ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.6
ᠨᠡᠶᠢᠲᠡᠯᠡᠭᠰᠡᠨ ᠴᠠᠭ᠄ 2025-03-10

ᠠᠷᠠᠳ᠎ᠤᠨ ᠶᠠᠪᠤᠳᠠᠯ᠎ᠤᠨ ᠶᠠᠮᠤᠨ


   ᠳᠤᠮᠳᠠᠳᠤ ᠤᠯᠤᠰ᠎ᠤᠨ ᠵᠡᠮᠳᠡᠭᠴᠦᠳ᠎ᠤᠨ ᠬᠣᠯᠪᠣᠭ᠎ᠠ᠂ ᠠᠷᠠᠳ᠎ᠤᠨ ᠶᠠᠪᠤᠳᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠤᠷᠴᠢᠮ᠎ᠳᠤ ᠬᠠᠮᠲᠤᠷᠠᠨ 《ᠵᠡᠮᠳᠡᠭᠴᠦᠳ᠎ᠤᠨ ᠦᠨᠳᠦᠰᠦᠨ ᠡᠷᠡᠭᠦᠯᠵᠢᠯ᠎ᠤᠨ ᠦᠢ᠍ᠯᠡᠴᠢᠯᠡᠭᠡᠨ᠎ᠤ ᠭᠠᠷᠴᠠᠭ (2025 ᠣᠨ᠎ᠤ ᠬᠡᠪᠯᠡᠯ)》᠎ᠢ ᠳᠠᠷᠤᠮᠠᠯᠯᠠᠨ ᠲᠠᠷᠬᠠᠭ᠋ᠠᠪᠠ᠃ 《ᠭᠠᠷᠴᠠᠭ (2025 ᠣᠨ᠎ᠤ ᠬᠡᠪᠯᠡᠯ)》᠎ᠨᠢ 2019 ᠣᠨ᠎ᠤ ᠬᠡᠪᠯᠡᠯ᠎ᠤᠨ ᠭᠠᠷᠴᠠᠭ᠎ᠤᠨ ᠰᠠᠭᠤᠷᠢᠨ ᠳᠡᠭᠡᠷ᠎ᠡ ᠮᠡᠳᠡᠷᠡᠯ᠎ᠤᠨ ᠪᠠ ᠣᠶᠤᠨ᠎ᠤ ᠰᠠᠭ᠋ᠠᠳ᠎ᠲᠠᠢ ᠵᠡᠮᠳᠡᠭᠴᠦᠳ᠎ᠤᠨ ᠲᠤᠰᠠᠯᠠᠬᠤ ᠪᠠᠭ᠋ᠠᠵᠢ  ᠵᠢᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠰᠢᠨ᠎ᠡ᠎ᠪᠠᠷ ᠨᠡᠮᠡᠵᠦ᠂ ᠬᠢᠮᠡᠯ ᠴᠢᠬᠢᠨ ᠲᠤᠩ᠎ᠤᠨ ᠪᠡᠶ᠎ᠡ ᠵᠢᠨ ᠭᠠᠳᠠᠨᠠᠬᠢ ᠮᠠᠰᠢᠨ᠎ᠢ ᠲᠠᠰ ᠳᠡᠪᠰᠢᠭᠦᠯᠬᠦ᠂ ᠰᠣᠯᠢᠬᠤ ᠵᠡᠷᠭᠡ ᠵᠢ 0 — 6 ᠨᠠᠰᠤᠨ᠎ᠤ ᠰᠣᠨᠣᠷ ᠵᠡᠮᠳᠡᠭ ᠬᠡᠦᠬᠡᠳ᠎ᠤᠨ ᠦᠨᠳᠦᠰᠦᠨ ᠡᠷᠡᠭᠦᠯᠵᠢᠯ᠎ᠤᠨ ᠦᠢ᠍ᠯᠡᠴᠢᠯᠡᠭᠡᠨ᠎ᠤ ᠠᠭᠤᠯᠭ᠎ᠠ ᠪᠤᠯᠭ᠋ᠠᠪᠠ᠃ 7 ᠨᠠᠰᠤᠨ᠎ᠠᠴᠠ ᠳᠡᠭᠡᠭᠰᠢᠬᠢ ᠵᠡᠮᠳᠡᠭ ᠬᠡᠦᠬᠡᠳ ᠪᠠ ᠨᠠᠰᠤᠨ᠎ᠳᠤ ᠬᠦᠷᠦᠭᠰᠡᠨ ᠵᠡᠮᠳᠡᠭᠴᠦᠳ᠎ᠤᠨ ᠲᠦᠷᠤᠯᠬᠢ ᠵᠢᠨ ᠪᠤᠰᠤ ᠬᠠᠷᠠᠭ᠎ᠠ ᠠᠯᠳᠠᠭᠰᠠᠳ᠂ ᠲᠦᠷᠤᠯᠬᠢ ᠵᠢᠨ ᠪᠤᠰᠤ ᠳᠦᠯᠡᠢ᠌ᠷᠡᠭᠰᠡᠳ᠂ ᠨᠤᠭᠤᠰᠤ᠎ᠨᠢ ᠭᠡᠮᠲᠦᠭᠰᠡᠳ ᠵᠡᠷᠭᠡ ᠥᠪᠡᠷᠲᠡᠭᠡᠨ ᠰᠦᠢ᠍ᠳᠬᠡᠯ ᠲᠤᠰᠢᠶᠠᠵᠤ ᠵᠠᠰᠠᠭᠤᠯᠬᠤ ᠪᠠ ᠡᠷᠡᠭᠦᠯᠵᠢᠭᠦᠯᠬᠦ ᠦᠢ᠍ᠯᠡᠴᠢᠯᠡᠭᠡ ᠵᠢ  ᠳᠡᠮᠵᠢᠯᠭᠡ ᠵᠢᠨ ᠴᠢᠨᠠᠷᠲᠠᠢ ᠦᠢ᠍ᠯᠡᠴᠢᠯᠡᠭᠡ᠎ᠳᠤ ᠤᠷᠤᠭᠤᠯᠪᠠ᠃
 
