ᠴᠢᠬᠤᠯᠠ ᠮᠡᠳᠡᠭᠡ
ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ 3 ᠰᠠᠷ᠎ᠠ ᠵᠢᠨ 5᠎ᠤ ᠡᠳᠦᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠡᠭᠦᠷᠭᠡ ᠵᠢ ᠲᠠᠨᠢᠯᠴᠠᠭᠤᠯᠬᠤ᠎ᠳᠤ᠎ᠪᠠᠨ᠄ 《ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠨᠡᠢ᠌ᠭᠡᠮ᠎ᠤᠨ ᠵᠠᠰᠠᠯᠲᠠ ᠵᠢᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠦᠭᠡᠮᠡᠯ ᠬᠠᠷᠠᠭ᠋ᠠᠯᠵᠠᠯᠳᠤ᠂ ᠰᠠᠭᠤᠷᠢ᠂ ᠦᠨᠳᠦᠰᠦᠨ ᠪᠠᠳᠤᠯᠠᠭ᠎ᠠ ᠵᠢᠨ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠤᠯᠠᠨ ᠨᠡᠶ᠋ᠢᠲᠡ ᠵᠢᠨ ᠦᠢ᠍ᠯᠡᠴᠢᠯᠡᠭᠡ ᠪᠠ ᠨᠡᠢ᠌ᠭᠡᠮ᠎ᠤᠨ ᠪᠠᠲᠤᠯᠠᠭ᠎ᠠ ᠵᠢᠨ ᠲᠦᠪᠰᠢᠨ᠎ᠢ ᠯᠠᠪᠳᠠᠭᠤᠨ ᠵᠶ᠋ᠠᠷ ᠳᠡᠭᠡᠭᠰᠢᠯᠡᠭᠦᠯᠦᠨ ᠨᠡᠢ᠌ᠭᠡᠮ᠎ᠤᠨ ᠡᠶ᠎ᠡ ᠵᠣᠬᠢᠴᠠᠯ ᠪᠠ ᠲᠣᠭᠲᠠᠭᠤᠨ ᠪᠠᠢ᠌ᠳᠠᠯ᠎ᠢ ᠠᠬᠢᠭᠤᠯᠵᠤ᠂ ᠠᠷᠠᠳ ᠤᠯᠠᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠬᠦᠯᠤᠨ᠎ᠡ》 ᠬᠡᠵᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠠᠵᠢᠯᠯᠠᠬᠤ ᠳᠤᠭᠤᠢ᠌ᠯᠠᠩ ᠲᠣᠮᠢᠯᠠᠵᠤ᠂ ᠬᠥᠯᠥᠨ ᠪᠣᠶ᠋ᠢᠷ ᠬᠣᠲᠠ᠂ ᠤᠯᠠᠭ᠋ᠠᠨᠬᠠᠳᠠ ᠬᠣᠲᠠ᠎ᠳᠤ ᠲᠣᠰ ᠲᠣᠰ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢᠨ ᠪᠠᠢ᠌ᠴᠠᠭ᠋ᠠᠯᠲᠠ ᠪᠠ ᠬᠠᠤᠯᠢ ᠬᠡᠷᠡᠭᠵᠢᠭᠦᠯᠬᠦ ᠠᠵᠢᠯ᠎ᠢ ᠥᠷᠨᠢᠭᠦᠯᠦᠭᠰᠡᠨ ᠪᠥᠭᠡᠳ ᠦᠨᠳᠦᠰᠦᠨ ᠱᠠᠲᠤᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠥᠷᠲᠡᠭᠡ ᠴᠡᠭ᠎ᠤᠨ ᠡᠵᠡᠩᠨᠡᠯᠲᠡ ᠬᠠᠮᠢᠶᠠᠷᠤᠯᠲᠠ ᠵᠡᠷᠭᠡ ᠪᠠᠢ᠌ᠳᠠᠯ᠎ᠢ ᠭᠦᠨᠵᠡᠭᠡᠢ ᠣᠢ᠌ᠯᠠᠭ᠋ᠠᠪᠠ᠃
