ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.14
ᠨᠡᠶᠢᠲᠡᠯᠡᠭᠰᠡᠨ ᠴᠠᠭ᠄ 2025-02-14

  ᠶᠡᠷᠤᠡᠭᠭᠡᠢ᠌ᠯᠡᠭᠰᠡᠨ ᠠᠵᠢᠯ


     ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 2025 ᠣᠨ᠎ᠤ ᠪᠥᠬᠥ ᠬᠣᠲᠠ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠬᠤᠷᠠᠯᠳᠤᠭ᠋ᠠᠨ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ᠃ ᠬᠤᠷᠠᠯ ᠲᠡᠬᠡᠷ᠎ᠡ  ᠨᠡᠢ᠌ᠭᠡᠮ᠎ᠤᠨ ᠠᠰᠠᠷᠠᠮᠵᠢ ᠵᠢᠨ ᠲᠦᠪᠰᠢᠨ᠎ᠢ ᠲᠣᠭᠲᠠᠭᠤᠨ ᠵᠶ᠋ᠠᠷ ᠳᠡᠭᠡᠭᠰᠢᠯᠡᠭᠦᠯᠬᠦ᠂ ᠨᠡᠢ᠌ᠭᠡᠮ᠎ᠤᠨ ᠲᠤᠰᠠᠯᠠᠮᠵᠢ ᠵᠢᠨ ᠰᠢᠰᠲᠸᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠬᠦ᠂ ᠨᠡᠢ᠌ᠭᠡᠮ᠎ᠤᠨ ᠶᠠᠪᠤᠳᠠᠯ᠎ᠤᠨ ᠬᠠᠮᠢᠶᠠᠷᠤᠯᠲᠠ ᠵᠢ ᠪᠦᠬᠦ ᠲᠠᠯ᠎ᠠ᠎ᠪᠠᠷ ᠰᠢᠯᠢᠳᠡᠭᠵᠢᠭᠦᠯᠬᠦ᠂ ᠨᠡᠢ᠌ᠭᠡᠮ᠎ᠤᠨ ᠵᠠᠰᠠᠯᠲᠠ ᠵᠢᠨ ᠴᠢᠳᠠᠪᠤᠷᠢ ᠵᠢ ᠢᠯᠡᠳᠲᠡ ᠴᠢᠩᠭ᠋ᠠᠳᠬᠠᠬᠤ ᠵᠡᠷᠭᠡ 4 ᠲᠠᠯ᠎ᠠ᠎ᠠᠴᠠ  2024 ᠣᠨ᠎ᠤ ᠠᠵᠢᠯ᠎ᠢ ᠪᠦᠬᠦ ᠲᠠᠯ᠎ᠠ᠎ᠪᠠᠷ  ᠳ᠋ᠦᠡᠭᠨᠡᠭᠰᠡᠨ ᠪᠦᠬᠡᠳ 2025 ᠣᠨ᠎ᠤ ᠠᠷᠠᠳ᠎ᠤᠨ ᠶᠠᠪᠤᠳᠠᠯ᠎ᠤᠨ ᠭᠣᠣᠯᠳᠠᠯᠭ᠎ᠠ᠎ᠲᠠᠢ ᠠᠵᠢᠯ᠎ᠢ ᠨᠢᠮᠪᠠᠢ  ᠪᠠᠢ᠌ᠷᠢᠯᠠᠭᠤᠯᠵᠤ᠂ ᠬᠥᠬᠡᠬᠣᠲᠠ ᠵᠢᠨ 2025 ᠣᠨ᠎ᠤ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ 51 ᠵᠦᠢ᠍ᠯ 69 ᠵᠤᠷᠪᠤᠰ ᠭᠣᠣᠯᠳᠠᠯᠭ᠎ᠠ᠎ᠲᠠᠢ ᠡᠭᠦᠷᠭᠡ ᠵᠢᠨ ᠵᠠᠳᠠᠯᠤᠯᠲᠠ ᠵᠢᠨ ᠬᠦᠰᠦᠨᠦᠭᠲᠦ ᠵᠢ ᠨᠠᠷᠢᠯᠢᠭᠵᠢᠭᠤᠯᠤᠨ ᠪᠦᠷᠢᠯᠳᠦᠭᠦᠯᠵᠦ᠂ ᠬᠦᠬᠡᠬᠤᠳᠠ  ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠰᠠᠢ᠌ᠨ ᠡᠬᠢᠯᠡᠯᠲᠡ᠎ᠲᠠᠢ ᠪᠣᠯᠬᠤ᠂ ᠰᠢᠨ᠎ᠡ ᠪᠠᠢ᠌ᠳᠠᠯ᠎ᠢ ᠨᠡᠭᠡᠭᠡᠬᠦ᠂ ᠰᠡᠳᠬᠢᠯ ᠵᠶ᠋ᠡᠨ ᠬᠤᠷᠢᠶᠠᠵᠤ ᠬᠦᠴᠦᠨ ᠵᠶ᠋ᠡᠨ ᠬᠠᠮᠲᠤᠳᠬᠠᠬᠤ᠂ ᠦᠷᠭᠦᠯᠵᠢᠯᠡᠨ ᠡᠷᠡᠯᠬᠡᠭᠯᠡᠨ ᠤᠷᠤᠭᠰᠢᠯᠠᠬᠤ᠎ᠳᠤ ᠪᠠᠲᠤ ᠰᠠᠭᠤᠷᠢ ᠵᠢ ᠲᠠᠯᠪᠢᠬᠰᠠᠨ ᠪᠠᠢ᠌ᠨ᠎ᠠ᠃