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠪᠥᠬᠥ ᠣᠷᠣᠨ᠎ᠤ ᠲᠠᠰ ᠲᠥᠷᠥᠯ ᠬᠤᠪᠢᠶᠠᠭᠰᠠᠨ ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠨᠢ 《ᠨᠡᠢ᠌ᠭᠡᠮ᠎ᠤᠨ ᠲᠤᠰᠠᠯᠠᠮᠵᠢ ᠵᠢᠨ ᠥᠭᠡᠷᠡᠴᠢᠯᠡᠯᠲᠡ ᠬᠢᠵᠦ ᠰᠢᠨᠡᠴᠢᠯᠡᠯᠳᠡ ᠵᠢ ᠭᠦᠨᠵᠡᠭᠡᠢ᠌ᠷᠡᠭᠦᠯᠵᠦ᠂ ᠣᠷᠣᠯᠭ᠎ᠠ ᠪᠠᠭ᠎ᠠ ᠬᠦᠮᠦᠰ᠎ᠤᠨ ᠪᠠᠢ᠌ᠩᠭᠤ ᠵᠢᠨ ᠲᠤᠰᠠᠯᠠᠮᠵᠢ ᠵᠢᠨ ᠰᠢᠰᠲᠸᠮ᠎ᠢ ᠪᠠᠶ᠋ᠢᠭᠤᠯᠬᠤ》 ᠵᠢᠨ ᠲᠣᠭᠣᠷᠢᠨ᠎ᠳᠤ ᠲᠤᠰᠬᠠᠢ ᠰᠡᠳᠦᠪ ᠵᠶ᠋ᠡᠷ ᠬᠢᠴᠢᠶᠡᠯᠯᠡᠵᠦ᠂ ᠣᠷᠣᠯᠭ᠎ᠠ  ᠪᠠᠭ᠎ᠠ ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠬᠤ ᠮᠡᠳᠡᠭᠡ ᠵᠠᠩᠭᠢ ᠵᠢᠨ ᠲᠠᠪᠴᠠᠩ᠎ᠤᠨ ᠴᠢᠳᠠᠮᠵᠢ ᠪᠠ ᠠᠵᠢᠯᠯᠠᠭᠤᠯᠤᠨ ᠬᠡᠷᠡᠭᠯᠡᠬᠦ ᠲᠠᠯ᠎ᠠ᠎ᠪᠠᠷ ᠲᠤᠰᠬᠠᠢ ᠰᠡᠳᠦᠪᠲᠦ ᠪᠣᠯᠪᠠᠰᠤᠷᠠᠯ᠎ᠢ ᠲᠤᠰᠬᠠᠢ᠌ᠯᠠᠨ ᠬᠢᠪᠡ᠃

ᠨᠡᠢ᠌ᠭᠡᠮ᠎ᠤᠨ ᠲᠤᠰᠠᠯᠠᠮᠵᠢ
    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠪᠣᠷᠣᠭ᠋ᠠᠨ ᠴᠠᠰᠤ ᠮᠥᠰᠥᠲᠦᠯ᠎ᠤᠨ ᠴᠠᠭ ᠠᠭᠤᠷ᠎ᠲᠤ ᠴᠢᠭᠯᠡᠭᠦᠯᠦᠨ ᠲᠦᠷ ᠴᠠᠭ᠎ᠤᠨ ᠲᠤᠰᠠᠯᠠᠮᠵᠢ ᠵᠢᠨ ᠠᠯᠪᠠᠨ ᠵᠠᠷ ᠨᠡᠢ᠌ᠲᠡᠯᠡᠪᠡ᠃ ᠭᠡᠨᠡᠳᠲᠡ ᠵᠢᠨ᠂ ᠡᠨᠳᠡᠯ᠎ᠤᠨ ᠭᠡᠮᠲᠦᠯ᠎ᠠᠴᠠ ᠪᠣᠯᠵᠤ ᠬᠦᠴᠢᠷᠳᠡᠯ᠎ᠳᠤ ᠲᠤᠯᠭ᠋ᠠᠷᠠᠭᠰᠠᠨ ᠣᠯᠠᠨ ᠲᠦᠮᠡᠨ᠎ᠳᠤ ᠲᠥᠷᠥᠯ ᠬᠤᠪᠢᠶᠠᠨ ᠲᠤᠰᠠᠯᠠᠬᠤ᠂ ᠱᠠᠲᠤ ᠬᠤᠪᠢᠶᠠᠨ ᠬᠢᠨᠠᠨ ᠵᠥᠪᠰᠢᠶᠡᠷᠡᠬᠦ ᠵᠠᠷᠴᠢᠮ ᠶᠣᠰᠣᠭ᠋ᠠᠷ ᠪᠡᠯᠡ ᠮᠥᠩᠭᠥ ᠬᠢᠭᠡᠳ ᠪᠣᠳᠠᠲᠤ ᠪᠣᠳᠠᠰ᠎ᠢ ᠤᠶᠠᠯᠳᠤᠭᠤᠯᠬᠤ ᠠᠷᠭ᠎ᠠ᠎ᠪᠠᠷ ᠪᠠᠴᠢᠮ ᠎ᠢ  ᠠᠷᠭ᠋ᠠᠴᠠᠭ᠋ᠠᠬᠤ ᠰᠢᠯᠵᠢᠯᠲᠡ ᠵᠢᠨ ᠴᠢᠨᠠᠷᠲᠠᠢ  ᠲᠤᠰᠠᠯᠠᠮᠵᠢ ᠤᠯᠭᠤᠬᠰᠠᠨ᠎ᠤ ᠬᠠᠮᠳᠤ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠪᠠ ᠲᠦᠷ ᠴᠠᠭ ᠬᠦᠴᠢᠷᠳᠡᠯ᠎ᠳᠤ ᠲᠤᠯᠭ᠋ᠠᠷᠠᠭᠰᠠᠨ ᠬᠥᠮᠥᠰ᠎ᠤᠨ ᠢᠳᠡᠵᠦ ᠦᠦᠭᠤᠬᠤ ᠬᠣᠨᠣᠵᠤ ᠬᠡᠪᠲᠡᠬᠦ ᠠᠰᠠᠭᠤᠳᠠᠯ᠎ᠢ ᠲᠣᠬᠢᠲᠠᠢ ᠰᠢᠢ᠍ᠳᠪᠦᠷᠢᠯᠡᠵᠦ᠂ ᠨᠤᠲᠤᠭ ᠤᠰᠤᠨ᠎ᠳᠤ᠎ᠪᠠᠨ ᠤᠷᠤᠬᠰᠢᠳᠠᠢ ᠬᠠᠷᠢᠬᠤ᠎ᠳᠤ᠎ᠨᠢ ᠬᠦᠴᠦᠨ ᠨᠡᠮᠡᠷᠢᠯᠡᠵᠦ᠂ ᠣᠨᠴᠠᠭ᠋ᠠᠶ ᠬᠦᠴᠢᠷᠳᠡᠯ᠎ᠲᠠᠢ ᠬᠥᠮᠥᠰ᠎ᠤᠨ ᠬᠠᠳᠠᠭᠤ ᠴᠠᠭ ᠠᠭ᠋ᠠᠷ᠎ᠤᠨ ᠪᠠᠢ᠌ᠳᠠᠯ᠎ᠳᠤ᠎ᠬᠢ ᠠᠮᠤᠷ ᠲᠦᠪᠰᠢᠨ ᠪᠥᠭᠡᠳ ᠳᠤᠯᠠᠭ᠋ᠠᠨ ᠪᠦᠯᠢᠶᠡᠨ᠎ᠢ ᠪᠥᠬᠥ ᠲᠠᠯ᠎ᠠ᠎ᠪᠠᠷ  ᠪᠠᠳᠤᠯᠠᠯ᠎ᠠ ᠃


