ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.13
ᠨᠡᠶᠢᠲᠡᠯᠡᠭᠰᠡᠨ ᠴᠠᠭ᠄ 2025-03-14

ᠴᠢᠬᠤᠯᠠ ᠮᠡᠳᠡᠭᠡ


    ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠲᠠᠩ ᠴᠧᠩ ᠫᠧᠢ ᠣᠷᠴᠢᠮᠬᠠᠨ᠎ᠳᠤ 《ᠪᠢᠴᠢᠭᠡᠴᠢ ᠵᠢᠨ ᠠᠵᠢᠯ》 ᠲᠡᠬᠡᠷ᠎ᠡ 《ᠠᠷᠠᠳ ᠣᠯᠠᠨ᠎ᠳᠤ ᠰᠠᠨᠠᠭ᠋ᠠᠴᠢᠯᠠᠭ᠎ᠠ᠎ᠠᠴᠠ᠎ᠪᠠᠨ ᠰᠠᠢ᠌ᠨ ᠶᠠᠪᠤᠳᠠᠯ ᠬᠢᠵᠦ ᠪᠣᠳᠠᠲᠠᠢ ᠶᠠᠪᠤᠳᠠᠯ ᠬᠢᠵᠦ ᠬᠦᠴᠢᠷᠳᠡᠯ᠎ᠢ᠎ᠨᠢ ᠢᠳᠡᠪᠬᠢᠳᠡᠢ ᠰᠢᠢ᠍ᠳᠪᠦᠷᠢᠯᠡᠵᠦ ᠥᠭᠬᠦ ᠬᠡᠷᠡᠭᠲᠡᠢ》 ᠭᠡᠰᠡᠨ ᠨᠡᠷ᠎ᠡ ᠬᠠᠳᠠᠭᠰᠠᠨ ᠵᠣᠬᠢᠶᠠᠯ ᠨᠡᠢ᠌ᠲᠡᠯᠡᠪᠡ᠃ ᠵᠣᠬᠢᠶᠠᠯ᠎ᠳᠤ᠄ 《ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠠᠬᠢᠭᠤᠯᠵᠤ ᠨᠠᠰᠤᠲᠠᠢ᠌ᠴᠤᠳ᠎ᠲᠤ ᠵᠣᠯ ᠵᠢᠷᠭ᠋ᠠᠯᠲᠤ ᠥᠲᠡᠯᠦᠭᠡ ᠨᠠᠰᠤᠨ᠎ᠤ ᠠᠮᠢᠳᠤᠷᠠᠯ᠎ᠢ ᠡᠳ᠋ᠯᠡᠭᠦᠯᠬᠦ᠎ᠪᠠᠷ ᠴᠢᠷᠮᠠᠢ᠌ᠬᠤ ᠬᠡᠷᠡᠭᠲᠡᠢ᠃ ᠨᠡᠢ᠌ᠭᠡᠮ᠎ᠤᠨ ᠲᠤᠰᠠᠯᠠᠵᠢ ᠵᠢᠨ ᠰᠢᠰᠲ᠋ᠧᠮ᠎ᠢ ᠲᠡᠭᠦᠯᠳᠡᠷᠵᠢᠭᠦᠯᠵᠦ ᠠᠷᠠᠳ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠰᠠᠢ᠌ᠲᠤᠷ ᠪᠠᠲᠤᠯᠠᠬᠤ ᠬᠡᠷᠡᠭᠲᠡᠢ᠃ ᠨᠡᠢ᠌ᠭᠡᠮ᠎ᠤᠨ ᠠᠰᠠᠷᠠᠮᠵᠢ ᠵᠢᠨ ᠳᠦᠷᠢᠮ᠎ᠢ ᠲᠡᠭᠦᠯᠳᠡᠷᠵᠢᠭᠦᠯᠵᠦ᠂ ᠬᠡᠦᠬᠡᠳ ᠪᠠ ᠵᠡᠮᠳᠡᠭᠴᠦᠳ᠎ᠤᠨ ᠪᠤᠶᠠᠨ ᠵᠢᠷᠭ᠋ᠠᠯ᠎ᠢ ᠨᠡᠮᠡᠭᠳᠡᠭᠦᠯᠦᠨ᠎ᠡ᠃ ᠨᠡᠢ᠌ᠭᠡᠮ᠎ᠤᠨ ᠶᠠᠪᠤᠳᠠᠯ᠎ᠤᠨ ᠠᠵᠢᠯ᠎ᠤᠨ ᠰᠢᠨᠡᠳᠬᠡᠨ ᠰᠢᠯᠢᠳᠡᠭᠵᠢᠭᠦᠯᠵᠦ᠂ ᠭᠠᠵᠠᠷ᠎ᠤᠨ ᠨᠡᠷᠡᠰ᠂ ᠣᠷᠣᠭ ᠬᠤᠷᠢᠮ᠂ ᠣᠷᠣᠰᠢᠭᠤᠯᠭ᠎ᠠ ᠵᠢᠨ ᠠᠵᠢᠯ ᠵᠡᠷᠭᠡ ᠵᠢᠨ ᠬᠠᠮᠢᠶᠠᠷᠤᠯᠲᠠ ᠦᠢ᠍ᠯᠡᠴᠢᠯᠡᠭᠡᠨ᠎ᠤ  ᠲᠦᠪᠰᠢᠨ᠎ᠢ ᠳᠡᠭᠡᠭᠰᠢᠯᠡᠭᠦᠯᠦᠨ᠎ᠡ᠃ ᠨᠢᠭᠦᠯᠡᠰᠦᠩᠭᠦᠢ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ᠭᠤᠷᠪᠠᠳᠤᠭ᠋ᠠᠷ ᠤᠳᠠᠭ᠋ᠠᠨ᠎ᠤ ᠬᠤᠪᠢᠶᠠᠷᠢᠯᠠᠯᠲᠠ ᠵᠢᠨ ᠦᠢ᠍ᠯᠡᠳᠦᠯ᠎ᠢ ᠨᠡᠩ ᠰᠠᠢ᠌ᠨ ᠪᠠᠳᠠᠷᠠᠭᠤᠯᠬᠤ ᠬᠡᠷᠡᠭᠳᠡᠢ》 ᠬᠡᠰᠡᠨ ᠪᠠᠢ᠌ᠨ᠎ᠠ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠦᠬᠠᠢ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 3 ᠳ᠋ᠤᠭ᠋ᠠᠷ ᠰᠠᠷ᠎ᠠ ᠵᠢᠨ 11᠎ᠤ ᠡᠳᠦᠷ  2025 ᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠨ᠎ᠤ ᠪᠠᠢ᠌ᠴᠠᠭ᠋ᠠᠯᠲᠠ ᠵᠢᠨ ᠠᠵᠢᠯ᠎ᠤᠨ ᠪᠣᠯᠪᠠᠰᠤᠷᠠᠯ ᠡᠷᠬᠢᠯᠡᠪᠡ᠃ ᠪᠤᠯᠪᠠᠰᠤᠷᠠᠯ ᠳᠡᠭᠡᠷ᠎ᠡ 《ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠰᠦᠢ᠍ᠳᠬᠡᠯ ᠬᠤᠷᠢᠶᠠᠬᠤ ᠦᠢᠯᠡ ᠠᠵᠢᠯᠯᠠᠭ᠎ᠠ ᠵᠢᠨ ᠲᠣᠭᠲᠠᠭ᠋ᠠᠯ᠎ᠳᠤ ᠨᠡᠢ᠌ᠴᠡᠬᠦ ᠵᠢᠭ᠋ᠠᠯᠲᠠ》 《ᠣᠨᠳᠣᠣ ᠭᠠᠵᠠᠷ᠎ᠤᠨ ᠬᠤᠳᠠᠯᠳᠤᠭ᠋ᠠᠴᠢᠳ᠎ᠤᠨ ᠡᠪᠯᠡᠯ᠎ᠤᠨ ᠳᠡᠩᠰᠡᠯᠡᠨ ᠬᠠᠮᠢᠶᠠᠷᠬᠤ ᠦᠢ᠍ᠯᠡᠴᠢᠯᠡᠭᠡᠨ᠎ᠤ ᠠᠵᠢᠯ᠎ᠢ ᠴᠢᠩᠭ᠋ᠠᠳᠬᠠᠬᠤ ᠲᠤᠬᠠᠢ ᠮᠡᠳᠡᠭᠳᠡᠯ》 ᠵᠡᠷᠭᠡ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠢ ᠲᠠᠢ᠌ᠯᠪᠤᠷᠢᠯᠠᠭᠰᠠᠨ ᠪᠥᠭᠡᠳ ᠣᠨ᠎ᠤ ᠪᠠᠢ᠌ᠴᠠᠭ᠋ᠠᠯᠲᠠ ᠵᠢᠨ ᠲᠠᠭᠯᠠᠨ ᠮᠡᠳᠡᠭᠦᠯᠬᠦ ᠰᠢᠰᠲ᠋ᠧᠮ᠎ᠤᠨ ᠠᠵᠢᠯᠯᠠᠭ᠎ᠠ ᠵᠢᠨ ᠲᠤᠬᠠᠢ ᠨᠠᠷᠢᠨ ᠲᠠᠢ᠌ᠯᠤᠮᠵᠢ ᠬᠢᠯ᠎ᠡ᠃ ᠦᠬᠠᠢ ᠬᠤᠳᠠ ᠵᠢᠨ ᠡᠯ᠎ᠡ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠠᠵᠢᠯᠲᠠᠨ᠂ ᠦᠬᠠᠢ ᠬᠣᠲᠠ ᠵᠢᠨ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ   200 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃


ᠨᠡᠢ᠌ᠭᠡᠮ᠎ᠤᠨ ᠲᠤᠰᠠᠯᠠᠮᠵᠢ


   ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 3 ᠳ᠋ᠤᠭ᠋ᠠᠷ ᠰᠠᠷ᠎ᠠ ᠵᠢᠨ 11᠎ᠤ ᠡᠳᠦᠷ ᠪᠥᠬᠥ ᠬᠣᠲᠠ ᠵᠢᠨ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠪᠣᠯᠪᠠᠰᠤᠷᠠᠯ᠎ᠤᠨ ᠬᠤᠷᠠᠯ ᠬᠢᠵᠡᠢ᠃ ᠬᠤᠷᠠᠯ ᠲᠡᠬᠡᠷ᠎ᠡ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠬᠡᠷᠡᠭᠴᠡᠭᠡ ᠵᠢ ᠦᠨᠡᠯᠡᠬᠦ ᠰᠢᠰᠲ᠋ᠧᠮ᠎ᠤᠨ ᠪᠠᠢ᠌ᠭᠤᠯᠤᠯᠲᠠ᠂ ᠦᠢ᠍ᠯᠡᠴᠢᠯᠡᠭᠡᠨ᠎ᠤ ᠨᠠᠷᠢᠨ ᠳᠠᠩᠰᠠ ᠵᠢ ᠪᠠᠶ᠋ᠢᠭᠤᠯᠬᠤ᠂ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠪᠥᠬᠥ ᠤᠯᠤᠰ᠎ᠤᠨ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ  ᠲᠤᠰᠠᠯᠠᠮᠵᠢ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠰᠢᠨ᠎ᠡ ᠵᠢ ᠡᠭᠦᠳᠦᠭᠰᠡᠨ ᠦᠢ᠍ᠯᠡᠳᠦᠯᠭᠡ ᠵᠢᠨ ᠵᠢᠱ᠌ᠢᠶ᠎ᠡ ᠵᠢ ᠦᠵᠡᠭᠦᠯᠬᠦ᠂ ᠬᠣᠰᠢᠭᠤ ᠣᠷᠣᠨ᠎ᠤ ᠶᠠᠷᠢᠯᠴᠠᠨ ᠰᠣᠯᠢᠯᠴᠠᠬᠤ᠂ ᠲᠤᠰᠬᠠᠢ ᠮᠡᠷᠭᠡᠵᠢᠯᠲᠡᠨ᠎ᠤ ᠦᠨᠡᠯᠡᠨ ᠵᠢᠯᠤᠭᠣᠳᠬᠤ᠂ ᠪᠠᠴᠢᠮᠳᠠᠯ ᠪᠠ ᠬᠦᠴᠢᠷᠳᠡᠯᠳᠡᠢ ᠬᠦᠮᠦᠰ᠎ᠤᠨ ᠮᠡᠳᠡᠭᠡ ᠵᠠᠩᠭᠢ ᠵᠢ ᠵᠣᠯᠭ᠋ᠠᠭᠤᠯᠬᠤ ᠦᠢ᠍ᠯᠡᠴᠢᠯᠡᠭᠡᠨ᠎ᠤ ᠰᠢᠰᠲ᠋ᠧᠮ᠎ᠤᠨ ᠪᠣᠯᠪᠠᠰᠤᠷᠠᠯ ᠵᠡᠷᠭᠡ ᠠᠷᠭ᠎ᠠ᠎ᠪᠠᠷ ᠡᠮᠬᠢ ᠵᠢᠷᠤᠮ᠎ᠲᠠᠢ ᠦᠷᠨᠢᠬᠦᠯᠤᠬᠡᠳ᠂ ᠨᠡᠢ᠌ᠭᠡᠮ᠎ᠤᠨ ᠲᠤᠰᠠᠯᠠᠮᠵᠢ ᠵᠢᠨ᠎ᠬᠢᠨ᠎ᠤ ᠣᠷᠣᠰᠢᠨ ᠲᠣᠭᠲᠠᠨᠢᠬᠤ ᠵᠢ ᠪᠠᠲᠤᠯᠠᠬᠤ᠎ᠠᠴᠠ ᠦᠨᠳᠦᠰᠦᠨ ᠪᠠᠳᠤᠯᠠᠭ᠎ᠠ᠂ ᠲᠦᠭᠰᠢᠭᠦᠷᠢ ᠵᠢ ᠰᠡᠷᠭᠡᠢ᠌ᠯᠡᠬᠦ᠂ ᠬᠥᠭᠵᠢᠯᠲᠡ ᠵᠢ ᠠᠬᠢᠭᠤᠯᠬᠤ ᠲᠡᠢ᠌ᠰᠢ ᠬᠤᠪᠢᠷᠠᠭᠤᠯᠬᠤ ᠵᠢ ᠠᠬᠢᠭᠤᠯᠬᠤ ᠬᠡᠷᠡᠭᠳᠡᠢ ᠭᠡᠵᠤ ᠱᠠᠭ᠋ᠠᠷᠳᠠᠯ᠎ᠠ᠃