ᠨᠡᠢ᠌ᠭᠡᠮ᠎ᠤᠨ ᠲᠤᠰᠠᠯᠠᠮᠵᠢ


     ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠦᠢ᠍ᠲᠡᠨ ᠤᠷᠤᠰᠬᠠᠯ ᠴᠠᠰᠤ ᠣᠷᠣᠭᠰᠠᠨ ᠴᠠᠭ ᠠᠭᠤᠷ ᠬᠦᠴᠢᠷᠳᠡᠯᠲᠡᠢ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠳᠤ ᠦᠵᠡᠭᠦᠯᠬᠦ ᠨᠥᠯᠥᠭᠡ ᠵᠢ ᠠᠷᠭ᠋ᠠᠴᠠᠭ᠋ᠠᠬᠤ ᠵᠢᠨ  ᠲᠥᠯᠥᠭᠡ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠠᠵᠢᠯ᠎ᠤᠨ ᠲᠣᠭᠲᠠᠴᠠ ᠵᠢᠨ ᠦᠢ᠍ᠯᠡᠳᠦᠯ ᠵᠶ᠋ᠡᠨ ᠪᠠᠳᠠᠷᠠᠭᠤᠯᠵᠤ᠂ ᠴᠠᠭ ᠠᠭᠤᠷ᠎ᠤᠨ ᠬᠤᠪᠢᠷᠠᠯᠲᠠ ᠵᠢ ᠨᠢᠭᠲᠠ ᠠᠩᠬᠠᠷᠴᠤ᠂ ᠭᠠᠮᠰᠢᠭ᠎ᠠᠴᠠ ᠠᠪᠤᠷᠠᠨ ᠲᠤᠰᠠᠯᠠᠬᠤ ᠠᠵᠢᠯ᠎ᠢ ᠰᠠᠢ᠌ᠲᠤᠷ ᠬᠢᠪᠡ᠃ 2024 ᠣᠨ᠎ᠤ ᠡᠪᠦᠯ᠎ᠠᠴᠠ ᠨᠠᠭ᠋ᠠᠰᠢ ᠪᠥᠬᠥ ᠠᠢ᠌ᠮᠠᠭ᠎ᠤᠨ᠎ᠬᠢᠨ ᠨᠡᠶ᠋ᠢᠲᠡ ᠲᠦᠮᠡ ᠭᠠᠷᠤᠢ ᠣᠯᠠᠨ ᠲᠦᠮᠡᠨ᠎ᠢ ᠪᠠᠢ᠌ᠴᠠᠭ᠋ᠠᠨ ᠰᠤᠷᠪᠤᠯᠵᠢᠯᠠᠵᠤ᠂ 316 ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠬᠡᠪᠴᠢᠶᠡᠨ᠎ᠳᠤ ᠣᠷᠣᠭᠤᠯᠵᠠᠢ᠂ ᠡᠭᠦᠨ᠎ᠳᠤ 294 ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠭᠥᠷᠳᠡᠵᠦ᠂ 12 ᠣᠨᠴᠠ ᠬᠦᠴᠢᠷᠳᠡᠯᠲᠡᠢ ᠬᠥᠮᠥᠰ᠎ᠢ ᠠᠰᠠᠷᠠᠨ ᠲᠡᠵᠢᠭᠡᠬᠦ᠎ᠳᠤ ᠣᠷᠣᠭᠤᠯᠤᠨ᠂ 6 ᠬᠥᠮᠥᠨ᠎ᠢ ᠭᠠᠮᠰᠢᠭ᠎ᠠᠴᠠ ᠪᠣᠯᠵᠤ ᠲᠦᠷ ᠴᠠᠭ ᠲᠤᠰᠠᠯᠠᠵᠤ᠂ 4 ᠬᠥᠮᠥᠨ᠎ᠢ ᠲᠤᠯᠠᠭ᠋ᠠᠯᠠᠵᠤ ᠲᠤᠰᠠᠯᠠᠭ᠋ᠠᠳ ᠬᠦᠴᠢᠷᠳᠡᠯᠲᠡᠢ ᠣᠯᠠᠨ ᠲᠦᠮᠡᠨ᠎ᠤ  ᠬᠠᠬᠢᠷ ᠡᠪᠦᠯ᠎ᠢ ᠬᠠᠯᠠᠭᠤᠨ ᠵᠶ᠋ᠠᠷ ᠥᠩᠭᠡᠷᠡᠭᠦᠯᠬᠦ ᠵᠢ ᠦᠨᠡᠨ ᠬᠦ᠌ ᠪᠠᠲᠤᠯᠠᠪᠠ᠃


ᠨᠡᠢ᠌ᠭᠡᠮ᠎ᠤᠨ ᠬᠡᠷᠡᠭ ᠶᠠᠪᠤᠳᠠᠯ


    ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ᠎ᠬᠢᠨ 《ᠬᠠᠬᠢᠷ ᠡᠪᠦᠯ᠎ᠤᠨ ᠤᠯᠠᠷᠢᠯ᠎ᠳᠤ ᠬᠠᠯᠠᠮᠵᠢ ᠬᠦᠷᠭᠡᠬᠦ》 ᠲᠤᠰᠬᠠᠢ  ᠲᠤᠰᠠᠯᠠᠮᠵᠢ ᠵᠢᠨ ᠠᠵᠢᠯᠯᠠᠭ᠎ᠠ ᠵᠢᠨ ᠠᠵᠢᠯ᠎ᠢ ᠰᠠᠢ᠌ᠲᠤᠷ ᠬᠢᠵᠦ᠂ ᠳᠣᠲᠣᠭ᠋ᠠᠳᠤ ᠵᠢ ᠬᠠᠮᠠᠭ᠋ᠠᠯᠠᠬᠤ᠂ ᠬᠣᠲᠠ ᠵᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠢᠳᠡᠪᠬᠢᠲᠡᠢ ᠬᠠᠮᠵᠢᠯᠴᠠᠵᠤ᠂ ᠲᠡᠨᠦᠭᠦᠴᠢᠯᠡᠨ ᠭᠤᠢ᠌ᠷᠠᠨᠴᠢᠯᠠᠭᠴᠢᠳ᠎ᠢ ᠲᠣᠭᠣᠷᠢᠨ ᠪᠠᠢ᠌ᠴᠠᠭ᠋ᠠᠵᠤ ᠲᠤᠰᠠᠯᠠᠬᠤ ᠠᠵᠢᠯ᠎ᠢ ᠬᠠᠮᠲᠤᠷᠠᠨ ᠥᠷᠨᠢᠭᠦᠯᠪᠡ᠃ ᠣᠲᠣ ᠪᠣᠯᠲᠠᠯ᠎ᠠ᠂ ᠵᠡᠭᠡᠯᠢ ᠭᠤᠳᠤᠮᠵᠢ᠎ᠪᠠᠷ ᠲᠡᠨᠦᠭᠦᠴᠢᠯᠡᠨ ᠭᠤᠢ᠌ᠷᠠᠨᠴᠢᠯᠠᠵᠤ ᠪᠠᠢ᠌ᠭ᠎ᠠ ᠪᠠ ᠲᠦᠷ ᠴᠠᠭ ᠬᠦᠴᠢᠷᠳᠡᠯ᠎ᠳᠤ ᠲᠤᠯᠭ᠋ᠠᠷᠠᠭᠰᠠᠨ 61 ᠬᠥᠮᠥᠨ᠎ᠢ ᠢᠯᠡᠷᠡᠭᠦᠯᠦᠭᠰᠡᠨ ᠪᠥᠭᠡᠳ ᠲᠤᠰᠠᠯᠠᠬᠰᠠᠨ ᠠᠵᠢ᠃