ᠨᠠᠰᠤᠵᠢᠯ᠎ᠤᠨ ᠦᠢ᠍ᠯᠡᠴᠢᠯᠡᠭᠡ


   ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ ᠪᠠᠴᠢᠮ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ᠂ ᠭᠠᠯ ᠤᠨᠲᠠᠷᠠᠭ᠋ᠠᠬᠤ ᠰᠠᠯᠪᠤᠷᠢ ᠠᠩᠭᠢ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠦᠨᠳᠡᠯᠡᠨ᠎ᠤ ᠲᠤᠰᠬᠠᠢ ᠪᠠᠢ᠌ᠭᠤᠯᠤᠮᠵᠢ ᠵᠡᠷᠭᠡ ᠲᠤᠰᠬᠠᠢ ᠬᠦᠴᠦᠨ᠎ᠤ᠎ᠬᠢᠨ᠎ᠲᠠᠢ ᠬᠠᠮᠲᠤᠷᠠᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠲᠤᠰᠬᠠᠢ ᠪᠠᠢ᠌ᠴᠠᠭ᠋ᠠᠯᠲᠠ ᠬᠢᠵᠦ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠠᠷᠢᠭᠤᠴᠠᠯᠭ᠎ᠠ ᠵᠢᠨ ᠳᠠᠭ᠋ᠠᠳᠬᠠᠯ᠎ᠢ ᠴᠠᠭ ᠲᠤᠬᠠᠢ᠎ᠳᠤ᠎ᠬᠢ ᠬᠤᠳᠠᠯᠳᠤᠨ ᠠᠪᠴᠤ ᠦᠭᠭᠦ ᠵᠢ ᠱᠠᠯᠠᠪᠳᠠᠭᠤᠯᠤᠨ ᠨᠠᠰᠤᠵᠢᠯ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠠᠶᠤᠯ ᠦᠭᠡᠢ ᠦᠢ᠍ᠯᠡᠳᠪᠦᠷᠢᠯᠡᠯ᠎ᠤᠨ ᠪᠣᠯᠪᠠᠰᠤᠷᠠᠯ ᠪᠠ ᠪᠠᠴᠢᠮ᠎ᠢ ᠠᠷᠭ᠋ᠠᠴᠠᠭ᠋ᠠᠬᠤ ᠰᠣᠷᠢᠯᠲᠠ ᠬᠢᠪᠡ᠃ ᠣᠲᠣ ᠪᠣᠯᠲᠠᠯ᠎ᠠ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠶᠤᠯ ᠦᠬᠡᠢ ᠦᠢ᠍ᠯᠡᠳᠪᠦᠷᠢᠯᠡᠯ᠎ᠤᠨ ᠪᠠᠢ᠌ᠴᠠᠭ᠋ᠠᠯᠲᠠ ᠵᠢ 12 ᠤᠳᠠᠭ᠎ᠠ ᠥᠷᠨᠢᠭᠦᠯᠵᠦ᠂    ᠠᠮᠤᠷ ᠲᠦᠪᠰᠢᠨ᠎ᠤ 29 ᠳᠠᠯᠳᠠ ᠬᠡᠮ᠎ᠢ ᠠᠷᠢᠯᠭ᠋ᠠᠪᠠ᠃ 16 ᠤᠳᠠᠭ᠎ᠠ ᠪᠣᠯᠪᠠᠰᠤᠷᠠᠯ ᠥᠷᠨᠢᠭᠦᠯᠵᠦ᠂ 7 ᠤᠳᠠᠭ᠎ᠠ ᠪᠠᠴᠢᠮ  ᠎ᠢ  ᠠᠷᠭ᠋ᠠᠴᠠᠭ᠋ᠠᠬᠤ ᠰᠣᠷᠢᠯᠲᠠ ᠬᠢᠵᠦ᠂ ᠪᠥᠬᠥ ᠠᠢ᠌ᠮᠠᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠎ᠠ᠎ᠳᠤ᠎ᠬᠢ ᠠᠶᠤᠯ ᠦᠬᠡᠢ ᠵᠢᠨ ᠬᠠᠮᠢᠶᠠᠷᠤᠯᠲᠠ ᠵᠢᠨ ᠲᠣᠭᠲᠠᠭᠤᠨ ᠪᠠᠢ᠌ᠳᠠᠯ᠎ᠢ ᠪᠠᠲᠤᠯᠠᠪᠠ᠃