ᠨᠠᠰᠤᠵᠢᠯ᠎ᠤᠨ ᠦᠢ᠍ᠯᠡᠴᠢᠯᠡᠭᠡ


    ᠬᠥᠬᠡᠬᠣᠲᠠ ᠵᠢᠨ᠎ᠬᠢᠨ ᠭᠡᠷ ᠪᠦᠯᠢ ᠪᠠ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ ᠤᠳᠤ ᠪᠤᠯᠳᠠᠯ᠎ᠠ  349 ᠪᠠᠢ᠌ᠭᠤᠯᠤᠭᠰᠠᠨ᠎ᠤ ᠲᠤᠳᠤᠷ᠎ᠠ ᠬᠣᠲᠠ ᠵᠢᠨ ᠲᠠᠰ᠎ᠤᠨ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠲᠥᠪ 1᠂ ᠬᠣᠰᠢᠭᠤ ᠰᠢᠶᠠᠨ ᠲᠣᠭᠣᠷᠢᠭ᠎ᠤᠨ ᠲᠠᠰ᠎ᠤᠨ ᠵᠢᠱ᠌ᠢᠶ᠎ᠡ ᠦᠵᠡᠭᠦᠯᠬᠦ ᠲᠥᠪ 4᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠲᠠᠰ᠎ᠤᠨ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ 33᠂ ᠨᠡᠢ᠌ᠭᠡᠮ ᠲᠣᠭᠣᠷᠢᠭ᠎ᠤᠨ ᠲᠠᠰ᠎ᠤᠨ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ 311 ᠪᠠᠢ᠌ᠨ᠎ᠠ᠃ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ᠎ᠤᠨ ᠲᠠᠰ᠎ᠤᠨ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ᠎ᠤᠨ ᠪᠦᠷᠬᠦᠴᠡ ᠵᠢ 100%᠎ᠳᠤ ᠬᠦᠷᠭᠡᠵᠦ᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠪᠠ ᠪᠠᠢ᠌ᠭᠤᠯᠤᠮᠵᠢ ᠵᠢᠨ ᠪᠦᠷᠬᠦᠴᠡ ᠵᠢ 95%᠎ᠠᠴᠠ ᠳᠡᠭᠡᠭᠰᠢ᠎ᠳᠤ ᠬᠦᠷᠦᠭᠦᠯᠵᠦ᠂ ᠪᠥᠬᠥ ᠬᠣᠲᠠ ᠵᠢᠨ ᠨᠠᠰᠤᠲᠠᠢ᠌ᠴᠤᠳ᠎ᠲᠤ ᠠᠮᠢᠳᠤᠷᠠᠯ᠎ᠤᠨ ᠬᠠᠷᠠᠭ᠋ᠠᠯᠵᠠᠯ᠂ ᠡᠮᠴᠢᠯᠡᠭᠡ ᠡᠷᠡᠭᠦᠯᠵᠢᠯ᠂ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ ᠵᠡᠷᠭᠡ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠬᠠᠩᠭ᠋ᠠᠵᠤ ᠬᠣᠲᠠ ᠵᠢᠨ ᠲᠣᠭᠣᠷᠢᠭ᠎ᠤᠨ 《ᠨᠢᠭᠡ ᠮᠥᠴᠡ ᠵᠢᠨ ᠲᠤᠳᠤᠷᠠᠬᠢ ᠠᠷᠠᠳ᠎ᠲᠤ ᠲᠥᠬᠥᠮ ᠦᠵᠡᠭᠦᠯᠬᠦ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠣᠭᠣᠷᠢᠭ》᠎ᠢ ᠨᠡᠢ᠌ᠳᠡᠮ ᠪᠦᠷᠬᠦᠬᠦᠯᠤᠯ᠎ᠡ᠃

 


 


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.14
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.20
 
            