ᠴᠢᠬᠤᠯᠠ ᠮᠡᠳᠡᠭᠡ
3 ᠰᠠᠷ᠎ᠠ ᠵᠢᠨ 13᠎ᠤ ᠡᠳᠦᠷ᠂ ᠠᠷᠠᠳ᠎ᠤᠨ ᠶᠠᠪᠤᠳᠠᠯ᠎ᠤᠨ ᠶᠠᠮᠤᠨ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ ᠪᠥᠬᠥ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ ᠵᠢᠨ ᠪᠥᠬᠥ ᠤᠯᠤᠰ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠤ᠎ᠬᠢ ᠴᠢᠬᠤᠯᠠ ᠶᠠᠷᠢᠶ᠎ᠠ ᠪᠠ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠪᠠᠢ᠌ᠷᠢᠯᠠᠭᠤᠯᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠲᠠᠩ ᠴᠧᠩ ᠫᠧᠢ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠨᠡᠢ᠌ᠭᠡᠮ᠎ᠤᠨ ᠪᠠᠢ᠌ᠭᠤᠯᠤᠯᠲᠠ ᠵᠢᠨ ᠵᠥᠪᠯᠡᠯ᠎ᠤᠨ ᠭᠡᠰᠢᠭᠦᠨ ᠵᠠᠨ ᠴᠧᠩ ᠹᠦ᠋ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠠᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠳᠤᠮᠳᠠ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ᠎ᠳᠤ ᠭᠦᠨᠵᠡᠭᠡᠢ᠌ᠷᠡᠨ 《ᠡᠷᠡᠬᠦᠯᠵᠢᠯ᠎ᠳᠤ ᠲᠤᠰᠠᠯᠠᠬᠤ ᠢᠨᠵᠧᠨᠧᠷᠢᠩ》᠎ᠢ ᠬᠡᠷᠡᠭᠵᠢᠭᠦᠯᠵᠦ᠂ ᠣᠷᠣᠯᠭ᠎ᠠ ᠪᠠᠭ᠎ᠠ ᠵᠡᠮᠳᠡᠭᠴᠦᠳ᠎ᠢ ᠲᠡᠳᠬᠦᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠲᠥᠪ᠎ᠤᠨ ᠬᠣᠶᠠᠷ ᠳᠤᠭᠤᠢ᠌ᠯᠠᠩ ᠲᠣᠰ ᠲᠣᠰ ᠳᠤᠮᠳᠠ ᠬᠡᠰᠡᠭ ᠪᠠᠷᠠᠭᠤᠨ ᠬᠡᠰᠡᠭ᠎ᠤᠨ ᠭᠠᠵᠠᠷ ᠣᠷᠣᠨ᠎ᠳᠤ ᠬᠦᠷᠴᠦ᠂ ᠰᠢᠭᠰᠢᠨ ᠪᠠᠢ᠌ᠴᠠᠭ᠋ᠠᠵᠤ ᠦᠨᠡᠯᠡᠬᠦ ᠪᠠ ᠬᠡᠪ ᠠᠪᠬᠤ ᠠᠵᠢᠯ᠎ᠢ ᠥᠷᠨᠢᠭᠦᠯᠪᠡ᠃ ᠣᠳᠣᠬᠠᠨ᠎ᠳᠤ ᠳᠤᠮᠳᠠ ᠬᠡᠰᠡᠭ᠎ᠤᠨ ᠳᠤᠭᠤᠢ᠌ᠯᠠᠩ᠎ᠤᠨ᠎ᠬᠢᠨ ᠤᠯᠠᠭ᠋ᠠᠨᠴᠠᠪ ᠬᠣᠲᠠ ᠵᠢᠨ 5 ᠬᠣᠰᠢᠭᠤ ᠰᠢᠶᠠᠨ᠎ᠳᠤ 38 ᠬᠥᠮᠥᠨ᠎ᠢ ᠰᠢᠭᠰᠢᠨ ᠪᠠᠢ᠌ᠴᠠᠭ᠋ᠠᠵᠤ᠂ 16 ᠬᠡᠪ ᠠᠪᠴᠠᠢ᠃ ᠪᠠᠷᠠᠭᠤᠨ ᠣᠷᠣᠨ᠎ᠤ ᠳᠤᠭᠤᠢ᠌ᠯᠠᠩ᠎ᠤᠨ᠎ᠬᠢᠨ ᠪᠤᠭᠤᠲᠤ ᠬᠤᠳᠠ ᠵᠢᠨ 4 ᠬᠣᠰᠢᠭᠤ ᠰᠢᠶᠠᠨ᠎ᠳᠤ ᠬᠦᠷᠴᠦ 26 ᠬᠥᠮᠥᠨ᠎ᠤ ᠦᠨᠡᠯᠡᠪᠡ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠷᠠᠭ᠋ᠠᠴᠢ᠎ᠪᠠᠷ ᠲᠤᠷᠰᠢᠯᠭ᠎ᠠ᠎ᠪᠠᠨ ᠲᠠᠰᠤᠷᠠᠯᠲᠠ ᠦᠭᠡᠢ ᠳ᠋ᠦᠩᠨᠡᠵᠦ᠂ ᠠᠵᠢᠯ᠎ᠤᠨ ᠶᠠᠪᠤᠴᠨ᠎ᠪᠠᠨ ᠦᠷᠭᠦᠯᠵᠢᠯᠡᠨ ᠰᠢᠯᠢᠳᠡᠭᠵᠢᠭᠦᠯᠵᠦ ᠦᠢ᠍ᠯᠡᠴᠢᠯᠡᠭᠡᠨ᠎ᠤ ᠬᠠᠮᠤᠷᠬᠤ ᠬᠡᠪᠴᠢᠶ᠎ᠡ᠎ᠪᠠᠨ ᠠᠯᠬᠤᠮ ᠠᠯᠬᠤᠮ ᠵᠶ᠋ᠠᠷ ᠥᠷᠭᠡᠳᠬᠡᠨ ᠨᠠᠩ ᠣᠯᠠᠨ ᠵᠡᠮᠳᠡᠭᠴᠦᠳ᠎ᠲᠤ ᠠᠰᠢᠭ ᠬᠦᠷᠳᠡᠬᠡᠬᠦ ᠪᠤᠯᠤᠨ᠎ᠠ᠃
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 3 ᠳ᠋ᠤᠭ᠋ᠠᠷ ᠰᠠᠷ᠎ᠠ ᠵᠢᠨ 13᠎ᠤ ᠡᠳᠦᠷ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡᠨ᠎ᠤ ᠲᠥᠪ᠎ᠤᠨ ᠪᠠᠭᠰᠢ ᠵᠢ ᠤᠷᠢᠵᠤ ᠠᠳᠠᠯᠢ ᠪᠤᠰᠤ ᠲᠥᠷᠥᠯ ᠬᠡᠯᠪᠡᠷᠢ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 《ᠣᠨ᠎ᠤ ᠪᠠᠢ᠌ᠴᠠᠭ᠋ᠠᠯᠲᠠ ᠵᠢᠨ ᠡᠪᠡᠷᠰᠢᠶᠡᠯ᠎ᠲᠠᠢ ᠭᠠᠵᠠᠷ》᠎ᠲᠤ ᠴᠢᠭᠯᠡᠭᠦᠯᠦᠨ 《ᠲᠣᠪᠶᠣᠭ᠎ᠤᠨ ᠬᠡᠯᠪᠡᠷᠢ ᠵᠢᠨ ᠬᠠᠩᠭ᠋ᠠᠯᠭ᠎ᠠ + ᠵᠤᠷᠰᠢᠯ᠎ᠤᠨ ᠦᠢ᠍ᠯᠡᠴᠢᠯᠡᠭᠡ》 ᠵᠢᠨ ᠵᠠᠭᠪᠤᠷ ᠵᠶ᠋ᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠨ᠎ᠤ ᠪᠠᠢ᠌ᠴᠠᠭ᠋ᠠᠯᠲᠠ ᠵᠢᠨ ᠠᠵᠢᠯ᠎ᠤᠨ ᠲᠤᠰᠬᠠᠢ ᠰᠡᠳᠦᠪᠲᠦ ᠰᠤᠷᠤᠯᠴᠠᠬᠤ ᠠᠩᠭᠢ ᠡᠷᠭᠢᠯᠡᠵᠦ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠴᠢᠳᠠᠪᠤᠷᠢ ᠣᠯᠭᠣᠪᠠ᠃ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠬᠠᠷᠢᠭᠤᠴᠠᠯᠭ᠋ᠠᠲᠠᠨ᠂ 200 ᠭᠠᠷᠤᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠲᠤᠬᠠᠢ ᠵᠢᠨ ᠲᠠᠯᠠᠪᠤᠷ᠎ᠤᠨ ᠪᠣᠯᠪᠠᠰᠤᠷᠠᠯ᠎ᠳᠤ ᠣᠷᠣᠯᠴᠠᠵᠤ᠂ 670 ᠭᠠᠷᠤᠢ ᠪᠤᠰᠤᠳ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠲᠠᠨ ᠰᠢᠭᠤᠳ ᠨᠡᠪᠲᠡᠷᠡᠭᠦᠯᠬᠦ ᠬᠡᠯᠪᠡᠷᠢ᠎ᠪᠠᠷ ᠪᠣᠯᠪᠠᠰᠤᠷᠠᠯ᠎ᠳᠤ ᠵᠡᠷᠭᠡ᠎ᠪᠠᠷ ᠣᠷᠣᠯᠴᠠᠪᠠ᠃
ᠨᠡᠢ᠌ᠭᠡᠮ᠎ᠤᠨ ᠶᠠᠪᠤᠳᠠᠯ
ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《 ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠪᠠ ᠰᠤᠪᠢᠯᠠᠬᠤ ᠵᠢ ᠠᠭᠤᠰᠤᠯᠴᠠᠭᠤᠯᠬᠤ ᠠᠵᠢᠯᠯᠠᠭ᠎ᠠ》 ᠵᠢ ᠯᠠᠪᠳᠠᠭᠤᠨ ᠪᠠᠲᠤᠲᠠᠢ ᠥᠷᠨᠢᠭᠦᠯᠵᠦ᠂ ᠣᠶᠤᠨ ᠤ ᠰᠠᠭ᠋ᠠᠳ᠎ᠲᠠᠢ ᠬᠦᠮᠦᠰ᠎ᠤᠨ ᠨᠡᠢ᠌ᠭᠡᠮ ᠲᠣᠭᠣᠷᠢᠭ᠎ᠲᠤ᠎ᠬᠢ ᠡᠷᠡᠬᠦᠯᠵᠢᠬᠦᠯᠬᠦ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠬᠦ᠂ ᠡᠬᠢ ᠪᠠᠶᠠᠯᠢᠭ᠎ᠤᠨ ᠣᠷᠣᠭᠤᠯᠤᠯᠲᠠ ᠵᠢ ᠡᠮᠬᠢᠯᠡᠨ ᠴᠢᠩᠭ᠋ᠠᠷᠠᠭᠤᠯᠬᠤ᠂ ᠦᠢ᠍ᠯᠡᠴᠢᠯᠡᠭᠡᠨ᠎ᠤ ᠠᠭᠤᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠠᠬᠢᠭᠤᠯᠵᠤ᠂ ᠣᠶᠤᠨ᠎ᠤ ᠰᠠᠭ᠋ᠠᠳ᠎ᠲᠠᠢ ᠡᠪᠡᠳᠴᠢᠲᠡᠨ᠎ᠤ ᠨᠡᠢ᠌ᠭᠡᠮ᠎ᠳᠤ ᠪᠤᠴᠠᠵᠤ ᠢᠷᠡᠬᠦ ᠪᠠ ᠨᠡᠢ᠌ᠭᠡᠮ᠎ᠳᠤ ᠠᠭᠤᠰᠤᠯᠴᠠᠬᠤ ᠵᠢ ᠠᠬᠢᠭᠤᠯᠪᠠ᠃ 2024 ᠣᠨ᠎ᠠᠴᠠ ᠣᠲᠣ ᠪᠣᠯᠲᠠᠯ᠎ᠠ ᠪᠥᠬᠥ ᠬᠣᠲᠠ ᠵᠢᠨ 7 ᠬᠣᠰᠢᠭᠤ ᠲᠣᠭᠣᠷᠢᠭ᠎ᠲᠤ 《ᠤᠶᠤᠨ᠎ᠤ ᠰᠠᠭ᠋ᠠᠳ᠎ᠲᠠᠢ ᠬᠦᠮᠦᠰ᠎ᠢ ᠡᠷᠡᠬᠦᠯᠵᠢᠬᠦᠯᠬᠦ ᠪᠠ ᠰᠤᠪᠢᠯᠠᠬᠤ ᠵᠢ ᠠᠭᠤᠰᠤᠯᠴᠠᠭᠤᠯᠬᠤ ᠠᠵᠢᠯᠯᠠᠭ᠎ᠠ》 ᠥᠷᠨᠢᠭᠦᠯᠵᠦ᠂ 269 ᠨᠡᠢ᠌ᠭᠡᠮ ᠲᠣᠭᠣᠷᠢᠭ (ᠭᠠᠴᠠᠭ᠎ᠠ ᠲᠣᠰᠬᠣᠨ)᠎ᠢ ᠬᠠᠮᠤᠷᠴᠤ᠂ ᠨᠡᠢ᠌ᠭᠡᠮ ᠲᠣᠭᠣᠷᠢᠭ᠎ᠤᠨ ᠳᠠᠩᠰᠠᠯᠠᠭᠤᠯᠤᠭᠰᠠᠨ ᠡᠷᠡᠭᠦᠯᠵᠢᠯ᠎ᠤᠨ ᠦᠢ᠍ᠯᠡᠴᠢᠯᠡᠬᠡ ᠬᠦᠷᠳᠡᠭᠰᠡᠳ 2116 ᠪᠠᠢ᠌ᠵᠤ᠂ ᠳᠠᠩᠰᠠᠯᠠᠭᠤᠯᠤᠭᠰᠠᠨ 1772 ᠬᠥᠮᠥᠨ ᠡᠷᠡᠭᠦᠯᠵᠢᠯ᠎ᠤᠨ ᠦᠢ᠍ᠯᠡᠴᠢᠯᠡᠭᠡ ᠵᠢ ᠭᠥᠯᠢᠶᠡᠨ ᠠᠪᠴᠤ᠂ ᠵᠢᠷᠤᠮᠵᠢᠭᠰᠠᠨ ᠦᠢ᠍ᠯᠡᠴᠢᠯᠡᠭᠡᠨ᠎ᠤ ᠨᠣᠷᠮ᠎ᠠ 83%᠎ᠳᠤ ᠬᠥᠷᠪᠡ᠃
ᠨᠠᠰᠤᠵᠢᠯ᠎ᠤᠨ ᠦᠢ᠍ᠯᠡᠴᠢᠯᠡᠭᠡ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠥᠳᠡᠭᠡ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠪᠤᠭᠤᠮᠳᠠ ᠰᠢᠪᠳᠤᠯᠤᠯᠳᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠣᠲᠠ᠂ ᠰᠢᠶᠠᠨ᠎ᠤ ᠬᠣᠶᠠᠷ ᠱᠠᠲᠤ ᠵᠢ ᠵᠢᠯᠣᠭᠣᠳᠤᠨ ᠨᠠᠰᠤᠵᠢᠯ᠎ᠤᠨ ᠠᠰᠠᠷᠠᠮᠵᠢ ᠵᠢᠨ 23 ᠦᠨᠳᠦᠰᠦᠨ ᠦᠢ᠍ᠯᠡᠴᠢᠯᠡᠭᠡᠨ᠎ᠤ ᠲᠣᠳᠣᠷᠬᠠᠢ ᠬᠠᠭᠤᠳᠠᠰᠤ ᠵᠢ ᠲᠣᠭᠲᠠᠭ᠋ᠠᠵᠤ᠂ ᠦᠢ᠍ᠯᠡᠴᠢᠯᠡᠬᠡ ᠬᠦᠷᠳᠡᠭᠰᠡᠳ᠂ ᠠᠭᠤᠯᠭ᠎ᠠ ᠪᠠ ᠪᠠᠷᠢᠮᠵᠢᠶ᠎ᠠ ᠵᠢ ᠲᠣᠳᠣᠷᠬᠠᠢ᠌ᠯᠠᠵᠤ᠂ ᠬᠣᠭᠣᠯᠠ ᠤᠮᠳᠠ᠎ᠳᠤ ᠲᠤᠰᠠᠯᠠᠬᠤ᠂ ᠡᠮᠴᠢᠯᠡᠭᠡ᠎ᠳᠤ ᠲᠤᠰᠠᠯᠠᠬᠤ ᠵᠡᠷᠭᠡ ᠣᠯᠠᠨ ᠲᠠᠯ᠎ᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠮᠤᠷᠤᠭᠰᠠᠨ ᠪᠠᠢ᠌ᠨ᠎ᠠ᠃ ᠳᠥᠷᠪᠡᠨ ᠱᠠᠲᠤᠨ᠎ᠤ ᠬᠣᠯᠪᠤᠭ᠋ᠠᠯᠠᠨ ᠬᠥᠳᠡᠯᠦᠯᠴᠡᠭᠰᠡᠨ ᠣᠶᠤᠨᠴᠢ ᠨᠠᠰᠤᠵᠢᠯ᠎ᠤᠨ ᠠᠰᠠᠷᠠᠮᠵᠢ ᠵᠢᠨ ᠲᠠᠪᠴᠠᠩ᠎ᠢ ᠪᠠᠢ᠌ᠭᠤᠯᠵᠤ᠂ ᠨᠠᠰᠤᠵᠢᠯ᠎ᠤᠨ ᠠᠰᠠᠷᠠᠮᠵᠢ ᠵᠢᠨ 36 ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠲᠣᠭ᠎ᠠ ᠪᠠᠷᠢᠮᠲᠠ ᠵᠢ ᠡᠮᠬᠢᠯᠡᠵᠤ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠰᠦᠯᠵᠢᠶᠡᠨ ᠳᠡᠭᠡᠷ᠎ᠡ ᠵᠣᠬᠢᠴᠠᠭᠤᠯᠬᠤ᠂ ᠲᠥᠷᠥ ᠵᠢᠨ ᠪᠣᠳᠣᠯᠭ᠎ᠠ ᠵᠢ ᠯᠠᠪᠯᠠᠬᠤ ᠪᠠ ᠠᠵᠢᠯ ᠮᠡᠷᠭᠡᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠢ ᠠᠯᠤᠰ᠎ᠠᠴᠠ ᠡᠷᠭᠢᠯᠡᠬᠦ᠎ᠪᠠᠷ ᠳᠠᠮᠵᠢᠭᠤᠯᠤᠨ᠂ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠵᠦ ᠬᠠᠮᠢᠶᠠᠷᠤᠯᠲᠠ ᠵᠢᠨ ᠠᠵᠢᠯᠲᠠᠨ ᠪᠠ ᠠᠰᠠᠷᠠᠭᠴᠢ ᠵᠢ 7000 ᠭᠠᠷᠤᠢ ᠪᠣᠯᠪᠠᠰᠤᠷᠠᠭᠤᠯᠵᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠰᠬᠠᠢ᠌ᠵᠢᠭᠰᠠᠨ ᠲᠦᠪᠰᠢᠨ᠎ᠢ ᠳᠡᠭᠡᠭᠰᠢᠯᠡᠭᠦᠯᠪᠡ᠃
ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