ᠣᠷᠣᠨ ᠬᠤᠪᠢᠶᠠᠷᠢᠯᠠᠯ ᠭᠠᠵᠠᠷ᠎ᠤᠨ ᠨᠡᠷᠡᠰ


    ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠭᠠᠵᠠᠷ᠎ᠤᠨ ᠨᠡᠷᠡᠰ᠎ᠢ ᠳᠠᠩᠰᠠᠯᠠᠬᠤ ᠠᠯᠪᠠᠨ ᠵᠠᠷ᠎ᠤᠨ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠵᠤ  2025 ᠣᠨ᠎ᠤ 2 ᠳ᠋ᠤᠭ᠋ᠠᠷ ᠰᠠᠷ᠎ᠠ ᠪᠣᠯᠲᠠᠯ᠎ᠠ ᠳᠠᠩᠰᠠᠯᠠᠭᠤᠯᠤᠭᠰᠠᠨ ᠮᠡᠳᠡᠭᠡ ᠵᠠᠩᠭᠢ 53᠂  ᠳᠠᠩᠰᠠᠯᠠᠭᠤᠯᠤᠭᠰᠠᠨ ᠭᠠᠵᠠᠷ᠎ᠤᠨ ᠨᠡᠷᠡᠰ᠎ᠢ 472 ᠲᠤᠰᠢᠶᠠᠬᠰᠠᠨ᠎ᠤ ᠲᠤᠳᠤᠷ᠎ᠠ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠴᠡᠭ 27 ᠂ ᠵᠡᠭᠡᠯᠢ ᠭᠤᠳᠤᠮᠵᠢ 77᠂ ᠲᠣᠰᠬᠣᠨ᠎ᠤ ᠳᠣᠲᠣᠷᠠᠬᠢ ᠵᠡᠭᠡᠯᠢ ᠭᠤᠳᠤᠮᠵᠢ 363᠂ ᠬᠥᠳᠡᠭᠡ ᠲᠣᠰᠬᠣᠨ᠎ᠤ ᠬᠥᠭᠥᠷᠭᠡ 5 ᠵᠤᠷᠪᠤᠰ ᠪᠠᠭᠲᠠᠨ᠎ᠠ᠃


