ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.18
ᠨᠡᠶᠢᠲᠡᠯᠡᠭᠰᠡᠨ ᠴᠠᠭ᠄ 2025-03-19

ᠴᠢᠬᠤᠯᠠ ᠮᠡᠳᠡᠭᠡ


    ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《ᠬᠡᠷᠡᠭᠯᠡᠭᠡ ᠵᠢ ᠬᠥᠭᠵᠢᠭᠡᠬᠦ ᠲᠤᠰᠬᠠᠢ ᠠᠵᠢᠯᠯᠠᠭ᠋ᠠᠨ᠎ᠤ ᠲᠥᠰᠥᠯ》᠎ᠢ ᠳᠠᠷᠤᠮᠠᠯᠯᠠᠨ ᠲᠠᠷᠬᠠᠭ᠋ᠠᠪᠠ᠃ ᠠᠵᠢᠯᠯᠠᠭ᠎ᠠ ᠵᠢᠨ ᠲᠥᠰᠥᠯ᠎ᠳᠤ ᠭᠣᠣᠯᠳᠠᠯᠭ᠎ᠠ᠎ᠲᠠᠢ ᠬᠦᠮᠦᠰ᠎ᠤᠨ ᠦᠨᠳᠦᠰᠦᠨ ᠠᠮᠢᠳᠤᠷᠠᠯ᠎ᠢ ᠪᠠᠲᠤᠯᠠᠵᠤ᠂ 《ᠨᠠᠰᠣᠤᠳᠠᠢ᠌ᠴᠤᠳ ᠬᠡᠤᠬᠡᠳ》᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠦᠨ᠎ᠡ ᠭᠡᠵᠦ ᠲᠤᠷᠠᠳᠤᠬᠰᠠᠨ ᠪᠠᠢ᠌ᠨ᠎ᠠ᠃ ᠭᠣᠣᠯᠳᠠᠯᠭ᠎ᠠ᠎ᠲᠠᠢ ᠬᠦᠮᠦᠰ᠎ᠤᠨ ᠦᠨᠳᠦᠰᠦᠨ ᠠᠮᠢᠳᠤᠷᠠᠯ᠎ᠢ ᠪᠠᠲᠤᠯᠠᠬᠤ ᠲᠠᠯ᠎ᠠ᠎ᠪᠠᠷ᠂ ᠣᠷᠣᠯᠭ᠎ᠠ  ᠪᠠᠭ᠎ᠠ ᠬᠦᠮᠦᠰ᠎ᠤᠨ ᠬᠥᠳᠡᠯᠦᠩᠭᠦᠢ᠎ᠪᠠᠷ ᠬᠢᠨᠠᠬᠤ ᠪᠠ ᠱᠠᠲᠤ ᠲᠦᠷᠦᠯ ᠬᠤᠪᠢᠶᠠᠨ ᠲᠤᠰᠠᠯᠠᠵᠤ ᠲᠡᠳᠬᠦᠬᠦ ᠠᠵᠢᠯ᠎ᠢ ᠴᠢᠩᠭ᠋ᠠᠳᠬᠠᠵᠤ᠂ ᠦᠨᠳᠦᠰᠦᠨ ᠠᠮᠢᠳᠤᠷᠠᠯ᠎ᠤᠨ ᠲᠤᠰᠠᠯᠠᠮᠵᠢ ᠵᠢᠨ ᠳᠦᠷᠢᠮ᠎ᠢ ᠲᠡᠭᠦᠯᠳᠡᠷᠵᠢᠭᠦᠯᠬᠦ ᠠᠵᠢᠯ᠎ᠢ ᠠᠬᠢᠭᠤᠯᠵᠤ᠂ ᠲᠤᠰᠬᠠᠢ ᠵᠦᠢ᠍ᠯ ᠵᠶ᠋ᠡᠷ ᠲᠤᠰᠠᠯᠠᠬᠤ ᠲᠦᠪᠰᠢᠨ᠎ᠢ ᠳᠡᠭᠡᠭᠰᠢᠯᠡᠭᠦᠯᠬᠦ  ᠬᠡᠷᠡᠭᠳᠡᠢ᠃ ᠴᠢᠳᠠᠪᠤᠷᠢ᠎ᠪᠠᠨ ᠪᠦᠷᠢᠮᠦᠰᠦᠨ ᠠᠯᠳᠠᠭᠰᠠᠨ ᠨᠠᠰᠤᠲᠠᠢ᠌ᠴᠤᠳ᠎ᠢ ᠬᠠᠷᠠᠭ᠋ᠠᠯᠵᠠᠨ ᠠᠰᠠᠷᠠᠬᠤ ᠦᠢ᠍ᠯᠡᠴᠢᠯᠡᠭᠡᠨ᠎ᠤ ᠳᠡᠮᠵᠢᠯᠭᠡ ᠵᠢ ᠴᠢᠩᠭ᠋ᠠᠳᠬᠠᠨ᠎ᠠ᠃ ᠨᠥᠬᠥᠴᠡᠯ᠎ᠲᠠᠢ ᠭᠠᠵᠠᠷ ᠣᠷᠣᠨ᠎ᠨᠤᠭᠤᠳ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠬᠦᠴᠢᠷᠳᠡᠯᠲᠡᠢ ᠣᠯᠠᠨ ᠲᠦᠮᠡᠨ᠎ᠳᠤ ᠲᠤᠰᠠᠯᠠᠬᠤ ᠮᠥᠩᠭᠥ ᠣᠯᠭᠣᠬᠤ ᠪᠤᠶᠤ ᠨᠢᠭᠡ ᠤᠳᠠᠭ᠎ᠠ ᠦᠭᠬᠦ ᠠᠮᠢᠳᠤᠷᠠᠯ᠎ᠤᠨ ᠨᠥᠬᠥᠪᠦᠷᠢ ᠵᠡᠷᠭᠡ ᠵᠢ ᠨᠡᠮᠡᠵᠦ ᠣᠯᠭᠣᠬᠤ ᠵᠢ ᠵᠣᠷᠢᠭᠵᠢᠭᠤᠯᠤᠨ᠎ᠠ᠃ 《ᠨᠠᠰᠤᠳᠠᠢ᠌ᠴᠤᠳ ᠬᠡᠤᠬᠡᠳ》᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠰᠢᠯᠢᠳᠡᠭᠵᠢᠭᠦᠯᠬᠦ ᠲᠠᠯ᠎ᠠ᠎ᠪᠠᠷ᠂ ᠪᠥᠬᠥ ᠨᠡᠢ᠌ᠭᠡᠮ᠎ᠤᠨ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ ᠵᠢ ᠠᠬᠢᠭᠤᠯᠵᠤ᠂ ᠣᠷᠣᠨ ᠨᠤᠲᠤᠭ᠎ᠤᠨ ᠲᠤᠷᠰᠢᠯᠲᠠ ᠵᠢᠨ ᠴᠡᠭ᠎ᠤᠨ ᠰᠦᠪᠡᠭᠴᠢᠯᠡᠯᠲᠡ ᠵᠢ ᠳᠡᠮᠵᠢᠵᠦ᠂ ᠣᠯᠠᠨ ᠳᠠᠪᠬᠤᠷᠭ᠋ᠠᠲᠤ ᠪᠠᠷᠢᠯᠭ᠎ᠠ᠎ᠳᠤ ᠴᠠᠬᠢᠯᠭ᠋ᠠᠨ ᠱᠠᠲᠤ ᠨᠡᠮᠡᠵᠦ ᠤᠭᠰᠠᠷᠠᠬᠤ ᠪᠠ ᠨᠠᠰᠤᠲᠠᠢ᠌ᠴᠤᠳ᠎ᠤᠨ ᠬᠣᠭᠣᠯᠠ ᠤᠮᠳᠠ ᠵᠢᠨ ᠦᠢ᠍ᠯᠡᠴᠢᠯᠡᠭᠡ ᠵᠢ ᠬᠥᠭᠵᠢᠭᠦᠯᠬᠦ ᠵᠢ ᠪᠦᠬᠦᠯᠢ ᠴᠣᠭᠴᠠ᠎ᠪᠠᠷ᠎ᠨᠢ ᠠᠬᠢᠭᠤᠯᠬᠤ ᠬᠡᠷᠡᠭᠲᠡᠢ᠃ ᠥᠲᠡᠯᠬᠦ ᠵᠢ  ᠰᠡᠷᠬᠡᠢ᠌ᠯᠡᠬᠦ᠂ ᠪᠤᠭᠤᠷᠤᠯᠴᠤᠳ᠎ᠤᠨ ᠵᠢᠭᠤᠯᠴᠢᠯᠠᠯ ᠵᠡᠷᠭᠡ ᠠᠵᠤ ᠦᠢ᠍ᠯᠡᠰ᠎ᠢ ᠢᠳᠡᠪᠬᠢᠲᠡᠢ ᠬᠥᠭᠵᠢᠭᠦᠯᠵᠦ᠂ ᠪᠤᠭᠤᠷᠤᠯᠴᠤᠳ᠎ᠤᠨ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠨᠦᠬᠡᠴᠨ ᠬᠦᠴᠦᠨ᠎ᠢ ᠪᠠᠳᠠᠷᠠᠭᠤᠯᠤᠨ᠎ᠠ ᠃ ᠨᠡᠢ᠌ᠭᠡᠮ᠎ᠤᠨ ᠬᠦᠴᠦᠨ᠎ᠤ ᠨᠠᠰᠤᠵᠢᠯ᠎ᠤᠨ ᠠᠰᠠᠷᠠᠮᠵᠢ ᠵᠢᠨ ᠨᠠᠢ᠌ᠳᠠᠨ ᠬᠥᠮᠥᠵᠢᠭᠦᠯᠬᠦ ᠦᠢ᠍ᠯᠡᠴᠢᠯᠡᠭᠡ ᠵᠢ ᠬᠥᠭᠵᠢᠭᠦᠯᠬᠦ ᠵᠢ ᠳᠡᠮᠵᠢᠨ ᠵᠢᠷᠤᠮᠵᠢᠭᠤᠯᠵᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ ᠲᠡᠭᠦᠯᠳᠡᠷᠵᠢᠭᠦᠯᠬᠦ ᠵᠡᠷᠭᠡ ᠪᠣᠯᠣᠨ᠎ᠠ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


    ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠨᠡᠢ᠌ᠭᠡᠮ᠎ᠤᠨ ᠠᠵᠢᠯ᠎ᠤᠨ ᠬᠡᠯᠲᠡᠰ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ᠎ᠬᠢᠨ᠎ᠲᠠᠢ ᠬᠠᠮᠲᠤᠷᠠᠨ 《ᠲᠦᠩᠯᠢᠶᠣᠣ ᠬᠣᠲᠠ ᠵᠢᠨ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠤᠨ ᠲᠣᠪᠣᠢ᠌ᠮ᠎ᠠ ᠠᠰᠠᠭᠤᠳᠠᠯ᠎ᠢ  ᠴᠡᠭᠴᠡᠯᠡᠬᠦ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ》᠎ᠢ ᠲᠠᠷᠤᠮᠠᠯᠯᠠᠨ ᠲᠠᠷᠬᠠᠭ᠋ᠠᠵᠤ ᠠᠵᠢᠯ ᠲᠦᠷᠦᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠯᠲᠠ ᠬᠣᠴᠤᠷᠤᠩᠭᠤᠢ᠂ ᠳᠣᠲᠣᠭ᠋ᠠᠳᠤ ᠵᠢᠨ ᠵᠠᠰᠠᠯᠲᠠ ᠲᠡᠭᠦᠯᠳᠡᠷᠵᠢᠭᠡᠳᠦᠢ᠂ ᠨᠡᠢ᠌ᠭᠡᠮᠯᠢᠭ᠎ᠤᠨ ᠰᠦᠢ᠍ᠳᠬᠡᠯ ᠬᠤᠷᠢᠶᠠᠬᠤ᠎ᠨᠢ ᠵᠢᠷᠤᠮᠵᠢᠭᠤᠨ ᠪᠤᠰᠤ᠂ ᠬᠡᠰᠡᠭ ᠠᠵᠢᠯᠯᠠᠭ᠎ᠠ ᠵᠢ ᠴᠠᠭ ᠲᠤᠬᠠᠢ᠎ᠳᠤ᠎ᠨᠢ ᠳᠠᠩᠰᠠᠯᠠᠭᠤᠯᠤᠭᠰᠠᠨ ᠦᠭᠡᠢ ᠵᠡᠷᠭᠡ 10 ᠲᠦᠷᠦᠯ᠎ᠤᠨ ᠠᠰᠠᠭᠤᠳᠠᠯ᠎ᠲᠠᠢ ᠤᠶᠠᠯᠳᠤᠭᠤᠯᠤᠨ ᠲᠥᠪᠯᠡᠷᠡᠭᠦᠯᠦᠨ ᠴᠡᠭᠴᠡᠯᠡᠪᠡ᠃  ᠴᠡᠭᠴᠡᠯᠡᠯᠳᠡ ᠵᠢ 2025 ᠣᠨ᠎ᠤ 3 ᠳ᠋ᠤᠭ᠋ᠠᠷ ᠰᠠᠷ᠎ᠠ ᠵᠢᠨ ᠡᠬᠢᠨ᠎ᠠᠴᠠ 6 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠶᠠᠪᠤᠬᠳᠠᠭᠤᠯᠵᠤ᠂ ᠪᠠᠢ᠌ᠷᠢᠯᠠᠭᠤᠯᠬᠤ᠂ ᠥᠪᠡᠷ᠎ᠢ᠎ᠪᠠᠨ ᠪᠠᠢ᠌ᠴᠠᠭ᠋ᠠᠵᠤ ᠬᠢᠨᠠᠨ ᠵᠢᠯᠤᠭᠣᠳᠬᠤ ᠪᠠ ᠬᠤᠷᠢᠶᠠᠩᠭᠤᠢ᠌ᠯᠠᠨ ᠳ᠋ᠦᠩᠨᠡᠬᠦ ᠭᠤᠷᠪᠠᠨ ᠱᠠᠲᠤ ᠦᠶ᠎ᠡ ᠬᠤᠪᠢᠶᠠᠨ᠎ᠠ᠃ ᠣᠳᠣᠬᠠᠨ᠎ᠳᠤ ᠬᠣᠲᠠ ᠬᠣᠰᠢᠭᠤ ᠬᠣᠶᠠᠷ ᠱᠠᠲᠤᠨ᠎ᠤ ᠠᠵᠢᠯ᠎ᠢ ᠵᠡᠷᠬᠡ᠎ᠪᠠᠷ ᠡᠬᠢᠯᠡᠬᠦᠯᠤᠬᠡᠳ ᠬᠠᠮᠢᠶ᠎ᠠ ᠪᠦᠬᠦᠢ ᠠᠵᠢᠯ᠎ᠢ ᠡᠮᠬᠢ ᠎ᠲᠠᠢ ᠠᠬᠢᠭᠤᠯᠵᠤ ᠪᠠᠢ᠌ᠨ᠎ᠠ᠃
     ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠢᠳᠡᠪᠬᠢᠲᠡᠢ ᠵᠢᠯᠤᠭᠣᠳᠴᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ᠎ᠤ ᠵᠠᠰᠠᠯᠲᠠ ᠪᠠ ᠠᠵᠢᠯ ᠣᠯᠭᠣᠯᠲᠠ ᠵᠢᠨ ᠦᠢ᠍ᠯᠡᠰ᠎ᠢ ᠠᠬᠢᠭᠤᠯᠬᠤ᠎ᠳᠤ ᠣᠷᠣᠯᠴᠠᠭᠤᠯᠵᠤ᠂ ᠶᠡᠬᠡ ᠲᠠᠯ᠎ᠠ᠎ᠳᠤ ᠦᠢ᠍ᠯᠡᠴᠢᠯᠡᠭᠡᠳ ᠢᠯᠡᠳᠲᠡ ᠦᠷ᠎ᠡ ᠪᠦᠲᠦᠮᠵᠢ ᠣᠯᠵᠠᠢ᠃ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠠᠯ᠎ᠠ᠎ᠪᠠᠷ᠂ 1200 ᠲᠦᠮᠡᠨ ᠲᠥᠭᠥᠷᠢᠭ᠎ᠤᠨ ᠪᠡᠯᠡ ᠣᠷᠣᠭᠤᠯᠵᠤ 40 ᠭᠠᠷᠤᠢ ᠲᠦᠷᠦᠯ ᠵᠦᠢ᠍ᠯ᠎ᠢ ᠬᠡᠷᠡᠭᠵᠢᠭᠦᠯᠵᠦ 18 ᠨᠡᠷᠡᠳᠦ ᠲᠦᠷᠦᠯ ᠲᠡᠮᠳᠡᠭ᠎ᠢ ᠪᠣᠢ᠌ᠵᠢᠭᠤᠯᠤᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠬᠢᠭᠦᠯᠦᠯ ᠰᠠᠢ᠌ᠰᠢᠶᠠᠯ᠎ᠢ ᠤᠯᠠᠨ ᠤᠳᠠᠭ᠎ᠠ ᠬᠦᠷᠳᠡᠪᠡ᠃ ᠠᠵᠢᠯ ᠣᠯᠭᠣᠯᠲᠠ ᠵᠢ ᠲᠤᠰᠠᠯᠠᠬᠤ  ᠲᠠᠯ᠎ᠠ᠎ᠪᠠᠷ ᠣᠶᠤᠲᠠᠳ᠎ᠲᠤ 160 ᠭᠠᠷᠤᠢ ᠠᠵᠢᠯ᠎ᠤᠨ ᠪᠠᠢ᠌ᠷᠢ ᠪᠠ ᠳᠠᠳᠤᠯᠭ᠎ᠠ ᠵᠢᠨ ᠠᠵᠢᠯ᠎ᠤᠨ ᠪᠠᠢ᠌ᠷᠢ ᠬᠠᠩᠭ᠋ᠠᠵᠤ 110  