ᠶᠡᠷᠤᠡᠭᠭᠡᠢ᠌ᠯᠡᠭᠰᠡᠨ ᠠᠵᠢᠯ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠪᠠᠢ᠌ᠴᠠᠭ᠋ᠠᠨ ᠰᠤᠳᠤᠯᠬᠤ ᠳᠤᠭᠤᠢ᠌ᠯᠠᠩ ᠲᠣᠮᠢᠯᠠᠨ ᠬᠦᠴᠢᠷᠳᠡᠯᠲᠡᠢ ᠣᠯᠠᠨ ᠲᠦᠮᠡᠨ᠎ᠢ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ᠎ᠪᠠᠷ ᠯᠢᠨᠰᠢ ᠰᠢᠶᠠᠨ᠎ᠳᠤ ᠬᠦᠷᠴᠦ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ᠂ ᠨᠡᠢ᠌ᠭᠡᠮ᠎ᠤᠨ ᠲᠤᠰᠠᠯᠠᠮᠵᠢ ᠵᠡᠷᠭᠡ ᠠᠵᠢᠯ᠎ᠢ ᠪᠠᠢ᠌ᠴᠠᠭ᠋ᠠᠨ ᠰᠤᠳᠤᠯᠬᠤ ᠵᠢᠨ ᠬᠠᠮᠲᠤ ᠵᠢᠯᠤᠭᠣᠳᠬᠤ ᠰᠠᠨᠠᠯ ᠳᠤᠷᠠᠳᠪᠠ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ᠄ 《 ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ ᠪᠠᠢ᠌ᠭ᠎ᠠ ᠪᠠᠢ᠌ᠳᠠᠯ᠎ᠢ ᠡᠮᠬᠢᠯᠡᠨ᠂ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠠᠵᠢᠯ᠎ᠤᠨ ᠶᠠᠪᠤᠴᠠ ᠵᠢ ᠰᠢᠯᠢᠳᠡᠭᠵᠢᠭᠦᠯᠬᠦ ᠬᠡᠷᠡᠭᠳᠡᠢ᠃ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠢ᠌ᠷᠡᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ ᠲᠦᠭᠡᠮᠡᠯ ᠬᠠᠷᠠᠭ᠋ᠠᠯᠵᠠᠯᠲᠤ ᠴᠢᠨᠠᠷ ᠪᠠ ᠵᠠᠬ᠎ᠠ ᠳᠡᠯᠭᠡᠭᠦᠷ᠎ᠤᠨ ᠬᠡᠯᠪᠡᠷᠢ ᠲᠡᠢ᠌ᠰᠢ ᠬᠤᠪᠢᠷᠠᠭᠤᠯᠬᠤ ᠠᠵᠢᠯ᠎ᠢ ᠠᠬᠢᠭᠤᠯᠬᠤ ᠬᠡᠷᠡᠭᠳᠡᠢ᠃ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠤᠷᠵᠢᠯ᠎ᠤᠨ ᠪᠠᠢ᠌ᠭᠤᠯᠤᠯᠲᠠ ᠵᠢ ᠲᠡᠬᠦᠯᠳᠡᠷᠵᠢᠬᠦᠯᠤᠬᠡᠳ 《ᠵᠢᠷᠭᠤᠭ᠎ᠠ ᠵᠢ ᠲᠤᠰᠠᠯᠠᠬᠤ》 ᠦᠢ᠍ᠯᠡᠴᠢᠯᠡᠭᠡᠨ᠎ᠤ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠵᠢᠨ ᠬᠠᠮᠲᠤ ᠬᠥᠳᠡᠭᠡ ᠲᠣᠰᠬᠣᠨ᠎ᠤ ᠨᠠᠰᠤᠳᠠᠢ᠌ᠴᠤᠳ᠎ᠤᠨ ᠬᠤᠭᠤᠯᠨ ᠤᠮᠳᠠ᠎ᠳᠤ ᠲᠤᠰᠠᠯᠠᠬᠤ ᠠᠵᠢᠯ᠎ᠢ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠬᠢᠬᠦ ᠬᠡᠷᠡᠭᠳᠡᠢ》 ᠭᠡᠵᠤ ᠱᠠᠭ᠋ᠠᠷᠳᠠᠯ᠎ᠠ᠃
ᠨᠡᠢ᠌ᠭᠡᠮ᠎ᠤᠨ ᠲᠤᠰᠠᠯᠠᠮᠵᠢ
ᠪᠤᠭᠤᠲᠤ ᠬᠤᠳᠠ ᠵᠢᠨ ᠲᠤᠰᠠᠯᠠᠮᠵᠢ ᠵᠢᠨ ᠦᠷᠳᠡᠭᠡ ᠵᠢᠨ᠎ᠬᠢᠨ 《 ᠲᠤᠰᠠᠯᠠᠬᠤ ᠶᠣᠰᠣᠲᠠᠢ ᠵᠢ᠎ᠨᠢ ᠪᠦᠬᠦᠨ᠎ᠢ ᠲᠤᠰᠠᠯᠠᠬᠤ᠂ ᠬᠠᠯᠠᠭᠤᠨ ᠰᠡᠳᠬᠢᠯ ᠵᠶ᠋ᠡᠷ ᠦᠨᠳᠦᠰᠦᠨ ᠵᠦᠢ᠍ᠯ᠎ᠢ ᠪᠠᠲᠤᠯᠠᠬᠤ》 ᠠᠵᠢᠯ᠎ᠤᠨ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ 《ᠬᠠᠬᠢᠷ ᠡᠪᠦᠯ᠎ᠤᠨ ᠬᠦᠢ᠍ᠳᠡᠨ᠎ᠳᠤ ᠬᠠᠯᠠᠮᠵᠢ ᠬᠦᠷᠭᠡᠬᠦ》ᠲᠤᠰᠬᠠᠢ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠰᠢ ᠣᠷᠣᠨ ᠪᠦᠰᠡ ᠠᠯᠤᠰᠯᠠᠨ ᠬᠣᠯᠪᠤᠭ᠋ᠠᠯᠠᠨ ᠬᠥᠳᠡᠯᠦᠯᠴᠡᠬᠦ ᠪᠠ ᠤᠨᠢᠨ ᠳᠡᠭᠡᠷ᠎ᠡ᠎ᠨᠢ ᠲᠦᠷᠦ ᠵᠢᠨ ᠪᠣᠳᠣᠯᠭ᠎ᠠ ᠬᠡᠷᠡᠭᠵᠢᠭᠦᠯᠬᠦ᠎ᠪᠠᠷ ᠳᠠᠮᠵᠢᠭᠤᠯᠵᠤ ᠲᠡᠨᠦᠭᠦᠯᠴᠢᠳ᠎ᠲᠤ 《ᠨᠤᠲᠤᠭ ᠤᠰᠤᠨ᠎ᠳᠤ᠎ᠪᠠᠨ ᠬᠠᠷᠢᠬᠤ ᠵᠠᠮ》 ᠢ ᠳᠡᠪᠢᠰᠴᠦ ᠥᠭᠴᠡᠢ᠃ ᠣᠲᠣ ᠪᠣᠯᠲᠠᠯ᠎ᠠ ᠡᠯ᠎ᠡ ᠲᠥᠷᠥᠯ᠎ᠤᠨ ᠬᠦᠴᠢᠷᠳᠡᠯᠲᠡᠢ ᠣᠯᠠᠨ ᠲᠦᠮᠡᠨ᠎ᠢ 903 ᠲᠤᠰᠠᠯᠠᠬᠰᠠᠨᠤ ᠲᠤᠳᠤᠷ᠎ᠠ 138 ᠬᠥᠮᠥᠨ᠎ᠢ ᠬᠠᠪᠰᠤᠷᠤᠨ ᠨᠤᠳᠤᠭ᠎ᠲᠤ᠎ᠨᠢ ᠬᠠᠷᠢᠭᠤᠯᠵᠤ᠂ 765 ᠤᠳᠠᠭ᠎ᠠ ᠵᠢ ᠵᠡᠭᠡᠯᠢ ᠭᠤᠳᠤᠮᠵᠢ᠎ᠪᠠᠷ ᠲᠣᠭᠣᠷᠢᠨ ᠪᠠᠢ᠌ᠴᠠᠭ᠋ᠠᠵᠤ ᠲᠤᠰᠠᠯᠠᠵᠠᠢ᠃
ᠨᠠᠰᠤᠵᠢᠯ᠎ᠤᠨ ᠦᠢ᠍ᠯᠡᠴᠢᠯᠡᠭᠡ
ᠰᠢᠯᠢ ᠵᠢᠨ ᠭᠣᠣᠯ ᠠᠢ᠌ᠮᠠᠭ᠎ᠤᠨ᠎ᠬᠢᠨ ᠠᠵᠢᠯᠲᠠᠨ᠎ᠢ ᠪᠣᠯᠪᠠᠰᠤᠷᠠᠭᠤᠯᠬᠤ᠂ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭ᠋ᠠᠬᠤ᠂ ᠡᠷᠦᠬᠡ᠎ᠳᠤ ᠬᠦᠷᠴᠦ ᠰᠤᠷᠪᠤᠯᠵᠢᠯᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ ᠦᠳᠡᠬᠦᠰ᠎ᠤᠨ ᠨᠦᠬᠦᠪᠤᠷᠢ᠂ ᠠᠵᠤ ᠠᠬᠤᠢ ᠵᠢᠨ ᠬᠦᠴᠢᠷᠳᠡᠯ᠎ᠲᠠᠢ ᠨᠠᠰᠤᠲᠠᠢ᠌ᠴᠤᠳ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠥᠬᠥᠪᠦᠷᠢ᠂ ᠠᠮᠢᠳᠤᠷᠠᠯ ᠵᠶ᠋ᠠᠨ ᠥᠪᠡᠷ ᠵᠶ᠋ᠡᠨ ᠠᠷᠬᠠᠴᠠᠭ᠋ᠠᠵᠤ ᠳᠡᠶ᠋ᠢᠯᠬᠦ ᠦᠭᠡᠢ ᠠᠵᠤ ᠠᠬᠤᠢ ᠵᠢᠨ ᠬᠦᠴᠢᠷᠳᠡᠯ᠎ᠲᠠᠢ ᠨᠠᠰᠤᠲᠠᠢ᠌ᠴᠤᠳ᠎ᠢ ᠠᠰᠠᠷᠠᠨ ᠰᠤᠪᠢᠯᠠᠬᠤ ᠨᠥᠬᠥᠪᠦᠷᠢ ᠵᠡᠷᠭᠡ ᠡᠯ᠎ᠡ ᠲᠥᠷᠥᠯ᠎ᠤᠨ ᠨᠥᠬᠥᠪᠦᠷᠢ ᠵᠢᠨ ᠲᠥᠷᠥ ᠵᠢᠨ ᠪᠣᠳᠣᠯᠭ᠎ᠠ ᠪᠠ ᠮᠡᠳᠡᠭᠦᠯᠬᠦ ᠨᠥᠬᠥᠴᠡᠯ᠎ᠢ ᠥᠷᠭᠡᠨ ᠵᠶ᠋ᠡᠷ ᠤᠬᠠᠭᠤᠯᠵᠤ᠂ ᠨᠥᠬᠥᠴᠡᠯ᠎ᠳᠤ ᠨᠡᠢ᠌ᠴᠡᠬᠦ ᠨᠠᠰᠤᠲᠠᠢ᠌ᠴᠤᠳ᠎ᠤᠨ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ᠂ ᠲᠥᠷᠥ ᠵᠢᠨ ᠪᠣᠳᠣᠯᠭ᠎ᠠ ᠵᠢ ᠮᠡᠳᠡᠬᠦ᠂ ᠲᠥᠷᠥ ᠵᠢᠨ ᠪᠣᠳᠣᠯᠭ᠎ᠠ ᠵᠢ ᠡᠵᠡᠮᠰᠢᠬᠦ᠂ ᠲᠥᠷᠥ ᠵᠢᠨ ᠪᠣᠳᠣᠯᠭ᠎ᠠ ᠵᠢ ᠭᠥᠷᠳᠡᠬᠦ ᠲᠥᠷᠥ ᠵᠢᠨ ᠪᠣᠳᠣᠯᠭ᠎ᠠ ᠵᠢ ᠡᠳ᠋ᠯᠡᠬᠦ ᠠᠵᠢᠯ᠎ᠢ ᠪᠦᠲᠦᠮᠵᠢᠲᠡᠶ ᠠᠬᠢᠭᠤᠯᠵᠤ᠂ ᠨᠠᠰᠤᠲᠠᠢ᠌ᠴᠤᠳ᠎ᠤᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠦᠷᠦᠭᠳᠡᠯ᠎ᠢ ᠨᠡᠮᠡᠭᠳᠡᠬᠦᠯᠤᠬᠡᠳ 48 ᠤᠳᠠᠭ᠎ᠠ ᠲᠥᠪᠯᠡᠷᠡᠭᠦᠯᠦᠨ ᠤᠬᠠᠭᠤᠯᠵᠤ᠂ ᠰᠦᠯᠵᠢᠶᠡᠨ ᠳᠡᠭᠡᠷᠡᠬᠢ ᠤᠬᠠᠭᠤᠯᠭ᠎ᠠ ᠵᠢ 48 ᠤᠳᠠᠭ᠎ᠠ ᠥᠷᠨᠢᠭᠦᠯᠵᠦ᠂ 1 ᠲᠦᠮᠡ ᠭᠠᠷᠤᠢ ᠬᠥᠮᠥᠨ᠎ᠢ ᠰᠦᠯᠵᠢᠶᠡᠨ ᠭᠠᠳᠠᠨ᠎ᠠ ᠰᠤᠷᠪᠤᠯᠵᠢᠯᠠᠪᠠ᠃