ᠨᠢᠬᠦᠯᠡᠰᠤᠡᠭᠭᠦᠢ ᠵᠢᠨ ᠦᠢ᠍ᠯᠡᠰ
  
    ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠡᠯ᠎ᠡ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠵᠢ ᠢᠳᠡᠪᠬᠢᠲᠡᠢ ᠳᠠᠶ᠋ᠢᠴᠢᠯᠠᠨ ᠵᠠᠰᠠᠭ᠎ᠤᠨ ᠣᠷᠳᠣᠨ᠎ᠤ ᠲᠤᠰᠠᠯᠠᠮᠵᠢ ᠪᠠ ᠨᠢᠭᠦᠯᠡᠰᠦᠩᠭᠦᠢ ᠵᠢᠨ ᠲᠡᠳᠬᠦᠮᠵᠢ ᠵᠢ ᠪᠦᠲᠦᠮᠵᠢᠲᠡᠶ ᠵᠣᠯᠭ᠋ᠠᠭᠤᠯᠬᠤ ᠠᠵᠢᠯ᠎ᠢ ᠴᠢᠩᠭ᠋ᠠᠳᠬᠠᠵᠤ᠂ ᠬᠦᠴᠢᠷᠳᠡᠯᠲᠡᠢ ᠵᠢ ᠲᠤᠰᠠᠯᠠᠬᠤ᠂ ᠰᠤᠷᠤᠯᠭ᠎ᠠ ᠵᠢ ᠲᠡᠳᠬᠦᠬᠦ ᠵᠡᠷᠭᠡ ᠲᠠᠯ᠎ᠠ᠎ᠪᠠᠷ ᠨᠢᠭᠦᠯᠡᠰᠦᠩᠭᠦᠢ ᠵᠢᠨ  ᠬᠠᠨᠳᠢᠪ ᠪᠠ ᠲᠤᠰᠠᠯᠠᠬᠤ ᠠᠵᠢᠯᠯᠠᠭ᠎ᠠ ᠵᠢ ᠢᠳᠡᠪᠬᠢᠲᠡᠢ ᠥᠷᠨᠢᠭᠦᠯᠪᠡ᠃ 2025 ᠣᠨ᠎ᠳᠤ ᠬᠦᠬᠡᠬᠤᠳᠠ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ 《ᠨᠢᠭᠦᠯᠡᠰᠦᠩᠭᠦᠢ ᠵᠢᠨ ᠦᠢ᠍ᠯᠡᠰ ᠲᠦᠮᠡᠨ ᠡᠷᠦᠬᠡ ᠵᠢ ᠳᠤᠯᠠᠭ᠋ᠠᠴᠠᠭᠤᠯᠬᠤ》 ᠦᠨᠳᠦᠰᠦᠨ ᠱᠠᠲᠤᠨ᠎ᠳᠤ ᠶᠠᠪᠤᠬᠤ ᠰᠢᠷᠢᠰ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠲᠣᠰᠬᠣᠨ᠂ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ  ᠬᠦᠴᠢᠷᠳᠡᠯᠲᠡᠢ ᠣᠯᠠᠨ ᠲᠦᠮᠡᠨ᠎ᠳᠤ ᠠᠷᠠᠳ᠎ᠤᠨ ᠵᠣᠭᠣᠰ ᠵᠶ᠋ᠠᠷ ᠨᠤᠭᠤᠯᠵᠤ ᠪᠤᠳᠤᠪᠠᠯ 55 ᠲᠦᠮᠡᠨ ᠲᠥᠭᠥᠷᠢᠭ᠎ᠤᠨ ᠭᠤᠯᠢᠷ ᠲᠣᠰᠣ᠂ ᠦᠨᠢᠶᠡᠨ ᠰᠦ᠂ ᠬᠤᠪᠴᠠᠰᠤ ᠬᠤᠨᠠᠷ ᠵᠡᠷᠭᠡ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠤ ᠵᠦᠢ᠍ᠯ᠎ᠢ ᠬᠠᠨᠳᠢᠪᠯᠡᠵᠤ᠂  1400 ᠭᠠᠷᠤᠢ ᠡᠷᠦᠬᠡ᠎ᠳᠤ ᠠᠰᠢᠭ  ᠬᠦᠷᠳᠡᠭᠡᠭᠰᠡᠨ᠎ᠤ ᠬᠠᠮᠳᠤ 《ᠬᠠᠢ᠌ᠷ᠎ᠠ᠎ᠪᠠᠷ ᠰᠤᠷᠤᠯᠭ᠎ᠠ ᠶ᠋᠊ ᠲᠡᠳᠬᠦᠵᠤ ᠬᠡᠤᠬᠡᠳ᠎ᠢ ᠲᠤᠰᠠᠯᠠᠶ᠎ᠠ》 ᠭᠡᠬᠦ ᠨᠢᠭᠦᠯᠡᠰᠦᠩᠭᠦᠢ ᠵᠢᠨ ᠰᠤᠷᠤᠯᠭ᠎ᠠ ᠵᠢ ᠲᠡᠳᠬᠦᠬᠦ ᠠᠵᠢᠯᠯᠠᠭ᠎ᠠ ᠵᠢ ᠥᠷᠨᠢᠭᠦᠯᠵᠦ᠂ ᠬᠥᠬᠡᠬᠣᠲᠠ ᠵᠢᠨ ᠬᠣᠶᠠᠳᠤᠭ᠋ᠠᠷ ᠳᠤᠮᠳᠠᠳᠤ ᠰᠤᠷᠭ᠋ᠠᠭᠤᠯᠢ ᠵᠢᠨ ᠠᠢ᠌ᠯ ᠪᠦᠯᠢ ᠵᠢᠨ᠎ᠬᠢ᠎ᠨᠢ ᠠᠮᠢᠳᠤᠷᠠᠯ᠎ᠨᠢ ᠬᠦᠴᠢᠷᠳᠡᠯᠲᠡᠢ 10 ᠰᠤᠷᠤᠭᠴᠢᠳ᠎ᠲᠤ ᠰᠤᠷᠤᠯᠭ᠎ᠠ ᠵᠢᠨ ᠲᠡᠳᠬᠦᠮᠵᠢ ᠵᠢᠨ ᠮᠥᠩᠭᠥ ᠨᠡᠢ᠌ᠳᠡ 3 ᠲᠦᠮᠡᠨ ᠲᠥᠭᠥᠷᠢᠭ ᠣᠯᠭᠣᠪᠠ᠃



 
  


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.7
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.10
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.14
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠨ ᠵᠢᠨ ᠲᠢᠩᠬᠢᠮ᠎ᠤᠨ᠎ᠬᠢᠨ ᠮᠠᠨ᠎ᠤ ᠲᠢᠩᠬᠢᠮ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠢ᠌ᠴᠠᠭ᠋ᠠᠨ ᠰᠤᠳᠤᠯᠪᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.11
 
            