ᠤᠶᠤᠳᠠᠳ᠎ᠢ ᠬᠠᠪᠰᠤᠷᠤᠨ ᠠᠵᠢᠯ ᠣᠯᠭᠣᠪᠠ᠃ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠠᠯ᠎ᠠ᠎ᠪᠠᠷ᠂ ᠡᠯ᠎ᠡ ᠵᠦᠢ᠍ᠯ᠎ᠤᠨ  ᠵᠠᠭᠤᠷᠠᠯᠳᠤᠭ᠋ᠠᠨ᠎ᠢ 1800 ᠭᠠᠷᠤᠢ ᠡᠶᠡᠳᠡᠭᠦᠯᠵᠦ ᠬᠡᠷᠡᠭ᠎ᠲᠤ ᠬᠣᠯᠪᠣᠭᠳᠠᠭᠰᠠᠨ ᠵᠣᠭᠣᠰ᠎ᠤᠨ ᠲᠣᠭ᠎ᠠ᠎ᠨᠢ 1 ᠳ᠋ᠦᠩᠰᠢᠭᠤᠷ ᠲᠥᠭᠥᠷᠢᠭ᠎ᠢ ᠳᠠᠪᠠᠵᠤ ᠵᠠᠷᠭᠤ ᠵᠢᠨ ᠵᠠᠷᠤᠳᠠᠯ᠎ᠢ 140 ᠲᠦᠮᠡ ᠭᠠᠷᠤᠢ ᠲᠥᠭᠥᠷᠢᠭ ᠠᠷᠪᠢᠯᠠᠪᠠ᠃


ᠨᠡᠢ᠌ᠭᠡᠮ᠎ᠤᠨ ᠶᠠᠪᠤᠳᠠᠯ
  
  ᠪᠤᠭᠤᠲᠤ ᠬᠣᠲᠠ ᠵᠢᠨ᠎ᠬᠢᠨ ᠤᠷᠴᠢᠮ᠎ᠳᠤ 2025 ᠣᠨ᠎ᠤ ᠬᠠᠩᠰᠢ ᠵᠢᠨ ᠲᠠᠬᠢᠯᠭ᠎ᠠ ᠵᠢᠨ ᠠᠵᠢᠯ᠎ᠤᠨ ᠬᠤᠷᠠᠯ ᠬᠤᠷᠠᠯᠳᠤᠭᠤᠯᠵᠤ᠂ ᠬᠠᠩᠰᠢ ᠵᠢᠨ ᠲᠠᠬᠢᠯᠭ᠎ᠠ ᠵᠢᠨ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠪᠥᠬᠥ ᠲᠠᠯ᠎ᠠ᠎ᠪᠠᠷ ᠪᠠᠢ᠌ᠷᠢᠯᠠᠭᠤᠯᠪᠠ᠃ ᠬᠤᠷᠠᠯ ᠲᠡᠬᠡᠷ᠎ᠡ  ᠬᠠᠷᠢᠭᠤᠴᠠᠯᠭ᠎ᠠ ᠡᠬᠦᠷᠬᠡᠯᠡᠯ᠎ᠢ ᠴᠢᠩᠭ᠋ᠠᠳᠬᠠᠵᠤ᠂ ᠰᠠᠯᠠᠭ᠎ᠠ ᠮᠥᠴᠢᠷ᠎ᠤᠨ ᠬᠠᠮᠲᠤᠷᠠᠯᠴᠠᠭ᠎ᠠ ᠵᠢ ᠵᠣᠬᠢᠴᠠᠭᠤᠯᠵᠤ᠂ ᠠᠮᠤᠷ ᠲᠦᠪᠰᠢᠨ᠎ᠤ ᠬᠡᠮ ᠰᠣᠭᠣᠭ᠎ᠤᠨ ᠶᠡᠬᠡ ᠪᠠᠢ᠌ᠴᠠᠭ᠋ᠠᠯᠲᠠ ᠵᠢ ᠥᠷᠨᠢᠭᠦᠯᠵᠦ᠂  ᠳᠠᠬᠢᠯᠭ᠎ᠠ ᠵᠢᠨ ᠠᠵᠢᠯ᠎ᠤᠨ ᠠᠶᠤᠯ ᠦᠬᠡᠢ ᠵᠢᠨ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠳᠡᠢ᠃ ᠴᠢᠩᠭ᠎ᠠ ᠵᠣᠬᠢᠶᠠᠨ ᠪᠠᠢ᠌ᠭᠤᠯᠤᠨ ᠪᠠᠲᠤᠯᠠᠵᠤ᠂ ᠪᠠᠢ᠌ᠳᠠᠯ᠎ᠢ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠨ᠂ ᠲᠠᠬᠢᠯᠭ᠎ᠠ ᠵᠢᠨ ᠲᠠᠯᠠᠪᠤᠷ ᠪᠠ ᠡᠷᠬᠢᠨ ᠲᠣᠭᠣᠷᠢᠨ᠎ᠤ ᠬᠥᠮᠥᠰ᠎ᠢ ᠰᠠᠯᠭ᠋ᠠᠨ ᠲᠣᠬᠢᠷᠠᠭᠤᠯᠬᠤ᠂ ᠵᠠᠮ ᠬᠠᠷᠢᠯᠴᠠᠭ᠎ᠠ ᠵᠢ ᠨᠡᠪᠲᠡᠷᠡᠭᠦᠯᠬᠦ᠂ ᠭᠠᠯ᠎ᠤᠨ ᠢᠷᠡᠯᠲᠡ ᠵᠢ ᠬᠠᠮᠢᠶᠠᠷᠤᠨ ᠡᠵᠡᠮᠳᠡᠬᠦ ᠵᠡᠷᠭᠡ ᠠᠵᠢᠯ᠎ᠢ ᠰᠠᠢ᠌ᠲᠤᠷ ᠬᠢᠵᠦ᠂ ᠲᠠᠬᠢᠯᠭ᠎ᠠ ᠵᠢᠨ ᠠᠮᠤᠷ ᠲᠦᠪᠰᠢᠨ ᠡᠮᠬᠢ ᠳᠢᠭᠯᠢᠮ᠎ᠲᠠᠢ ᠪᠠᠢ᠌ᠬᠤ ᠵᠢ ᠪᠠᠲᠤᠯᠠᠬᠤ ᠬᠡᠷᠡᠭᠲᠡᠢ᠃ ᠵᠠᠩ ᠳᠠᠳᠬᠠᠯ᠎ᠢ ᠦᠬᠡᠷᠡᠴᠢᠯᠡᠯᠳᠡ ᠵᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠤᠬᠠᠭᠤᠯᠤᠨ ᠪᠣᠯᠪᠠᠰᠤᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠲᠠᠬᠢᠯᠭ᠎ᠠ ᠦᠢ᠍ᠯᠡᠳᠬᠦ᠎ᠪᠠᠷ ᠤᠪᠤᠭ᠋ᠠᠷᠠᠯᠳᠤᠬᠤ ᠦᠬᠡᠢ ᠪᠠᠢ᠌ᠬᠤ ᠵᠢ ᠢᠳᠡᠪᠬᠢᠲᠡᠢ᠎ᠪᠠᠷ ᠵᠢᠯᠤᠭᠣᠳᠴᠤ ᠣᠷᠣᠰᠢᠭᠤᠯᠭ᠎ᠠ ᠵᠢᠨ ᠪᠣᠯᠪᠠᠰᠤᠨ᠎ᠤ ᠰᠢᠨ᠎ᠡ ᠬᠡᠪ ᠰᠤᠷᠲᠠᠯ᠎ᠢ ᠪᠤᠢ ᠪᠣᠯᠭ᠋ᠠᠬᠤ ᠬᠡᠷᠡᠭᠲᠡᠢ ᠭᠡᠵᠤ ᠱᠠᠭ᠋ᠠᠷᠳᠠᠪᠠ᠃

 


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.19
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.20
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.21
ᠯᠧᠢ ᠹᠧᠩ᠎ᠤᠨ ᠵᠤᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠵᠤ ᠦᠪᠡᠷ᠎ᠠᠴᠠ᠎ᠪᠠᠨ ᠡᠬᠢᠯᠡᠵᠤ ᠨᠠᠰᠤᠳᠠᠨ᠎ᠢ ᠬᠦᠨᠳᠤᠯᠡᠶ᠎ᠡ — ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.24
 
            