ᠣᠷᠣᠨ᠎ᠤ ᠭᠠᠳᠠᠨᠠᠬᠢ ᠮᠡᠳᠡᠭᠡ ᠵᠠᠩᠭᠢ


     ᠬᠥᠬᠡᠨᠠᠭᠤᠷ ᠮᠤᠵᠢ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠬᠥᠬᠡᠨᠠᠭᠤᠷ ᠮᠤᠵᠢ ᠵᠢᠨ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠬᠥᠬᠡᠨᠠᠭᠤᠷ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ 9 ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠬᠠᠮᠲᠤᠷᠠᠨ 《2025 ᠣᠨ᠎ᠤ 〈ᠬᠠᠪᠤᠷ᠎ᠤᠨ ᠳᠤᠯᠠᠭ᠋ᠠᠯᠠᠭ᠎ᠠ ᠵᠢᠨ ᠬᠥᠯᠥᠰᠦᠨ ᠠᠵᠢᠯᠴᠢᠨ〉᠎ᠤ ᠦᠢ᠍ᠯᠡᠴᠢᠯᠡᠭᠡᠨ᠎ᠤ ᠠᠵᠢᠯᠯᠠᠭ᠎ᠠ ᠵᠢᠨ ᠲᠥᠰᠥᠯ》᠎ᠢ ᠳᠠᠷᠤᠮᠠᠯᠯᠠᠨ ᠲᠠᠷᠬᠠᠭ᠋ᠠᠪᠠ᠃ 《ᠲᠥᠰᠥᠯ》᠎ᠳᠤ᠂ ᠬᠦᠴᠢᠷᠳᠡᠯ᠎ᠲᠠᠢ ᠬᠥᠯᠥᠰᠦᠨ ᠠᠵᠢᠯᠴᠢᠨ᠎ᠢ ᠭᠣᠣᠯᠳᠠᠯᠭ᠎ᠠ᠎ᠲᠠᠢ ᠲᠡᠳᠬᠦᠵᠦ᠂ ᠨᠥᠬᠥᠴᠡᠯ᠎ᠳᠤ ᠨᠡᠢ᠌ᠴᠡᠬᠦ ᠬᠦᠴᠢᠷᠳᠡᠯ᠎ᠲᠠᠢ ᠬᠥᠯᠥᠰᠦᠨ ᠠᠵᠢᠯᠴᠢᠨ᠎ᠳᠤ ᠴᠠᠭ ᠲᠤᠬᠠᠢ᠎ᠳᠤ᠎ᠨᠢ ᠨᠡᠢ᠌ᠭᠡᠮ᠎ᠤᠨ  ᠲᠤᠰᠠᠯᠠᠮᠵᠢ ᠬᠠᠩᠭ᠋ᠠᠨ᠎ᠠ ᠭᠡᠵᠦ ᠲᠣᠭᠲᠠᠭ᠋ᠠᠵᠠᠢ᠃ ᠭᠡᠨᠡᠳᠲᠡ ᠵᠢᠨ ᠬᠦᠴᠢᠷᠳᠡᠯ᠎ᠳᠤ ᠲᠤᠯᠭ᠋ᠠᠷᠠᠭᠰᠠᠨ ᠬᠥᠯᠥᠰᠦᠨ ᠠᠵᠢᠯᠴᠢᠨ᠎ᠳᠤ ᠡᠷᠦᠬᠡ ᠠᠮᠠ ᠵᠢᠨ ᠪᠠᠢ᠌ᠭ᠎ᠠ ᠭᠠᠵᠠᠷ᠂ ᠣᠷᠣᠰᠢᠨ ᠰᠠᠭᠤᠭ᠎ᠠ ᠭᠠᠵᠠᠷ᠎ᠤᠨ ᠬᠢᠵᠠᠭ᠋ᠠᠷᠯᠠᠯ᠎ᠢ ᠡᠪᠳᠡᠵᠦ᠂ ᠪᠠᠴᠢᠮ ᠬᠦᠴᠢᠷᠳᠡᠯ ᠲᠤᠯᠭ᠋ᠠᠷᠠᠬᠰᠠᠨ ᠭᠠᠵᠠᠷ᠎ᠠᠴᠠ ᠲᠡᠷᠡ ᠳᠠᠷᠤᠢ᠎ᠳᠤ᠎ᠨᠢ ᠲᠦᠷ ᠴᠠᠭ᠎ᠤᠨ ᠲᠤᠰᠠᠯᠠᠮᠵᠢ ᠦᠵᠡᠬᠦᠯᠬᠦ  ᠶᠤᠮ ᠪᠠᠢ᠌ᠨ᠎ᠠ᠃





   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠨ ᠵᠢᠨ ᠲᠢᠩᠬᠢᠮ᠎ᠤᠨ᠎ᠬᠢᠨ ᠮᠠᠨ᠎ᠤ ᠲᠢᠩᠬᠢᠮ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠢ᠌ᠴᠠᠭ᠋ᠠᠨ ᠰᠤᠳᠤᠯᠪᠠ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.11
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.12
ᠮᠠᠨ᠎ᠤ ᠲᠢᠩᠬᠢᠮ᠎ᠤᠨ᠎ᠬᠢᠨ ᠪᠥᠬᠥ ᠣᠷᠣᠨ᠎ᠤ 《ᠢᠯᠨ ᠨᠢᠭᠦᠯᠡᠰᠦᠩᠭᠦᠢ》 ᠮᠡᠳᠡᠭᠡ ᠵᠠᠩᠭᠢ ᠵᠢᠨ ᠰᠢᠰᠲ᠋ᠧᠮ᠎ᠤᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ (ᠰᠠᠭᠤᠷᠢ ᠮᠥᠩᠭᠥᠨ᠎ᠤ ᠨᠡᠢ᠌ᠭᠡᠮᠯᠢᠭ) ᠵᠢᠨ ᠣᠨ᠎ᠤ ᠮᠡᠳᠡᠭᠦᠯᠦᠯᠲᠡ ᠵᠢᠨ ᠠᠵᠢᠯ᠎ᠤᠨ ᠲᠤᠰᠬᠠᠢ ᠪᠤᠯᠪᠠᠰᠤᠷᠠᠯ ᠡᠷᠬᠢᠯᠡᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.13
 
            