ᠴᠢᠬᠤᠯᠠ ᠮᠡᠳᠡᠭᠡ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ 3 ᠳ᠋ᠤᠭ᠋ᠠᠷ ᠰᠠᠷ᠎ᠠ ᠵᠢᠨ 9᠎ᠤ ᠡᠳᠦᠷ ᠪᠡᠭᠡᠵᠢᠩ᠎ᠤᠨ ᠮᠧᠶ ᠳ᠋ᠢ ᠶᠠ ᠲᠥᠪ᠎ᠤᠨ ᠰᠣᠨᠢᠨ ᠮᠡᠳᠡᠭᠡ ᠨᠡᠢ᠌ᠲᠡᠯᠡᠬᠦ ᠲᠢᠩᠬᠢᠮ᠎ᠳᠤ ᠠᠷᠠᠳ᠎ᠤᠨ ᠠᠮᠢᠳᠤᠷᠠᠯ᠎ᠤᠨ ᠭᠣᠣᠯ ᠰᠡᠳᠦᠪᠲᠦ ᠰᠣᠷᠪᠣᠯᠵᠢᠯᠠᠭᠴᠢᠳ᠎ᠤᠨ ᠬᠤᠷᠠᠯ ᠬᠢᠵᠦ ᠠᠷᠠᠳ᠎ᠤᠨ ᠶᠠᠪᠤᠳᠠᠯ᠎ᠤᠨ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ᠎ᠳᠤ ᠣᠷᠣᠯᠴᠠᠭᠰᠠᠨ ᠪᠥᠭᠡᠳ ᠠᠷᠠᠳ᠎ᠤᠨ ᠶᠠᠪᠤᠳᠠᠯ᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠳᠤᠮᠳᠠᠳᠤ ᠭᠠᠳᠠᠭ᠋ᠠᠳᠤ ᠵᠢᠨ ᠰᠣᠷᠪᠣᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠪᠠ᠃
ᠨᠡᠢ᠌ᠭᠡᠮ᠎ᠤᠨ ᠲᠤᠰᠠᠯᠠᠮᠵᠢ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠪᠠᠢ᠌ᠴᠠᠭ᠋ᠠᠨ ᠰᠤᠳᠤᠯᠬᠤ ᠳᠤᠭᠤᠢ᠌ᠯᠠᠩ ᠲᠣᠮᠢᠯᠠᠨ ᠬᠥᠳᠡᠭᠡ ᠲᠣᠰᠬᠣᠨ᠎ᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠭᠡᠷ ᠪᠦᠯᠢ ᠪᠠ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠨ᠎ᠠ ᠴᠠᠭ᠋ᠠᠨ᠎ᠠ ᠪᠠᠢ᠌ᠭ᠎ᠠ ᠭᠡᠷ ᠪᠦᠯᠢ ᠵᠢ ᠲᠤᠬᠠᠢ ᠵᠢᠨ ᠭᠠᠵᠠᠷ᠎ᠲᠤᠨᠢ ᠰᠤᠷᠪᠤᠯᠵᠢᠯᠠᠬᠤ ᠬᠡᠯᠪᠡᠷᠢ᠎ᠪᠠᠷ ᠬᠡᠰᠢᠭᠲᠡᠨ ᠬᠣᠰᠢᠭᠤ᠂ ᠪᠠᠭ᠋ᠠᠷᠢᠨ ᠵᠡᠭᠦᠨ ᠬᠣᠰᠢᠭᠤ᠂ ᠰᠦᠩᠱ᠌ᠠᠨ ᠲᠣᠭᠣᠷᠢᠭ᠎ᠲᠤ ᠭᠦᠨᠵᠡᠭᠡᠢ᠌ᠷᠡᠵᠦ ᠬᠥᠳᠡᠭᠡ ᠲᠣᠰᠬᠣᠨ᠎ᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠢ ᠲᠤᠰᠬᠠᠢ᠌ᠯᠠᠨ ᠪᠠᠢ᠌ᠴᠠᠭ᠋ᠠᠯᠠ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ᠄ 《ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠲᠣᠰ ᠪᠠᠢ᠌ᠴᠠᠭ᠋ᠠᠯᠳᠠ᠎ᠪᠠᠷ ᠲᠣᠬᠢᠶᠠᠯ ᠪᠣᠯᠭ᠋ᠠᠵᠤ᠂ ᠬᠥᠳᠡᠭᠡ ᠲᠣᠰᠬᠣᠨ᠎ᠤ ᠨᠠᠭ᠋ᠠᠲᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠠᠵᠢᠯ᠎ᠤᠨ ᠶᠠᠰᠤ ᠴᠢᠨᠠᠷ᠎ᠢ ᠨᠠᠩ ᠪᠦᠲᠦᠮᠵᠢᠲᠡᠶ ᠠᠷᠭ᠎ᠠ᠎ᠪᠠᠷ ᠤᠯᠠᠮ ᠳᠡᠭᠡᠭᠰᠢᠯᠡᠭᠦᠯᠬᠦ ᠬᠡᠷᠡᠭᠲᠡᠢ᠃ ᠪᠤᠰᠤᠳ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠠᠵᠢᠯ᠎ᠤᠨ ᠲᠣᠭᠲᠠᠴᠠ᠎ᠪᠠᠨ ᠲᠡᠬᠦᠯᠳᠡᠷᠵᠢᠬᠦᠯᠤᠬᠡᠳ ᠣᠨᠣᠪᠴᠢᠲᠠᠢ ᠢᠯᠭ᠋ᠠᠨ ᠲᠠᠨᠢᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠬᠦᠴᠢᠷᠳᠡᠯᠲᠡᠢ ᠤᠯᠠᠨ ᠲᠦᠮᠡᠨ᠎ᠢ 〈ᠪᠠᠲᠤᠯᠠᠬᠤ ᠶᠣᠰᠣᠲᠠᠢ ᠵᠢ᠎ᠨᠢ ᠪᠦᠬᠦᠨ᠎ᠢ ᠪᠠᠲᠤᠯᠠᠵᠤ᠂ ᠭᠠᠷᠭ᠋ᠠᠬᠤ ᠪᠤᠴᠠᠭ᠋ᠠᠬᠤ ᠶᠣᠰᠣᠲᠠᠢ ᠵᠢ᠎ᠨᠢ ᠪᠦᠬᠦᠨ᠎ᠢ ᠭᠠᠷᠭ᠋ᠠᠬᠤ〉 ᠬᠡᠷᠡᠭᠲᠡᠢ》 ᠭᠡᠵᠤ ᠲᠤᠷᠠᠳᠪᠠ᠃
ᠨᠢᠬᠦᠯᠡᠰᠤᠡᠭᠭᠦᠢ ᠵᠢᠨ ᠦᠢ᠍ᠯᠡᠰ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ᠎ᠬᠢᠨ᠎ᠲᠠᠢ ᠬᠠᠮᠵᠢᠯᠴᠠᠨ ᠪᠤᠭᠤᠳᠤ ᠬᠣᠲᠠ ᠵᠢᠨ ᠡᠯ᠎ᠡ ᠬᠣᠰᠢᠭᠤ ᠰᠢᠶᠠᠨ ᠲᠣᠭᠣᠷᠢᠭ᠎ᠲᠤ ᠭᠦᠨᠵᠡᠭᠡᠢ᠌ᠷᠡᠨ 2025 ᠣᠨ᠎ᠤ 《ᠡᠷᠡᠭᠦᠯᠵᠢᠯ᠎ᠳᠤ ᠲᠤᠰᠠᠯᠠᠬᠤ ᠢᠨᠵᠧᠨᠧᠷᠢᠩ》᠎ᠤᠨ ᠵᠡᠮᠳᠡᠭᠴᠦᠳ᠎ᠤᠨ ᠡᠷᠡᠭᠦᠯᠵᠢᠯ᠎ᠳᠤ ᠲᠤᠰᠠᠯᠠᠬᠤ ᠪᠠᠭ᠋ᠠᠵᠢ ᠵᠢ ᠰᠢᠭᠰᠢᠨ ᠪᠠᠢ᠌ᠴᠠᠭ᠋ᠠᠬᠤ ᠪᠠ ᠬᠡᠪ ᠠᠪᠬᠤ ᠠᠵᠢᠯ᠎ᠢ ᠥᠷᠨᠢᠭᠦᠯᠪᠡ᠃ ᠠᠵᠢᠯᠯᠠᠭ᠎ᠠ ᠵᠢᠨ ᠲᠤᠬᠠᠢ ᠵᠢᠨ ᠲᠠᠯᠠᠪᠤᠷ᠎ᠲᠤ ᠲᠤᠰᠠᠯᠠᠬᠤ ᠪᠠᠭ᠋ᠠᠵᠢ ᠲᠤᠬᠢᠷᠠᠭᠤᠯᠬᠤ ᠮᠡᠷᠬᠡᠵᠢᠯᠳᠡᠨ 20 ᠭᠠᠷᠤᠢ ᠲᠤᠰᠠᠯᠠᠮᠵᠢ ᠬᠦᠷᠳᠡᠭᠴᠢ ᠵᠢ ᠨᠢᠬᠡᠳ ᠨᠢᠬᠡ᠎ᠪᠠᠷ ᠲᠡᠮᠳᠡᠭᠯᠡᠵᠤ᠂ ᠬᠡᠮᠵᠢᠬᠦ᠂ ᠣᠨᠣᠰᠢᠯᠠᠬᠤ ᠪᠠ ᠵᠠᠭᠪᠤᠷᠯᠠᠬᠤ᠂ ᠬᠡᠪ ᠠᠪᠴᠤ᠂ ᠰᠢᠭᠰᠢᠨ ᠪᠠᠢ᠌ᠴᠠᠭ᠋ᠠᠬᠤ᠎ᠪᠠᠷ ᠳᠡᠮᠵᠢᠨ ᠨᠥᠬᠥᠴᠡᠯ᠎ᠳᠤ ᠨᠡᠢ᠌ᠴᠡᠬᠦ 10 ᠬᠦᠴᠢᠷᠳᠡᠯ᠎ᠲᠠᠢ ᠵᠡᠮᠳᠡᠭᠴᠦᠳ᠎ᠲᠤ ᠬᠢᠮᠡᠯ ᠮᠥᠴᠢ᠂ ᠵᠦᠭᠰᠢᠷᠡᠬᠦᠯᠬᠦ ᠪᠠᠭ᠋ᠠᠵᠢ ᠵᠢ ᠲᠣᠬᠢᠷᠠᠭᠤᠯᠵᠤ ᠥᠭᠭᠦᠭᠰᠡᠨ ᠪᠠ ᠦᠯᠢᠬᠡᠷ ᠠᠪᠤᠭᠰᠠᠨ ᠪᠠᠢ᠌ᠨ᠎ᠠ᠃
ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠦᠬᠦ ᠬᠣᠲᠠ ᠵᠢᠨ ᠡᠯ᠎ᠡ ᠨᠡᠢ᠌ᠭᠡᠮ᠎ᠤᠨ ᠠᠵᠢᠯ᠎ᠤᠨ ᠥᠷᠲᠡᠭᠡ ᠵᠢ ᠵᠢᠯᠣᠭᠣᠳᠤᠨ 62 ᠳ᠋ᠤᠭ᠋ᠠᠷ 《ᠯᠧᠢ ᠹᠧᠩ᠎ᠠᠴᠠ ᠰᠤᠷᠤᠯᠴᠠᠭᠰᠠᠨ ᠳᠤᠷᠠᠰᠬᠠᠯ᠎ᠤᠨ ᠡᠳᠦᠷ》᠎ᠤᠨ ᠰᠢᠷᠢᠰ ᠠᠵᠢᠯᠯᠠᠭ᠎ᠠ ᠵᠢ ᠥᠷᠨᠢᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠯᠧᠢ ᠹᠧᠩ᠎ᠤᠨ ᠵᠣᠷᠢᠭ ᠰᠠᠨᠠᠭ᠎ᠠ ᠵᠢ ᠲᠠᠢ᠌ᠯᠪᠤᠷᠢᠯᠠᠭᠰᠠᠨ ᠪᠠᠢ᠌ᠨ᠎ᠠ᠃ ᠠᠵᠢᠯᠯᠠᠭ᠎ᠠ ᠵᠢ ᠥᠷᠨᠢᠭᠦᠯᠦᠭᠰᠡᠨ᠎ᠠᠴᠠ ᠨᠠᠭ᠋ᠠᠰᠢ ᠡᠯ᠎ᠡ ᠭᠠᠵᠠᠷ᠎ᠤᠨ ᠨᠡᠢ᠌ᠭᠡᠮ᠎ᠤᠨ ᠠᠵᠢᠯ᠎ᠤᠨ ᠥᠷᠲᠡᠭᠡ᠂ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠣᠯᠠᠨ ᠲᠠᠯ᠎ᠠ ᠵᠢᠨ ᠡᠬᠢ ᠪᠠᠶᠠᠯᠢᠭ᠎ᠢ ᠬᠤᠷᠠᠮᠳᠤᠭᠤᠯᠤᠨ ᠴᠤᠭᠯᠠᠭᠤᠯᠵᠤ᠂ ᠨᠡᠶ᠋ᠢᠲᠡ 20 ᠭᠠᠷᠤᠢ ᠨᠡᠢ᠌ᠭᠡᠮ᠎ᠤᠨ ᠠᠵᠢᠯ᠎ᠤᠨ ᠪᠠᠢ᠌ᠭᠤᠯᠤᠮᠵᠢ ᠪᠣᠯᠣᠨ ᠨᠢᠭᠦᠯᠡᠰᠦᠩᠭᠦᠢ ᠵᠢᠨ ᠵᠣᠬᠢᠶᠠᠨ ᠪᠠᠢ᠌ᠭᠤᠯᠤᠯᠲᠠ ᠬᠠᠮᠲᠤᠷᠠᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠡᠭᠦᠨ᠎ᠳᠤ 150 ᠭᠠᠷᠤᠢ ᠬᠥᠮᠥᠨ ᠬᠠᠢ᠌ᠷ᠎ᠠ ᠬᠠᠯᠠᠮᠵᠢ ᠵᠢᠨ ᠠᠯᠪᠠᠨ ᠵᠢᠷᠤᠮ᠎ᠤᠨ ᠡᠮᠴᠢᠯᠡᠭᠡ ᠬᠢᠵᠦ᠂ 200 ᠭᠠᠷᠤᠢ ᠬᠥᠮᠥᠨ ᠨᠡᠶ᠋ᠢᠲᠡ ᠵᠢᠨ ᠠᠰᠠᠷᠠᠮᠵᠢ ᠵᠢᠨ ᠬᠡᠵᠢᠬᠡ ᠵᠠᠰᠠᠬᠤ ᠠᠵᠢᠯᠯᠠᠭ᠎ᠠ ᠦᠷᠨᠢᠬᠦᠯᠤᠬᠡᠳ 《 ᠨᠠᠰᠤᠳᠠᠢ᠌ᠴᠤᠳ ᠬᠡᠤᠬᠡᠳ ᠬᠦᠴᠢᠷᠳᠡᠯᠳᠡᠢ᠌ᠴᠤᠳ ᠵᠡᠮᠳᠡᠭᠴᠤᠳ 》᠎ᠲᠤ 300 ᠭᠠᠷᠤᠢ ᠤᠳᠠᠭ᠎ᠠ ᠭᠡᠷ᠎ᠲᠤ᠎ᠨᠢ ᠬᠦᠷᠴᠤ ᠦᠢ᠍ᠯᠡᠴᠢᠯᠡᠬᠡᠳ 1.1 ᠲᠦᠮᠡᠨ ᠲᠥᠭᠥᠷᠢᠭ ᠬᠠᠨᠳᠢᠪ ᠮᠥᠩᠭᠥ ᠴᠤᠭᠯᠠᠭᠤᠯᠵᠠᠢ᠃
ᠣᠷᠣᠨ᠎ᠤ ᠭᠠᠳᠠᠨᠠᠬᠢ ᠮᠡᠳᠡᠭᠡ ᠵᠠᠩᠭᠢ
