ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.14
ᠨᠡᠶᠢᠲᠡᠯᠡᠭᠰᠡᠨ ᠴᠠᠭ᠄ 2025-03-14

ᠠᠷᠠᠳ᠎ᠤᠨ ᠶᠠᠪᠤᠳᠠᠯ᠎ᠤᠨ ᠶᠠᠮᠤᠨ


  ᠳᠤᠮᠳᠠᠳᠤ ᠤᠯᠤᠰ᠎ᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ 《ᠭᠠᠵᠠᠷ᠎ᠤᠨ ᠨᠡᠷᠡᠰ᠎ᠤᠨ ᠬᠠᠮᠢᠶᠠᠷᠤᠯᠲᠠ ᠵᠢᠨ ᠳᠦᠷᠢᠮ》᠎ᠤᠨ ᠲᠣᠭᠲᠠᠭ᠋ᠠᠯ᠎ᠢ ᠦᠨᠳᠤᠰᠤᠯᠡᠬᠡᠳ ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ  3 ᠳ᠋ᠤᠭ᠋ᠠᠷ ᠰᠠᠷ᠎ᠠ ᠵᠢᠨ 11᠎ᠤ ᠡᠳᠦᠷ ᠳᠥᠷᠪᠡᠨ ᠨᠢᠰᠬᠡᠯ᠎ᠤᠨ ᠪᠠᠭᠤᠳᠠᠯ᠎ᠢ ᠨᠡᠷᠡᠢ᠌ᠳᠬᠦ᠂ ᠨᠡᠷ᠎ᠡ ᠵᠢ᠎ᠨᠢ ᠬᠠᠯᠠᠬᠤ ᠠᠯᠪᠠᠨ ᠵᠠᠷ ᠨᠡᠢ᠌ᠲᠡᠯᠡᠪᠡ᠄ ᠰᠢᠨ᠎ᠡ᠎ᠪᠠᠷ ᠪᠠᠢ᠌ᠭᠤᠯᠤᠭᠰᠠᠨ ᠰᠢᠶᠠᠮᠧᠨ᠎ᠤ ᠨᠢᠰᠬᠡᠯ᠎ᠤᠨ ᠪᠠᠭᠤᠳᠠᠯ᠎ᠢ ᠰᠢᠶᠠᠮᠧᠨ᠎ᠤ 《ᠰᠢᠶᠠᠩ ᠠᠨ》 ᠣᠯᠠᠨ ᠤᠯᠤᠰ᠎ᠤᠨ ᠨᠢᠰᠬᠡᠯ᠎ᠤᠨ ᠪᠠᠭᠤᠳᠠᠯ᠂ ᠰᠢᠨ᠎ᠡ᠎ᠪᠠᠷ ᠪᠠᠢ᠌ᠭᠤᠯᠤᠭᠰᠠᠨ 《ᠯᠸᠱ᠌ᠠᠨ》 ᠨᠢᠰᠬᠡᠯ᠎ᠤᠨ ᠪᠠᠭᠤᠳᠠᠯ᠎ᠢ 《ᠯᠸᠱ᠌ᠠᠨ》 ᠨᠢᠰᠬᠡᠯ᠎ᠤᠨ ᠪᠠᠭᠤᠳᠠᠯ᠂ ᠵᠢᠩᠭ᠋ᠠᠩᠱ᠌ᠠᠨ ᠨᠢᠰᠬᠡᠯ᠎ᠤᠨ ᠪᠠᠭᠤᠳᠠᠯ᠎ᠢ ᠵᠢᠢ ᠠᠨ᠎ᠤ 《ᠵᠢᠩᠭ᠋ᠠᠩᠱ᠌ᠠᠨ》 ᠨᠢᠰᠬᠡᠯ᠎ᠤᠨ ᠪᠠᠭᠤᠳᠠᠯ᠂ ᠡᠷᠢᠶᠡᠨ ᠬᠣᠲᠠ ᠵᠢᠨ ᠰᠠᠢ᠌ᠡᠡᠤᠰᠤ ᠨᠢᠰᠬᠡᠯ᠎ᠤᠨ ᠪᠠᠭᠤᠳᠠᠯ᠎ᠢ ᠡᠷᠢᠶᠡᠨ ᠬᠣᠲᠠ ᠵᠢᠨ 《ᠰᠠᠢ᠌ᠡᠡᠤᠰᠤ》 ᠣᠯᠠᠨ ᠤᠯᠤᠰ᠎ᠤᠨ ᠨᠢᠰᠬᠡᠯ᠎ᠤᠨ ᠪᠠᠭᠤᠳᠠᠯ ᠭᠡᠵᠦ ᠬᠠᠯᠠᠪᠠ᠃
    ᠠᠷᠠᠳ᠎ᠤᠨ ᠶᠠᠪᠤᠳᠠᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ ᠬᠠᠮᠲᠤᠷᠠᠨ 《ᠠᠵᠤ ᠠᠬᠤᠢ ᠵᠢᠨ ᠬᠦᠴᠢᠷᠳᠡᠯ᠎ᠲᠠᠢ᠎ᠪᠠᠷ  ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ ᠵᠡᠷᠭᠡ ᠬᠥᠮᠥᠰ᠎ᠢ ᠲᠥᠪᠯᠡᠷᠡᠭᠦᠯᠦᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ  ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢ ᠨᠠᠰᠤᠲᠠᠢ᠌ᠴᠤᠳ᠎ᠤᠨ ᠠᠰᠠᠷᠠᠮᠵᠢ ᠎ᠲᠠᠢ ᠪᠦᠲᠦᠮᠵᠢᠲᠡᠶ ᠵᠣᠯᠭ᠋ᠠᠭᠤᠯᠬᠤ ᠠᠵᠢᠯ᠎ᠢ ᠴᠢᠩᠭ᠋ᠠᠳᠬᠠᠵᠤ᠂ ᠲᠥᠪᠯᠡᠷᠡᠭᠦᠯᠦᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠲᠥᠷᠥ ᠵᠢᠨ ᠪᠣᠳᠣᠯᠭ᠎ᠠ᠎ᠪᠠᠷ ᠠᠵᠤ ᠠᠬᠤᠢ ᠵᠢᠨ ᠬᠦᠴᠢᠷᠳᠡᠯ᠎ᠲᠠᠢ ᠨᠠᠰᠤᠲᠠᠢ᠌ᠴᠤᠳ᠎ᠲᠤ ᠨᠠᠩ ᠣᠯᠠᠨ ᠨᠠᠩ ᠭᠣᠥᠯᠴᠢ᠎ᠪᠠᠷ ᠠᠰᠢᠭ ᠬᠦᠷᠲᠡᠭᠡᠬᠦ ᠠᠵᠢᠯ᠎ᠢ ᠠᠬᠢᠭᠤᠯᠵᠤ᠂ ᠦᠷᠭᠦᠯᠵᠢᠯᠡᠨ ᠳᠡᠯᠭᠡᠷᠡᠭᠦᠯᠵᠦ ᠪᠣᠯᠬᠤ ᠠᠵᠤ ᠠᠬᠤᠢ ᠵᠢᠨ ᠬᠦᠴᠢᠷᠳᠡᠯ᠎ᠲᠠᠢ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ ᠵᠡᠷᠭᠡ ᠬᠦᠮᠦᠰ᠎ᠢ ᠲᠥᠪᠯᠡᠷᠡᠭᠦᠯᠦᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠵᠠᠭᠪᠤᠷ ᠪᠠ ᠪᠠᠲᠤᠯᠠᠭ᠎ᠠ ᠵᠢᠨ ᠲᠣᠭᠲᠠᠴᠠ ᠵᠢ ᠪᠠᠢ᠌ᠭᠤᠯᠤᠨ᠂ ᠠᠵᠤ ᠠᠬᠤᠢ ᠵᠢᠨ ᠬᠦᠴᠢᠷᠳᠡᠯ᠎ᠲᠠᠢ ᠪᠡᠶ᠎ᠡ᠎ᠳᠤ᠎ᠪᠠᠨ ᠵᠦᠪ ᠦᠬᠡᠢ ᠨᠠᠰᠤᠲᠠᠢ᠌ᠴᠤᠳ ᠵᠡᠷᠭᠡ ᠬᠦᠮᠦᠰ᠎ᠤᠨ ᠲᠥᠪᠯᠡᠷᠡᠭᠦᠯᠦᠨ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠠᠵᠢᠯ᠎ᠢ ᠰᠠᠢ᠌ᠲᠤᠷ ᠬᠢᠬᠦ ᠲᠤᠬᠠᠢ ᠪᠠᠢ᠌ᠷᠢᠯᠠᠭᠤᠯᠵᠠᠢ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


      ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢ  ᠴᠢᠡᠭᠭ᠋ᠠᠳᠬᠠᠬᠤ᠎ᠳᠤ᠎ᠪᠠᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠲᠦᠯᠤᠬᠡ 《ᠪᠤᠭᠤᠳᠤ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠢᠯᠢᠳᠡᠭ᠎ᠢ ᠪᠣᠢ᠌ᠵᠢᠭᠤᠯᠬᠤ ᠢᠨᠵᠧᠨᠧᠷᠢᠩ᠂ ᠡᠭᠦᠷ ᠪᠠᠷᠢᠬᠤ ᠲᠥᠯᠥᠪᠯᠡᠭᠡ᠂ ᠡᠨᠧᠷᠭᠢ ᠣᠯᠭᠣᠬᠤ ᠠᠵᠢᠯᠯᠠᠭ᠎ᠠ》 ᠵᠢ ᠭᠦᠨᠵᠡᠭᠡᠢ ᠬᠡᠷᠡᠭᠵᠢᠭᠦᠯᠦᠨ᠂ 《1+10+85+N》 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠣᠣᠰ ᠨᠡᠪᠴᠢᠭᠦᠯᠬᠦ ᠰᠠᠭᠤᠷᠢᠨ ᠭᠠᠵᠠᠷ᠎ᠢ ᠪᠠᠢ᠌ᠭᠤᠯᠵᠤ᠂ 1500 ᠭᠠᠷᠤᠢ ᠲᠦᠮᠡᠨ ᠲᠥᠭᠥᠷᠢᠭ ᠣᠷᠣᠭᠤᠯᠤᠨ 11 ᠦᠢ᠍ᠯᠡᠴᠢᠯᠡᠭᠡᠨ᠎ᠤ ᠰᠠᠭᠤᠷᠢᠨ ᠭᠠᠵᠠᠷ ᠪᠠ 85 ᠦᠨᠳᠦᠰᠦᠨ ᠱᠠᠲᠤᠨ᠎ᠤ ᠨᠡᠢ᠌ᠭᠡᠮ᠎ᠤᠨ ᠠᠵᠢᠯ᠎ᠤᠨ ᠥᠷᠲᠡᠭᠡ᠎ᠳᠤ ᠬᠤᠳᠠᠯᠳᠤᠨ ᠠᠪᠴᠤ ᠡᠵᠡᠩᠨᠡᠬᠦ ᠦᠢ᠍ᠯᠡᠴᠢᠯᠡᠭᠡ ᠬᠠᠩᠭ᠋ᠠᠵᠤ᠂ 38 ᠨᠡᠢ᠌ᠭᠡᠮ᠎ᠤᠨ ᠠᠵᠢᠯ᠎ᠤᠨ ᠲᠥᠷᠥᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠲᠠᠯᠠᠪᠤᠷ᠎ᠤᠨ ᠳᠡᠮᠵᠢᠯᠭᠡ᠂ ᠴᠢᠳᠠᠪᠤᠷᠢ ᠵᠢᠨ ᠪᠠᠢ᠌ᠭᠤᠯᠤᠯᠲᠠ᠂ ᠡᠬᠢ ᠪᠠᠶᠠᠯᠢᠭ᠎ᠤᠨ ᠬᠣᠯᠪᠣᠭ᠋ᠠᠰᠤ ᠵᠡᠷᠭᠡ 《ᠦᠷᠳᠡᠬᠡᠴᠢᠯᠡᠭᠰᠡᠨ》 ᠦᠢ᠍ᠯᠡᠴᠢᠯᠡᠭᠡ ᠬᠠᠩᠭ᠋ᠠᠪᠠ᠃
     ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ 140 ᠲᠦᠮᠡ ᠭᠠᠷᠤᠢ ᠲᠥᠭᠥᠷᠢᠭ᠎ᠤᠨ ᠪᠡᠯᠡ ᠣᠷᠣᠭᠤᠯᠵᠤ ᠰᠢᠯᠢ ᠵᠢᠨ ᠭᠣᠣᠯ ᠠᠢ᠌ᠮᠠᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ᠎ᠢ ᠳᠡᠰ ᠳᠡᠪᠰᠢᠭᠦᠯᠦᠨ᠂ ᠵᠢᠱ᠌ᠢᠶ᠎ᠡ ᠦᠵᠡᠭᠦᠯᠬᠦ ᠬᠦᠷᠢᠶᠡᠯᠡᠩ᠎ᠨᠢ 《ᠵᠠᠰᠠᠭ᠎ᠤᠨ ᠣᠷᠳᠣᠨ ᠵᠢᠯᠤᠭᠣᠳᠴᠤ ᠳᠡᠮᠵᠢᠬᠦ᠂ ᠲᠤᠰᠬᠠᠢ ᠠᠵᠢᠯ᠎ᠤᠨ ᠪᠦᠯᠬᠦᠮ ᠨᠡᠶ᠋ᠢᠲᠡ᠎ᠠᠴᠠ ᠬᠠᠮᠢᠶᠠᠷᠬᠤ᠂ ᠵᠠᠰᠠᠭ᠎ᠤᠨ ᠣᠷᠳᠣᠨ ᠪᠠ ᠣᠯᠠᠨ ᠨᠡᠶ᠋ᠢᠲᠡ᠎ᠠᠴᠠ ᠬᠢᠨᠠᠯᠲᠠ ᠲᠠᠯᠪᠢᠬᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠠᠴᠠ ᠠᠰᠢᠭ ᠭᠥᠷᠳᠡᠬᠦ》 ᠡᠵᠡᠩᠨᠡᠯᠲᠡ ᠵᠢᠨ ᠵᠠᠭᠪᠤᠷ ᠵᠶ᠋ᠡᠷ ᠣᠷᠣᠵᠤ ᠰᠠᠭᠤᠭᠰᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠨᠡᠪᠴᠢᠭᠦᠯᠬᠦ ᠪᠣᠯᠪᠠᠰᠤᠷᠠᠯ᠂ ᠡᠬᠢ ᠪᠠᠶᠠᠯᠢᠭ᠎ᠢ ᠬᠤᠪᠢᠶᠠᠯᠴᠠᠬᠤ᠂ ᠠᠯᠪᠠᠨ᠎ᠠᠴᠠ ᠡᠷᠭᠢᠯᠡᠬᠦ ᠣᠷᠣᠨ ᠵᠠᠢ ᠵᠡᠷᠭᠡ ᠦᠢ᠍ᠯᠡᠴᠢᠯᠡᠭᠡ ᠬᠠᠩᠭ᠋ᠠᠵᠤ᠂ ᠬᠠᠮᠢᠶᠠᠷᠤᠯᠲᠠ ᠦᠢ᠍ᠯᠡᠴᠢᠯᠡᠭᠡ᠎ᠨᠢ ᠵᠢᠷᠤᠮᠵᠢᠭᠰᠠᠨ᠂ ᠲᠤᠰᠬᠠᠢ ᠮᠡᠷᠭᠡᠵᠢᠯ᠎ᠤᠨ ᠴᠢᠳᠠᠪᠤᠷᠢ᠎ᠪᠠᠷ ᠴᠢᠩᠭ᠎ᠠ ᠨᠢᠭᠡ ᠪᠦᠯᠦᠭ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠴᠢᠷᠮᠠᠢ᠌ᠨ ᠪᠣᠶ ᠪᠤᠯᠭ᠋ᠠᠭ᠋ᠠᠳ ᠤᠳᠤ ᠪᠤᠯᠳᠠᠯ᠎ᠠ 10 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠣᠷᠣᠵᠤ ᠰᠠᠭᠤᠭᠰᠠᠨ ᠪᠥᠭᠡᠳ ᠣᠷᠣᠵᠤ ᠰᠠᠭᠤᠬᠤ ᠬᠡᠯᠡᠯᠴᠡᠭᠡᠷ ᠲᠣᠭᠲᠠᠪᠠ (ᠰᠠᠭᠤᠬᠤ ᠬᠤᠭᠤᠴᠠᠭ᠎ᠠ᠎ᠨᠢ ᠨᠢᠭᠡ ᠵᠢᠯ)᠃


ᠨᠠᠰᠤᠵᠢᠯ᠎ᠤᠨ ᠦᠢ᠍ᠯᠡᠴᠢᠯᠡᠭᠡ


    ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠲᠤᠤᠷᠵᠢᠯ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠂ ᠦᠯᠡᠳᠡᠭᠡᠯ ᠡᠳ᠋ ᠬᠥᠷᠥᠩᠭᠡ ᠵᠢ ᠠᠮᠢᠳᠤᠯᠢᠭ ᠪᠣᠯᠭ᠋ᠠᠵᠤ᠂ ᠨᠠᠰᠤᠲᠠᠨ᠎ᠢ ᠠᠰᠠᠷᠠᠬᠤ ᠬᠦᠷᠢᠶᠡᠯᠡᠩ᠂ ᠬᠠᠷᠢᠯᠴᠠᠨ ᠬᠠᠪᠰᠤᠷᠤᠯᠴᠠᠬᠤ ᠬᠦᠷᠢᠶᠡᠯᠡᠩ᠂ ᠨᠠᠮ ᠪᠠ ᠣᠯᠠᠨ ᠲᠦᠮᠡᠨ᠎ᠤ ᠦᠢ᠍ᠯᠡᠴᠢᠯᠡᠭᠡᠨ᠎ᠤ ᠲᠥᠪ ᠵᠡᠷᠭᠡ ᠣᠲᠣ ᠵᠢᠨ ᠪᠠᠢ᠌ᠭ᠎ᠠ ᠲᠦᠬᠦᠬᠡᠷᠤᠮᠵᠢ ᠵᠢ ᠠᠰᠢᠭᠯᠠᠨ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠭᠤᠷᠪᠠᠨ ᠱᠠᠲᠤᠨ᠎ᠤ  ᠲᠤᠤᠷᠵᠢᠯ᠎ᠢ ᠥᠭᠡᠷᠡᠴᠢᠯᠡᠨ ᠪᠠᠢ᠌ᠭᠤᠯᠵᠤ᠂ 《ᠰᠢᠨ᠎ᠡ᠎ᠪᠠᠷ ᠨᠡᠮᠡᠭᠳᠡᠭᠰᠡᠨ ᠭᠠᠵᠠᠷ ᠰᠢᠷᠣᠢ ᠦᠭᠡᠢ》 ᠪᠣᠯᠭ᠋ᠠᠬᠤ ᠵᠢ ᠪᠡᠶᠡᠯᠡᠭᠦᠯᠪᠡ᠃ ᠲᠠᠰ ᠳᠡᠪᠰᠢᠭᠦᠯᠬᠦ ᠲᠥᠪ᠎ᠤᠨ ᠨᠠᠰᠤᠲᠠᠨ᠎ᠢ ᠠᠰᠠᠷᠠᠬᠤ ᠬᠦᠷᠢᠶᠡᠯᠡᠩ᠎ᠢ ᠰᠢᠶᠠᠨ᠎ᠤ ᠱᠠᠲᠤᠨ᠎ᠤ ᠶᠡᠷᠦᠩᠬᠡᠢ᠌ᠯᠡᠭᠰᠡᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ ᠪᠣᠯᠭ᠋ᠠᠵᠤ᠂  ᠰᠤᠮᠤ ᠰᠢᠶᠠᠩ ᠪᠠᠯᠭ᠋ᠠᠰᠤᠨ᠎ᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ᠎ᠳᠤ ᠦᠢ᠍ᠯᠡᠴᠢᠯᠡᠭᠡᠨ᠎ᠤ ᠲᠥᠬᠦᠭᠡᠷᠦᠮᠵᠢ ᠨᠡᠮᠡᠵᠦ  ᠪᠠᠢ᠌ᠭᠤᠯᠤᠬᠰᠠᠨ᠎ᠠᠴᠠ ᠭᠠᠳᠠᠨ᠎ᠠ ᠣᠷᠣᠵᠤ ᠰᠠᠭᠤᠬᠤ ᠨᠣᠷᠮ᠎ᠠ᠎ᠪᠠᠷ ᠪᠠᠭ᠎ᠠ ᠬᠠᠷᠢᠯᠴᠠᠨ ᠬᠠᠪᠰᠤᠷᠤᠯᠴᠠᠬᠤ ᠬᠦᠷᠢᠶᠡᠯᠡᠩ᠎ᠢ ᠬᠠᠰᠤᠬᠤ ᠵᠢ᠎ᠨᠢ ᠬᠠᠰᠤᠵᠤ ᠨᠡᠢ᠌ᠯᠡᠬᠦᠯᠬᠦ ᠵᠢ᠎ᠨᠢ ᠨᠡᠢ᠌ᠯᠡᠬᠦᠯᠤᠬᠡᠳ ᠬᠡᠰᠡᠭ ᠲᠥᠬᠦᠭᠡᠷᠦᠮᠵᠢ ᠵᠢ ᠥᠭᠡᠷᠡᠴᠢᠯᠡᠨ᠂ ᠡᠬᠢ ᠪᠠᠶᠠᠯᠢᠭ᠎ᠢ ᠡᠷᠴᠢᠮᠵᠢᠭᠦᠯᠦᠨ ᠠᠰᠢᠭᠯᠠᠬᠤ ᠠᠵᠢᠯ᠎ᠢ ᠠᠬᠢᠭᠤᠯᠵᠤ ᠰᠤᠯᠠ ᠪᠠᠢ᠌ᠭ᠎ᠠ ᠭᠡᠷ ᠪᠠᠢ᠌ᠰᠢᠩ᠎ᠳᠤ ᠲᠦᠰᠢᠭᠯᠡᠨ ᠲᠣᠰᠬᠣᠨ᠎ᠤ ᠱᠠᠲᠤᠨ᠎ᠤ ᠦᠢ᠍ᠯᠡᠴᠢᠯᠡᠭᠡᠨ᠎ᠤ ᠥᠷᠲᠡᠭᠡ ᠪᠠᠢ᠌ᠭᠤᠯᠵᠤ᠂ ᠨᠠᠰᠤᠲᠠᠢ᠌ᠴᠤᠳ᠎ᠲᠤ 《ᠭᠡᠷ᠎ᠤᠨ ᠡᠭᠦᠳᠡᠨ᠎ᠳᠤ᠎ᠬᠢ ᠨᠠᠰᠤᠵᠢᠯ》᠎ᠤᠨ ᠦᠢ᠍ᠯᠡᠴᠢᠯᠡᠭᠡ ᠬᠦᠷᠳᠡᠬᠡᠵᠤ ᠪᠠᠢ᠌ᠨ᠎ᠠ᠃


 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.17
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.18
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.20
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.21
 
            