ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠨ ᠵᠢᠨ ᠲᠢᠩᠬᠢᠮ᠎ᠤᠨ᠎ᠬᠢᠨ ᠮᠠᠨ᠎ᠤ ᠲᠢᠩᠬᠢᠮ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠢ᠌ᠴᠠᠭ᠋ᠠᠨ ᠰᠤᠳᠤᠯᠪᠠ
ᠨᠡᠶᠢᠲᠡᠯᠡᠭᠰᠡᠨ ᠴᠠᠭ᠄ 2025-02-21

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠲᠢᠩᠬᠢᠮ᠎ᠤᠨ ᠲᠡᠳ᠋ ᠳᠠᠷᠤᠭ᠎ᠠ ᠳ᠋ᠠᠢ ᠶᠠᠨ 2 ᠳ᠋ᠤᠭ᠋ᠠᠷ ᠰᠠᠷ᠎ᠠ ᠵᠢᠨ 21᠎ᠤ ᠡᠳᠦᠷ ᠪᠠᠢ᠌ᠴᠠᠭ᠋ᠠᠨ ᠰᠤᠳᠤᠯᠬᠤ ᠳᠤᠭᠤᠢ᠌ᠯᠠᠩ ᠳᠠᠭ᠋ᠠᠭᠤᠯᠤᠨ ᠮᠠᠨ᠎ᠤ ᠲᠢᠩᠬᠢᠮ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠢ᠌ᠴᠠᠭ᠋ᠠᠨ ᠰᠤᠳᠤᠯᠤᠬᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠲᠢᠶᠠᠨ ᠶᠠᠨ ᠬᠤᠷᠠᠯ ᠡᠷᠭᠢᠯᠡᠵᠦ᠂ ᠬᠠᠤᠯᠢ ᠬᠡᠷᠡᠭᠵᠢᠭᠦᠯᠬᠦ ᠠᠵᠢᠯ᠎ᠤᠨ ᠬᠠᠮᠢᠶ᠎ᠠ ᠪᠦᠬᠦᠢ ᠭᠠᠵᠠᠷ  ᠲᠠᠰᠤᠭ (ᠲᠣᠪᠴᠢᠶ᠎ᠠ)᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠢ᠃、

微信图片_20250312130653.jpg


   ᠬᠤᠷᠠᠯ ᠳᠡᠭᠡᠷ᠎ᠡ ᠵᠠᠩ ᠲᠢᠶᠠᠨ ᠶᠠᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠠᠵᠢᠯ᠎ᠤᠨ ᠦᠨᠳᠦᠰᠦᠨ ᠪᠠᠢ᠌ᠳᠠᠯ᠎ᠢ ᠲᠠᠨᠢᠯᠴᠠᠭᠤᠯᠵᠤ᠂ ᠬᠣᠶᠠᠷ ᠲᠠᠯ᠎ᠠ᠎ᠪᠠᠷ ᠵᠶ᠋ᠠᠨ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠬᠠᠤᠯᠢ ᠬᠡᠷᠡᠭᠵᠢᠭᠦᠯᠬᠦ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠡᠷᠡᠭ᠎ᠤᠨ ᠳᠤᠮᠳᠠᠬᠢ ᠬᠠᠤᠯᠢ ᠬᠡᠷᠡᠭᠵᠢᠭᠦᠯᠦᠯᠲᠡ ᠵᠢᠨ ᠠᠰᠠᠭᠤᠳᠠᠯ᠂ ᠬᠠᠤᠯᠢ ᠴᠠᠭ᠋ᠠᠵᠠ ᠵᠢᠨ ᠵᠥᠪᠯᠡᠭᠴᠢ ᠵᠢ ᠤᠷᠢᠨ ᠬᠡᠷᠡᠭᠯᠡᠬᠦ ᠪᠠ ᠦᠢ᠍ᠯᠡᠳᠦᠯ᠎ᠢ ᠪᠠᠳᠠᠷᠠᠭᠤᠯᠬᠤ ᠵᠡᠷᠭᠡ ᠪᠠᠢ᠌ᠳᠠᠯ᠎ᠤᠨ ᠲᠣᠭᠣᠷᠢᠨ᠎ᠳᠤ ᠰᠠᠨᠠᠯ ᠵᠶ᠋ᠠᠨ ᠰᠣᠯᠢᠯᠴᠠᠪᠠ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠠᠬᠢᠭᠤᠯᠬᠤ᠂ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢᠨ ᠪᠠᠢ᠌ᠴᠠᠭ᠋ᠠᠯᠲᠠ ᠵᠢ ᠤᠭᠲᠤᠬᠤ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠡᠷᠭᠡ ᠠᠵᠢᠯ᠎ᠳᠤ ᠰᠠᠨᠠᠯ ᠰᠠᠨᠠᠭᠤᠯᠭ᠎ᠠ ᠳᠤᠷᠠᠳᠪᠠ᠃
    


    

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.11
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.12
ᠮᠠᠨ᠎ᠤ ᠲᠢᠩᠬᠢᠮ᠎ᠤᠨ᠎ᠬᠢᠨ ᠪᠥᠬᠥ ᠣᠷᠣᠨ᠎ᠤ 《ᠢᠯᠨ ᠨᠢᠭᠦᠯᠡᠰᠦᠩᠭᠦᠢ》 ᠮᠡᠳᠡᠭᠡ ᠵᠠᠩᠭᠢ ᠵᠢᠨ ᠰᠢᠰᠲ᠋ᠧᠮ᠎ᠤᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ (ᠰᠠᠭᠤᠷᠢ ᠮᠥᠩᠭᠥᠨ᠎ᠤ ᠨᠡᠢ᠌ᠭᠡᠮᠯᠢᠭ) ᠵᠢᠨ ᠣᠨ᠎ᠤ ᠮᠡᠳᠡᠭᠦᠯᠦᠯᠲᠡ ᠵᠢᠨ ᠠᠵᠢᠯ᠎ᠤᠨ ᠲᠤᠰᠬᠠᠢ ᠪᠤᠯᠪᠠᠰᠤᠷᠠᠯ ᠡᠷᠬᠢᠯᠡᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.13
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.14
 
            