ᠭᠤᠸᠠᠡᠭᠰᠢ ᠵᠢᠨ ᠵᠤᠸᠠᠡᠭ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠵᠡᠷᠭᠡ 7 ᠰᠠᠯᠠᠭ᠎ᠠ ᠮᠥᠴᠢᠷ᠎ᠤᠨ᠎ᠬᠢᠨ ᠬᠠᠮᠲᠤᠷᠠᠨ 《ᠵᠡᠮᠳᠡᠭ ᠥᠨᠥᠴᠢᠨ ᠬᠡᠦᠬᠡᠳ᠎ᠤᠨ ᠭᠡᠷ ᠪᠦᠯᠢ᠎ᠳᠤ᠎ᠪᠠᠨ ᠪᠤᠴᠠᠬᠤ ᠵᠢ ᠤᠯᠠᠮ ᠠᠬᠢᠭᠤᠯᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠮᠡᠳᠡᠭᠳᠡᠯ᠎ᠳᠤ᠄ 《 ᠦᠷᠡᠴᠢᠯᠡᠬᠦ ᠠᠵᠢᠯ᠎ᠢ ᠬᠠᠤᠯᠢ ᠶᠣᠰᠣᠭ᠋ᠠᠷ ᠵᠢᠷᠤᠮᠵᠢᠭᠤᠯᠤᠨ ᠥᠷᠨᠢᠭᠦᠯᠵᠦ᠂ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢ ᠦᠷᠭᠦᠯᠵᠢᠯᠡᠭᠦᠯᠬᠦ᠂ ᠦᠨᠳᠦᠰᠦᠨ ᠡᠮᠴᠢᠯᠡᠭᠡᠨ᠎ᠤ ᠪᠠᠲᠤᠯᠠᠭ᠎ᠠ ᠵᠢ ᠦᠷᠭᠦᠯᠵᠢᠯᠡᠭᠦᠯᠬᠦ᠂ ᠡᠷᠡᠭᠦᠯᠵᠢᠯ᠎ᠤᠨ ᠲᠤᠰᠠᠯᠠᠮᠵᠢ ᠵᠢ ᠴᠢᠩᠭ᠋ᠠᠳᠬᠠᠬᠤ᠂ ᠬᠠᠯᠠᠮᠵᠢᠯᠠᠨ ᠬᠠᠮᠠᠭ᠋ᠠᠠᠯᠬᠤ ᠦᠢ᠍ᠯᠡᠴᠢᠯᠡᠭᠡ ᠵᠢ ᠴᠢᠩᠭ᠋ᠠᠳᠬᠠᠬᠤ ᠵᠡᠷᠭᠡ ᠲᠠᠯ᠎ᠠ ᠵᠢᠨ ᠪᠠᠲᠤᠯᠠᠭ᠎ᠠ ᠵᠢᠨ ᠠᠷᠭ᠎ᠠ ᠵᠢ ᠲᠣᠳᠣᠷᠬᠠᠢ ᠲᠤᠬᠳᠠᠭ᠋ᠠᠭ᠋ᠠᠳ ᠵᠡᠮᠳᠡᠭ ᠥᠨᠥᠴᠢᠨ ᠬᠡᠦᠬᠡᠳ᠎ᠢ ᠬᠠᠤᠯᠢ ᠶᠣᠰᠣᠭ᠋ᠠᠷ ᠦᠷᠡᠴᠢᠯᠡᠬᠦ᠎ᠪᠠᠷ ᠳᠠᠮᠵᠢᠭᠤᠯᠤᠨ ᠭᠡᠷ ᠪᠦᠯᠢ ᠵᠢᠨ ᠣᠷᠴᠢᠨ ᠲᠣᠭᠣᠷᠢᠨ᠎ᠳᠤ᠎ᠪᠠᠨ ᠡᠷᠡᠭᠦᠯ ᠵᠶ᠋ᠡᠷ ᠦᠰᠦᠨ ᠪᠣᠢ᠌ᠵᠢᠬᠤ᠎ᠳᠤ ᠬᠦᠴᠦᠨ ᠨᠡᠮᠡᠷᠢᠯᠡᠵᠦ ᠬᠡᠤᠬᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠦᠳᠤᠮᠵᠢᠳᠠᠢ ᠬᠠᠮᠠᠬᠠᠯᠠᠬᠤ ᠬᠡᠷᠡᠭᠳᠡᠢ》 ᠬᠡᠵᠡᠢ᠃