ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.12
ᠨᠡᠶᠢᠲᠡᠯᠡᠭᠰᠡᠨ ᠴᠠᠭ᠄ 2025-03-14

ᠴᠢᠬᠤᠯᠠ ᠮᠡᠳᠡᠭᠡ


     ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠤᠷᠴᠢᠮ᠎ᠳᠤ 《ᠰᠤᠷᠤᠯᠴᠠᠯᠭ᠎ᠠ ᠪᠠ ᠰᠤᠳᠤᠯᠤᠯ》᠎ᠳᠤ 《ᠶᠡᠷᠦᠩᠬᠡᠢ ᠱᠦᠵᠢ ᠰᠢ ᠵᠢᠨ ᠫᠢᠩ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠤᠶ᠎ᠠ》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢ᠌ᠲᠡᠯᠡᠪᠡ᠃ ᠵᠣᠬᠢᠶᠠᠯ᠎ᠳᠤ᠄ 《ᠨᠠᠮ᠎ᠤᠨ ᠠᠷᠠᠳ᠎ᠤᠨ ᠶᠠᠪᠤᠳᠠᠯ᠎ᠤᠨ ᠠᠵᠢᠯ᠎ᠳᠤ᠎ᠬᠢ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠬᠤ ᠦᠨᠳᠦᠰᠦᠨ ᠱᠠᠭ᠋ᠠᠷᠳᠠᠯᠭ᠎ᠠ ᠵᠢ ᠭᠦᠨᠵᠡᠭᠡᠢ ᠡᠵᠡᠮᠰᠢᠬᠦ ᠬᠡᠷᠡᠭᠳᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠦᠢ᠍ᠯᠡᠴᠢᠯᠡᠬᠦ ᠡᠭᠦᠷᠭᠡ ᠬᠠᠷᠢᠭᠤᠴᠠᠯᠭ᠎ᠠ ᠵᠢ ᠭᠦᠨᠵᠡᠭᠡᠢ ᠡᠵᠡᠮᠳᠡᠬᠦ ᠬᠡᠷᠡᠭᠳᠡᠢ᠃ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠦᠭᠵᠢᠬᠦᠯᠤᠯᠳᠡ ᠵᠢᠨ ᠦᠵᠡᠯ ᠰᠠᠨᠠᠭ᠎ᠠ ᠵᠢ ᠪᠠᠷᠢᠮᠲᠠᠯᠠᠬᠤ ᠪᠠ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠪᠠᠳᠤᠯᠠᠭ᠎ᠠ ᠵᠢᠨ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ  ᠬᠦᠭᠵᠢᠬᠦᠯᠤᠯᠳᠡ ᠵᠢᠨ ᠴᠢᠭᠯᠡᠯ᠎ᠢ ᠭᠦᠨᠵᠡᠭᠡᠢ ᠡᠵᠡᠮᠳᠡᠬᠦ ᠬᠡᠷᠡᠭᠲᠡᠢ᠃ ᠴᠢᠨᠠᠷᠯᠢᠭ ᠬᠥᠭᠵᠢᠯᠲᠡ ᠵᠢᠨ ᠴᠢᠬᠤᠯᠠ ᠱᠠᠭ᠋ᠠᠷᠳᠠᠯᠭ᠎ᠠ ᠵᠢ ᠭᠦᠨᠵᠡᠭᠡᠢ ᠡᠵᠡᠮᠳᠡᠬᠦ ᠬᠡᠷᠡᠭᠳᠡᠢ᠃ 《ᠲᠦᠷᠪᠡᠨ ᠰᠢᠰᠲᠸᠮ》 ᠎ᠢ ᠲᠡᠭᠦᠯᠳᠡᠷᠵᠢᠭᠦᠯᠬᠦ ᠥᠭᠡᠷᠡᠴᠢᠯᠡᠯᠲᠡ ᠵᠢᠨ ᠭᠣᠣᠯᠳᠠᠯᠭ᠎ᠠ ᠵᠢ ᠭᠦᠨᠵᠡᠭᠡᠢ ᠡᠵᠡᠮᠳᠡᠬᠦ ᠬᠡᠷᠡᠭᠳᠡᠢ᠃ 《ᠬᠣᠶᠠᠷ ᠲᠠᠯ᠎ᠠ᠎ᠪᠠᠷ ᠬᠦᠴᠦᠯᠡᠬᠦ》 ᠴᠢᠬᠤᠯᠠ ᠶᠡᠬᠡ ᠡᠭᠦᠷᠭᠡ ᠵᠢ ᠭᠦᠨᠵᠡᠭᠡᠢ ᠡᠵᠡᠮᠳᠡᠬᠦ ᠬᠡᠷᠡᠭᠳᠡᠢ᠃ ᠠᠷᠠᠳ᠎ᠤᠨ ᠶᠠᠪᠤᠳᠠᠯ᠎ᠤᠨ ᠰᠣᠶᠣᠯ ᠭᠡᠬᠦ 《ᠦᠨᠳᠦᠰᠦ》 ᠪᠠ 《ᠰᠦᠭ ᠰᠦᠨᠡᠰᠦ》 ᠵᠢ ᠭᠦᠨᠵᠡᠭᠡᠢ ᠡᠵᠡᠮᠰᠢᠬᠦ  ᠬᠡᠷᠡᠭᠳᠡᠢ᠃ ᠤᠯᠠᠨ ᠲᠦᠮᠡᠨ᠎ᠲᠠᠢ ᠨᠢᠭᠲᠠ ᠬᠠᠷᠢᠯᠴᠠᠬᠤ᠂ ᠤᠯᠠᠨ ᠲᠦᠮᠡᠨ᠎ᠳᠤ ᠭᠦᠨᠵᠡᠭᠡᠢ ᠨᠠᠷᠢᠯᠢᠭ ᠦᠢ᠍ᠯᠡᠴᠢᠯᠡᠬᠦ ᠰᠤᠷᠲᠠᠯ᠎ᠤᠨ ᠱᠠᠭ᠋ᠠᠷᠳᠠᠯᠭ᠎ᠠ ᠵᠢ ᠭᠦᠨᠵᠡᠭᠡᠢ ᠡᠵᠡᠮᠳᠡᠬᠦ ᠬᠡᠷᠡᠭᠲᠡᠢ᠃ ᠦᠨᠳᠦᠰᠦᠨ ᠱᠠᠲᠤ ᠵᠢ ᠴᠢᠩᠭ᠋ᠠᠳᠬᠠᠬᠤ ᠰᠠᠭᠤᠷᠢ ᠵᠢ ᠪᠠᠲᠤᠳᠬᠠᠬᠤ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠢ ᠡᠵᠡᠮᠳᠡᠬᠦ ᠬᠡᠷᠡᠭᠲᠡᠢ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠤᠯᠤᠰ ᠲᠦᠷᠦ ᠵᠢᠨ ᠪᠠᠲᠤᠯᠠᠭ᠎ᠠ ᠵᠢ ᠭᠦᠨᠵᠡᠭᠡᠢ ᠡᠵᠡᠮᠳᠡᠵᠦ᠂ ᠨᠡᠩ ᠬᠦᠴᠦᠯᠡᠨ ᠴᠢᠷᠮᠠᠢ᠌ᠵᠤ ᠦᠢ᠍ᠯᠡᠰ ᠪᠦᠲᠦᠭᠡᠬᠦ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢᠨ ᠰᠢᠨ᠎ᠡ ᠪᠠᠢ᠌ᠳᠠᠯ᠎ᠢ ᠴᠢᠷᠮᠠᠢ᠌ᠨ ᠡᠭᠦᠳᠬᠦ ᠬᠡᠷᠡᠭᠲᠡᠢ》 ᠬᠡᠵᠡᠢ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


      ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠲᠠᠪᠴᠠᠩ ᠵᠶ᠋ᠠᠷ ᠳᠠᠮᠵᠢᠭᠤᠯᠤᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠠᠩᠰᠠᠯᠠᠯᠲᠠ ᠵᠢᠨ 《ᠨᠢᠭᠡ ᠰᠦᠯᠵᠢᠶ᠎ᠡ᠎ᠪᠠᠷ ᠲᠤᠭᠤᠰᠢᠳᠠᠢ ᠰᠢᠢ᠍ᠳᠪᠦᠷᠢᠯᠡᠬᠦ》 ᠵᠠᠭᠪᠤᠷ᠎ᠢ ᠬᠡᠷᠡᠭᠵᠢᠭᠦᠯᠵᠦ᠂ ᠳᠠᠩᠰᠠᠯᠠᠯᠲᠠ ᠵᠢᠨ ᠶᠠᠪᠤᠴᠠ ᠵᠢ ᠶᠡᠬᠡ᠎ᠪᠠᠷ ᠳᠥᠭᠥᠮᠴᠢᠯᠡᠨ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠴᠤᠡᠭᠬᠤᠪᠴᠢ᠎ᠨᠢ ᠮᠠᠲ᠋ᠧᠷᠢᠶᠠᠯ᠎ᠢ ᠬᠢᠨᠠᠨ ᠬᠠᠷᠭᠤᠭᠤᠯᠬᠤ᠂ ᠦᠨᠡᠮᠯᠡᠯ ᠣᠯᠭᠣᠬᠤ ᠵᠡᠷᠭᠡ ᠭᠣᠭᠴᠣᠭ᠎ᠠ ᠵᠢ ᠪᠦᠬᠦᠨ᠎ᠢ ᠡᠯᠸᠺᠲᠷᠤᠨᠴᠢᠯᠠᠬᠤ ᠵᠢᠨ ᠬᠠᠮᠲᠤ᠂ ᠠᠵᠢᠯ ᠶᠠᠪᠤᠳᠠᠯ ᠭᠦᠢ᠍ᠴᠡᠳᠬᠡᠬᠦ ᠣᠯᠠᠨ ᠲᠦᠮᠡᠨ᠎ᠤ ᠬᠡᠰᠡᠭ ᠮᠠᠲ᠋ᠧᠷᠢᠶᠠᠯ ᠲᠦᠷ ᠴᠠᠭ ᠳᠤᠲᠠᠭᠳᠠᠵᠤ ᠪᠠᠢ᠌ᠭ᠎ᠠ ᠪᠠᠢ᠌ᠳᠠᠯ ᠨᠦᠬᠦᠴᠡᠯ ᠪᠠᠢ᠌ᠳᠠᠯ᠎ᠳᠤ ᠤᠷᠢᠳ ᠵᠶ᠋ᠠᠷ ᠭᠥᠯᠢᠶᠡᠨ ᠠᠪᠴᠤ ᠰᠢᠢ᠍ᠳᠪᠦᠷᠢᠯᠡᠬᠦ᠂ ᠵᠠᠯᠭ᠋ᠠᠭ᠋ᠠᠳ ᠨᠥᠬᠥᠵᠦ ᠲᠤᠰᠢᠶᠠᠬᠤ ᠵᠢ ᠵᠥᠪᠰᠢᠶᠡᠷᠡᠵᠦ᠂ ᠪᠠᠭ᠎ᠠ ᠠᠰᠠᠭᠤᠳᠠᠯ᠎ᠠᠴᠠ ᠪᠣᠯᠵᠤ ᠭᠦᠢ᠍ᠴᠡᠳᠬᠡᠬᠦ ᠪᠦᠬᠦᠢ ᠯᠨ ᠠᠬᠢᠴᠠ ᠵᠢ ᠰᠠᠭ᠋ᠠᠲᠠᠭ᠋ᠠᠬᠤ᠎ᠠᠴᠠ ᠵᠠᠢ᠌ᠯᠠᠰᠬᠢᠵᠦ᠂ 《ᠲᠣᠭ᠎ᠠ ᠪᠠᠷᠢᠮᠲᠠ ᠵᠢ ᠢᠯᠡᠭᠦᠦ ᠭᠦᠶᠦᠯᠭᠡᠵᠦ᠂ ᠣᠯᠠᠨ ᠲᠦᠮᠡᠨ᠎ᠢ ᠳᠤᠲᠠᠭᠤ ᠭᠦᠶᠦᠯᠭᠡᠬᠦ》 ᠪᠤᠯᠭ᠋ᠠᠬᠰᠠᠨ ᠪᠠᠢ᠌ᠨ᠎ᠠ᠃


ᠨᠠᠰᠤᠵᠢᠯ᠎ᠤᠨ ᠦᠢ᠍ᠯᠡᠴᠢᠯᠡᠭᠡ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ 《ᠬᠣᠶᠠᠷ᠎ᠢ ᠡᠯᠰᠡᠵᠦ ᠬᠣᠶᠠᠷ᠎ᠢ ᠲᠠᠲᠠᠬᠤ》 ᠬᠠᠮ ᠠᠷᠭ᠎ᠠ  ᠵᠢ ᠴᠢᠷᠮᠠᠢ᠌ᠨ ᠰᠠᠢ᠌ᠲᠤᠷ ᠬᠡᠷᠡᠭᠵᠢᠭᠦᠯᠵᠦ᠂ ᠮᠥᠩᠭᠥᠨ ᠭᠦᠢ᠍ᠯᠭᠡᠭᠡᠨ᠎ᠤ ᠠᠵᠤ ᠠᠬᠤᠢ ᠵᠢᠨ ᠲᠥᠷᠥᠯ ᠵᠦᠢ᠍ᠯ᠎ᠢ ᠢᠳᠡᠪᠬᠢᠲᠡᠢ᠎ᠪᠠᠷ ᠠᠭᠤᠳᠠᠯᠤᠨ ᠠᠬᠢᠭᠤᠯᠵᠤ᠂ ᠳᠤᠮᠳᠠᠳᠤ ᠤᠯᠤᠰ᠎ᠤᠨ ᠨᠡᠭᠦᠷᠡᠰᠦᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠦᠢ᠍ᠯᠡᠳᠪᠦᠷᠢ ᠵᠢᠨ ᠴᠦᠩᠴᠢᠩ᠎ᠤᠨ ᠵᠢᠷᠤᠭ ᠲᠥᠯᠥᠪᠯᠡᠭᠡ ᠵᠢᠨ ᠰᠤᠳᠤᠯᠭ᠋ᠠᠨ᠎ᠤ ᠬᠦᠷᠢᠶᠡᠯᠡᠩ (ᠪᠦᠯᠦᠭᠯᠡᠯ)᠎ᠤᠨ ᠺᠣᠮᠫᠠᠨᠢ ᠵᠢᠨ᠎ᠬᠢᠨ᠎ᠢ ᠤᠷᠢᠵᠤ ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠬᠦᠷᠢᠶᠡᠯᠡᠩ ᠲᠣᠭᠣᠷᠢᠭ᠎ᠤᠨ ᠲᠥᠷᠥᠯ ᠵᠦᠢ᠍ᠯ᠎ᠳᠤ ᠲᠤᠬᠠᠢ ᠵᠢᠨ ᠭᠠᠵᠠᠷ  ᠎ᠲᠤ᠎ᠨᠢ ᠪᠠᠢ᠌ᠴᠠᠭ᠋ᠠᠯᠭ᠋ᠠᠪᠠ᠃ ᠬᠣᠣᠰ ᠰᠤᠷᠤᠭᠴᠢ ᠡᠯᠰᠡᠬᠦ ᠳᠤᠭᠤᠢ᠌ᠯᠠᠩ᠎ᠢ ᠴᠧᠩᠳᠦ᠋᠎ᠳᠤ ᠲᠣᠮᠢᠯᠠᠨ ᠰᠸᠴᠤᠸᠠᠨ᠎ᠤ 《ᠵᠦᠡᠭ ᠨᠦᠡᠭ  ᠶᠦᠨ ᠴᠢ ᠬᠠᠩ》᠎ᠤᠨ ᠲᠣᠭ᠎ᠠ ᠪᠠᠷᠢᠮᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠦᠯᠦᠭᠯᠡᠯ᠎ᠤᠨ ᠬᠢᠵᠠᠭ᠋ᠠᠷᠲᠤ ᠺᠣᠮᠫᠠᠨᠢ᠎ᠳᠤ ᠠᠢ᠌ᠯᠴᠢᠯᠠᠭᠤᠯᠵᠤ ᠰᠢᠭᠤᠢ ᠲᠣᠭᠣᠷᠢᠭ᠎ᠤᠨ ᠤᠮᠠᠷᠠᠲᠤ ᠵᠢᠨ ᠵᠤᠨ᠎ᠤ ᠤᠯᠠᠷᠢᠯ᠎ᠤᠨ ᠡᠷᠡᠭᠦᠯ ᠮᠡᠨᠳᠦ ᠵᠢᠨ ᠰᠤᠪᠢᠯᠠᠯᠲᠠ ᠵᠢᠨ ᠰᠠᠭᠤᠷᠢᠨ᠎ᠤ ᠲᠦᠷᠦᠯ ᠵᠦᠢ᠍ᠯ ᠪᠣᠯᠣᠨ ᠨᠡᠢ᠌ᠭᠡᠮ ᠲᠣᠭᠣᠷᠢᠭ᠎ᠤᠨ ᠡᠷᠡᠭᠦᠯ ᠮᠡᠨᠳᠦ ᠵᠢᠨ ᠰᠤᠪᠢᠯᠠᠯᠲᠠ ᠵᠢᠨ ᠶᠡᠷᠦᠩᠬᠡᠢ᠌ᠯᠡᠭᠰᠡᠨ ᠴᠣᠭᠴᠠ (ᠬᠠᠷᠪᠢᠨ᠎ᠤ ᠲᠠᠷᠢᠶᠠᠯᠠᠡᠭ᠎ᠤᠨ ᠶᠡᠬᠡ ᠰᠤᠷᠭ᠋ᠠᠭᠤᠯᠢ ᠵᠢᠨ ᠤᠯᠠᠨ ᠤᠯᠤᠰ᠎ᠤᠨ ᠠᠮᠢᠳᠤᠷᠠᠯ +) ᠵᠢᠨ ᠲᠦᠷᠦᠯ ᠵᠦᠢ᠍ᠯ᠎ᠲᠠᠢ ᠵᠣᠯᠭ᠋ᠠᠭᠤᠯᠪᠠ᠃ 《ᠪᠠᠩᠬᠢ ᠵᠢᠨ ᠣᠨ᠎ᠤ ᠠᠵᠤ ᠠᠬᠤᠢ》 ᠵᠢᠨ ᠰᠢᠨ᠎ᠡ ᠵᠢ ᠡᠭᠦᠳᠬᠦ ᠬᠡᠯᠬᠢᠶ᠎ᠡ᠂ ᠠᠵᠤ ᠦᠢ᠍ᠯᠡᠰ᠎ᠤᠨ ᠬᠡᠯᠬᠢᠶ᠎ᠡ᠂ ᠪᠡᠯᠡ ᠮᠥᠩᠭᠥ ᠵᠢᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ ᠵᠢᠨ ᠭᠦᠨᠵᠡᠭᠡᠢ ᠠᠭᠤᠰᠤᠯᠴᠠᠬᠤ ᠵᠢ ᠦᠨᠡᠨ ᠬᠦ᠌ ᠠᠬᠢᠭᠤᠯᠪᠠ᠃


ᠬᠡᠦᠬᠡᠳ᠎ᠤᠨ ᠠᠰᠠᠷᠠᠮᠵᠢ


   ᠬᠥᠯᠥᠨ ᠪᠣᠶ᠋ᠢᠷ ᠬᠣᠲᠠ ᠵᠢᠨ᠎ᠬᠢᠨ 《ᠨᠡᠭᠦᠳᠡᠯ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯᠯᠠᠭ᠎ᠠ ᠵᠢ ᠴᠢᠩᠭ᠋ᠠᠳᠬᠠᠬᠤ ᠬᠡᠷᠡᠭᠵᠢᠭᠦᠯᠬᠦ ᠲᠥᠰᠥᠯ》᠎ᠤᠨ ᠱᠠᠭ᠋ᠠᠷᠳᠠᠯᠭ᠎ᠠ ᠵᠢ  ᠨᠠᠢ᠌ᠳᠠᠪᠤᠷᠢᠵᠢᠭᠤᠯᠤᠨ᠂ ᠬᠣᠲᠠ ᠵᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠰᠢᠭᠤ ᠬᠣᠲᠠ ᠲᠣᠭᠣᠷᠢᠭ᠎ᠤᠨ ᠲᠣᠬᠢᠷᠠᠭᠤᠯᠬᠤ ᠬᠤᠷᠠᠯ ᠬᠤᠷᠠᠯᠳᠤᠭᠤᠯᠬᠤ᠂ ᠲᠤᠬᠠᠢ ᠵᠢᠨ ᠭᠠᠵᠠᠷ᠎ᠲᠤ᠎ᠨᠢ  ᠪᠠᠢ᠌ᠴᠠᠭ᠋ᠠᠬᠤ᠂ ᠨᠡᠢ᠌ᠭᠡᠮ᠎ᠳᠤ  ᠵᠠᠷᠯᠠᠬᠤ ᠵᠡᠷᠭᠡ ᠠᠷᠭ᠎ᠠ᠎ᠪᠠᠷ ᠬᠢᠨᠠᠵᠤ ᠪᠠᠢ᠌ᠴᠠᠭ᠋ᠠᠬᠤ ᠠᠵᠢᠯ᠎ᠢ ᠠᠬᠢᠭᠤᠯᠤᠭ᠎ᠠ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ᠂ ᠡᠮ ᠡᠮᠨᠡᠯᠭᠡ ᠵᠢᠨ ᠳᠠᠭ᠋ᠠᠳᠬᠠᠯ᠂ ᠳᠣᠲᠣᠭ᠋ᠠᠳᠤ ᠵᠢ ᠬᠠᠮᠠᠭ᠋ᠠᠯᠠᠬᠤ ᠵᠡᠷᠭᠡ ᠰᠠᠯᠠᠭ᠎ᠠ ᠮᠥᠴᠢᠷ᠎ᠤᠨ ᠬᠣᠭᠣᠷᠣᠨᠳᠣᠬᠢ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢᠨ ᠬᠤᠪᠢᠶᠠᠯᠴᠠᠯᠠᠭ᠎ᠠ ᠵᠢ ᠴᠢᠩᠭ᠋ᠠᠳᠬᠠᠨ᠂ 3.1 ᠲᠦᠮᠡ ᠭᠠᠷᠤᠢ ᠮᠡᠳᠡᠭᠡ ᠵᠠᠩᠭᠢ ᠵᠢᠨ  ᠬᠠᠷᠢᠴᠠᠭᠤᠯᠵᠤ ᠲᠠᠭᠤᠰᠬᠠᠯ᠎ᠠ᠃ 3 ᠳ᠋ᠤᠭ᠋ᠠᠷ ᠰᠠᠷ᠎ᠠ ᠵᠢᠨ 6᠎ᠤ ᠡᠳᠦᠷ ᠪᠣᠯᠲᠠᠯ᠎ᠠ 12667 ᠨᠡᠭᠦᠳᠡᠯ ᠬᠡᠦᠬᠡᠳ᠂ ᠭᠡᠷ᠎ᠲᠤ᠎ᠪᠠᠨ ᠬᠣᠴᠣᠷᠤᠭᠰᠠᠨ 1571  ᠬᠡᠦᠬᠡᠳ᠎ᠢ ᠰᠢᠰᠲᠸᠮ᠎ᠳᠤ ᠣᠷᠣᠭᠤᠯᠪᠠ᠃
 



 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠮᠠᠨ᠎ᠤ ᠲᠢᠩᠬᠢᠮ᠎ᠤᠨ᠎ᠬᠢᠨ ᠪᠥᠬᠥ ᠣᠷᠣᠨ᠎ᠤ 《ᠢᠯᠨ ᠨᠢᠭᠦᠯᠡᠰᠦᠩᠭᠦᠢ》 ᠮᠡᠳᠡᠭᠡ ᠵᠠᠩᠭᠢ ᠵᠢᠨ ᠰᠢᠰᠲ᠋ᠧᠮ᠎ᠤᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ (ᠰᠠᠭᠤᠷᠢ ᠮᠥᠩᠭᠥᠨ᠎ᠤ ᠨᠡᠢ᠌ᠭᠡᠮᠯᠢᠭ) ᠵᠢᠨ ᠣᠨ᠎ᠤ ᠮᠡᠳᠡᠭᠦᠯᠦᠯᠲᠡ ᠵᠢᠨ ᠠᠵᠢᠯ᠎ᠤᠨ ᠲᠤᠰᠬᠠᠢ ᠪᠤᠯᠪᠠᠰᠤᠷᠠᠯ ᠡᠷᠬᠢᠯᠡᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.13
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.14
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.18
 
            