠋ᠠᠳ ᠦᠨᠡᠯᠡᠯᠳᠡ ᠪᠠ ᠦᠢ᠍ᠯᠡᠴᠢᠯᠡᠭᠡ ᠵᠢ 1717 ᠤᠳᠠᠭ᠎ᠠ ᠥᠷᠨᠢᠭᠦᠯᠪᠡ᠃


ᠨᠢᠬᠦᠯᠡᠰᠤᠡᠭᠭᠦᠢ ᠵᠢᠨ ᠦᠢ᠍ᠯᠡᠰ


   ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠶᠡᠬᠡ᠎ᠪᠠᠷ ᠥᠷᠨᠢᠭᠦᠯᠵᠦ᠂ ᠡᠭᠦᠷᠭᠡ ᠵᠢᠨ ᠨᠠᠷᠢᠨ ᠬᠠᠭᠤᠳᠠᠰᠤ ᠲᠣᠭᠲᠠᠭ᠋ᠠᠬᠤ᠂ ᠠᠵᠢᠯᠲᠠᠨ᠎ᠢ ᠲᠣᠳᠣᠷᠬᠠᠢ᠌ᠯᠠᠬᠤ᠂ ᠡᠬᠢ ᠪᠠᠶᠠᠯᠢᠭ᠎ᠢ ᠬᠣᠯᠪᠣᠬᠤ ᠵᠡᠷᠭᠡ ᠠᠷᠭ᠎ᠠ᠎ᠪᠠᠷ ᠡᠯ᠎ᠡ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠬᠦᠴᠢᠷᠳᠡᠯᠲᠡᠢ ᠬᠥᠮᠥᠰ᠎ᠲᠤ ᠦᠢ᠍ᠯᠡᠴᠢᠯᠡᠭᠡ  ᠦᠷᠨᠢᠬᠦᠯᠤᠬᠡᠳ  ᠪᠥᠬᠥ ᠬᠣᠲᠠ ᠵᠢᠨ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠥᠷᠲᠡᠭᠡ ᠨᠡᠢ᠌ᠭᠡᠮ ᠲᠣᠭᠣᠷᠢᠭ᠎ᠲᠤ ᠬᠠᠮᠵᠢᠨ ᠭᠡᠷ᠎ᠲᠤ᠎ᠪᠠᠨ ᠬᠣᠴᠣᠷᠤᠭᠰᠠᠨ ᠨᠠᠰᠤᠲᠠᠢ᠌ᠴᠤᠳ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠂ ᠨᠡᠢ᠌ᠭᠡᠮ᠎ᠤᠨ ᠲᠤᠰᠠᠯᠠᠮᠵᠢ᠂ ᠵᠡᠮᠳᠡᠭᠴᠦᠳ ᠵᠡᠷᠬᠡ 15531 ᠬᠥᠮᠥᠨ ᠮᠡᠳᠡᠭᠡ ᠵᠠᠩᠭᠢ ᠵᠢᠨ ᠡᠬᠡ ᠲᠠᠩᠰᠠ ᠪᠠᠢ᠌ᠭᠤᠯᠪᠠ᠃ ᠴᠠᠭ᠋ᠠᠨ ᠰᠠᠷ᠎ᠠ᠂ ᠥᠯᠵᠡᠢ᠌ᠲᠦ ᠡᠳᠦᠷ᠎ᠤᠨ ᠪᠠᠶᠠᠷ ᠵᠡᠷᠭᠡ ᠨᠡᠢ᠌ᠭᠡᠮ᠎ᠤᠨ ᠠᠵᠢᠯᠲᠠᠳ᠎ᠤᠨ ᠰᠡᠳᠬᠢᠯ᠎ᠢ ᠳᠤᠯᠠᠭ᠋ᠠᠴᠠᠭᠤᠯᠬᠤ ᠦᠢ᠍ᠯᠡᠴᠢᠯᠡᠭᠡ ᠵᠢ 500 ᠭᠠᠷᠤᠢ ᠤᠳᠠᠭ᠎ᠠ ᠥᠷᠨᠢᠭᠦᠯᠵᠦ 6 ᠲᠦᠮᠡ ᠭᠠᠷᠤᠢ ᠲᠥᠭᠥᠷᠢᠭ ᠨᠢᠬᠦᠯᠡᠰᠤᠡᠭᠭᠦᠢ ᠵᠢᠨ ᠮᠥᠩᠭᠥ ᠴᠤᠭᠯᠠᠭᠤᠯᠵᠤ᠂ ᠬᠠᠨᠳᠢᠪ ᠪᠣᠳᠠᠰ᠎ᠢ ᠠᠷᠠᠳ᠎ᠤᠨ ᠵᠣᠭᠣᠰ ᠵᠶ᠋ᠠᠷ  ᠨᠤᠭᠤᠯᠵᠤ ᠪᠤᠳᠤᠪᠠᠯ 2.6 ᠲᠦᠮᠡ ᠭᠠᠷᠤᠢ ᠲᠥᠭᠥᠷᠢᠭ ᠬᠦᠷᠴᠡᠢ᠃



 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.26
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.27
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.28
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.4
 
            