ᠨᠡᠢ᠌ᠭᠡᠮ᠎ᠤᠨ ᠲᠤᠰᠠᠯᠠᠮᠵᠢ
ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠨᠡᠢ᠌ᠭᠡᠮ᠎ᠤᠨ ᠲᠤᠰᠠᠯᠠᠮᠵᠢ + ᠳᠠᠭ᠋ᠠᠳᠬᠠᠯ》᠎ᠤᠨ ᠰᠢᠨ᠎ᠡ ᠵᠠᠭᠪᠤᠷ᠎ᠢ ᠡᠬᠦᠳᠤᠨ 《ᠨᠡᠢ᠌ᠭᠡᠮ᠎ᠤᠨ ᠲᠤᠰᠠᠯᠠᠮᠵᠢ ᠵᠢᠨ ᠳᠠᠭ᠋ᠠᠳᠬᠠᠯ》 ᠵᠶ᠋ᠠᠷ ᠬᠦᠴᠢᠷᠳᠡᠯᠲᠡᠢ ᠬᠦᠮᠦᠰ᠎ᠢ ᠲᠤᠰᠠᠯᠠᠬᠤ ᠲᠥᠷᠥ ᠵᠢᠨ ᠪᠣᠳᠣᠯᠭ᠎ᠠ᠎ᠠᠴᠠ ᠭᠠᠳᠠᠨᠠᠬᠢ ᠴᠢᠬᠤᠯᠠ ᠨᠥᠬᠥᠪᠦᠷᠢ ᠪᠣᠯᠭ᠋ᠠᠪᠠ᠃ ᠣᠳᠣᠬᠠᠨ᠎ᠳᠤ ᠰᠢᠯᠢ ᠵᠢᠨ ᠭᠤᠤᠯ ᠠᠢ᠌ᠮᠠᠭ᠎ᠤᠨ ᠦᠵᠦᠮᠦᠴᠢᠨ ᠬᠣᠰᠢᠭᠤ᠂ ᠦᠵᠦᠮᠦᠴᠢᠨ ᠪᠠᠷᠠᠭᠤᠨ ᠬᠣᠰᠢᠭᠤ᠂ ᠤᠯᠠᠭ᠋ᠠᠢ ᠬᠠᠮᠢᠶᠠᠷᠤᠯᠲᠠ ᠵᠢᠨ ᠣᠷᠣᠨ᠎ᠳᠤ 7 ᠰᠠᠷ᠎ᠠ ᠵᠢᠨ ᠲᠤᠷᠰᠢᠯᠲᠠ ᠵᠢᠨ ᠴᠡᠭ᠎ᠤᠨ ᠠᠵᠢᠯ᠎ᠢ ᠦᠷᠨᠢᠬᠦᠯᠤᠬᠡᠳ ᠬᠥᠳᠡᠯᠦᠩᠭᠦᠢ᠎ᠪᠠᠷ ᠬᠢᠨᠠᠬᠤ᠂ ᠡᠬᠢ ᠪᠠᠶᠠᠯᠢᠭ᠎ᠢ ᠡᠮᠬᠢᠯᠡᠬᠦ᠂ ᠨᠡᠢ᠌ᠭᠡᠮ ᠨᠡᠶ᠋ᠢᠲᠡ᠎ᠪᠠᠷ ᠵᠶ᠋ᠡᠨ ᠣᠷᠣᠯᠴᠠᠬᠤ᠂ ᠨᠠᠷᠢᠯᠢᠭ ᠣᠨᠣᠴᠠᠲᠠᠢ ᠲᠡᠳᠬᠦᠬᠦ ᠪᠠ ᠬᠠᠷᠢᠯᠴᠠᠨ ᠠᠬᠢᠭᠤᠯᠬᠤ ᠠᠵᠢᠯᠯᠠᠭ᠋ᠠᠨ᠎ᠤ ᠲᠣᠭᠲᠠᠴᠠ ᠵᠢ ᠠᠩᠬ᠎ᠠ ᠠᠯᠬᠤᠮ ᠪᠠᠢ᠌ᠭᠤᠯᠵᠤ᠂ ᠬᠦᠴᠢᠷᠳᠡᠯᠲᠡᠢ ᠣᠯᠠᠨ ᠲᠦᠮᠡᠨ᠎ᠳᠤ ᠦᠨᠡᠨ ᠬᠦ᠌ ᠪᠦᠲᠦᠮᠵᠢᠲᠡᠶ ᠬᠠᠪᠰᠤᠷᠤᠯᠭ᠎ᠠ ᠦᠵᠡᠭᠦᠯᠪᠡ᠃ ᠲᠤᠷᠰᠢᠯᠲᠠ ᠬᠢᠭᠰᠡᠨ ᠭᠠᠵᠠᠷ ᠣᠷᠣᠨ᠎ᠤ ᠳᠠᠭ᠋ᠠᠭ᠋ᠠᠴᠢᠯᠠᠭᠰᠠᠨ ᠬᠥᠮᠥᠨ᠎ᠤ ᠲᠣᠭ᠎ᠠ 8000 ᠭᠠᠷᠤᠢ ᠬᠥᠮᠥᠨ᠎ᠳᠤ ᠬᠦᠷᠴᠦ᠂ 12 ᠤᠳᠠᠭ᠎ᠠ ᠲᠥᠯᠥᠪᠦᠷᠢ ᠥᠭᠴᠦ ᠲᠥᠯᠥᠪᠦᠷᠢ ᠵᠢᠨ ᠵᠣᠭᠣᠰ᠎ᠤᠨ ᠲᠣᠭ᠎ᠠ᠎ᠨᠢ ᠨᠡᠶ᠋ᠢᠲᠡ 13.88 ᠲᠦᠮᠡᠨ ᠲᠥᠭᠥᠷᠢᠭ᠎ᠲᠤ ᠬᠦᠷᠦᠭᠰᠡᠨ ᠪᠠᠢ᠌ᠨ᠎ᠠ᠃
ᠦᠬᠠᠢ ᠬᠣᠲᠠ ᠵᠢᠨ᠎ᠬᠢᠨ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠵᠠᠭᠪᠤᠷ᠎ᠢ ᠦᠷᠭᠦᠯᠵᠢᠯᠡᠨ ᠲᠡᠭᠦᠯᠳᠡᠷᠵᠢᠭᠦᠯᠵᠦ᠂ ᠪᠥᠬᠥ ᠤᠯᠤᠰ᠎ᠤᠨ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠲᠤᠷᠰᠢᠯᠲᠠ ᠴᠡᠭ ᠵᠶ᠋ᠡᠷ ᠰᠤᠡᠭᠭᠤᠬᠳᠠᠬᠰᠠᠨ ᠵᠶ᠋ᠡᠷ ᠲᠣᠬᠢᠶᠠᠯ ᠪᠣᠯᠭ᠋ᠠᠵᠤ᠂ 《ᠵᠣᠭᠣᠰ + ᠪᠣᠳᠠᠲᠤ ᠪᠣᠳᠠᠰ + ᠦᠢ᠍ᠯᠡᠴᠢᠯᠡᠭᠡ》 ᠵᠢᠨ ᠨᠡᠢ᠌ᠭᠡᠮ᠎ᠤᠨ ᠲᠤᠰᠠᠯᠠᠮᠵᠢ ᠵᠢᠨ ᠵᠠᠭᠪᠤᠷ᠎ᠢ ᠲᠡᠬᠦᠯᠳᠡᠷᠵᠢᠬᠦᠯᠤᠬᠡᠳ 《ᠡᠬᠢ ᠪᠠᠶᠠᠯᠢᠭ᠎ᠢ ᠬᠣᠯᠪᠣᠬᠤ᠂ ᠬᠦᠷᠢᠶ᠎ᠡ ᠬᠡᠪᠴᠢᠶ᠎ᠡ ᠵᠢ ᠲᠣᠭᠲᠠᠭ᠋ᠠᠬᠤ᠂ ᠠᠭᠤᠯᠭ᠎ᠠ ᠵᠢ ᠲᠣᠳᠣᠷᠬᠠᠢ᠌ᠯᠠᠬᠤ᠂ ᠦᠢ᠍ᠯᠡᠴᠢᠯᠡᠭᠡ ᠥᠷᠨᠢᠭᠦᠯᠬᠦ᠂ ᠲᠠᠩᠰᠠ ᠡᠪᠬᠡᠮᠡᠯ ᠪᠠᠶ᠋ᠢᠭᠤᠯᠬᠤ᠂ ᠬᠢᠨᠠᠯᠲᠠ ᠲᠠᠯᠪᠢᠵᠤ ᠦᠨᠡᠯᠡᠬᠦ》 ᠵᠢᠷᠭᠤᠭ᠋ᠠᠨ ᠠᠯᠬᠤᠮ᠎ᠤᠨ ᠠᠵᠢᠯ᠎ᠤᠨ ᠠᠷᠭ᠎ᠠ ᠵᠢ ᠡᠭᠦᠳᠦᠨ 3 ᠲᠥᠷᠥᠯ᠎ᠤᠨ 20 ᠪᠣᠳᠠᠲᠠᠢ ᠦᠢ᠍ᠯᠡᠴᠢᠯᠡᠭᠡ ᠵᠢ ᠰᠢᠯᠢᠳᠡᠭᠵᠢᠭᠦᠯᠦᠨ᠂ ᠬᠦᠴᠢᠷᠳᠡᠯᠲᠡᠢ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠠᠮᠤᠭᠤᠯᠠᠡᠭ ᠲᠥᠷᠥᠭᠳᠡᠯ᠎ᠢ ᠲᠠᠰᠤᠷᠠᠯᠲᠠ ᠦᠭᠡᠢ ᠲᠡᠭᠡᠭᠰᠢᠯᠡᠬᠦᠯᠤᠬᠡᠳ 2025 ᠣᠨ᠎ᠳᠤ ᠬᠦᠴᠢᠷᠳᠡᠯᠲᠡᠢ ᠤᠯᠠᠨ ᠲᠦᠮᠡᠨ᠎ᠳᠤ 2658 ᠤᠳᠠᠭ᠎ᠠ ᠦᠢ᠍ᠯᠡᠴᠢᠯᠡᠪᠡ᠃
ᠨᠢᠬᠦᠯᠡᠰᠤᠡᠭᠭᠦᠢ ᠵᠢᠨ ᠦᠢ᠍ᠯᠡᠰ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠥᠷᠲᠡᠭᠡ ᠵᠢᠨ ᠦᠢ᠍ᠯᠡᠴᠢᠯᠡᠭᠡᠨ᠎ᠤ ᠴᠢᠳᠠᠮᠵᠢ ᠵᠢ ᠭᠦᠨᠵᠡᠭᠡᠢ᠌ᠷᠡᠭᠦᠯᠵᠦ᠂ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠥᠷᠲᠡᠭᠡ ᠵᠢ ᠵᠢᠯᠣᠭᠣᠳᠤᠨ ᠨᠢᠭᠦᠯᠡᠰᠦᠩᠭᠦᠢ ᠵᠢᠨ ᠡᠬᠢ ᠪᠠᠶᠠᠯᠢᠭ᠎ᠢ ᠬᠣᠯᠪᠣᠵᠤ ᠲᠣᠬᠣᠨᠢᠭᠤᠯᠬᠤ ᠠᠵᠢᠯᠯᠠᠭ᠎ᠠ ᠵᠢ ᠢᠳᠡᠪᠬᠢᠲᠡᠢ ᠦᠷᠨᠢᠬᠦᠯᠤᠬᠡᠳ ᠨᠡᠢ᠌ᠭᠡᠮ ᠲᠣᠭᠣᠷᠢᠭ᠎ᠤᠨ ᠥᠨᠥᠴᠢᠨ ᠪᠡᠯᠪᠡᠰᠦᠨ ᠨᠠᠰᠤᠲᠠᠨ᠂ ᠬᠦᠴᠢᠷᠳᠡᠯᠲᠡᠢ ᠣᠯᠠᠨ ᠲᠦᠮᠡᠨ᠎ᠢ ᠨᠠᠷᠢᠯᠢᠭ ᠣᠨᠣᠴᠠᠲᠠᠢ ᠲᠡᠳᠬᠦᠬᠦ᠎ᠪᠠᠷ ᠭᠣᠣᠯᠳᠠᠯᠭ᠎ᠠ ᠪᠣᠯᠭ᠋ᠠᠨ᠂ 《ᠪᠣᠳᠠᠰ ᠵᠶ᠋ᠠᠷ ᠲᠤᠰᠠᠯᠠᠬᠤ + ᠰᠡᠳᠬᠢᠯ᠎ᠢ ᠳᠤᠯᠠᠭ᠋ᠠᠴᠠᠭᠤᠯᠬᠤ ᠦᠢ᠍ᠯᠡᠴᠢᠯᠡᠭᠡ + ᠬᠠᠯᠠᠮᠵᠢᠯᠠᠬᠤ》 ᠵᠡᠷᠬᠡ ᠣᠯᠠᠨ ᠵᠠᠭᠪᠤᠷ ᠵᠶ᠋ᠠᠷ ᠨᠡᠢ᠌ᠭᠡᠮ᠎ᠤᠨ᠎ᠬᠢᠨ᠎ᠤ ᠬᠠᠯᠠᠮᠵᠢ ᠵᠢ ᠳᠠᠮᠵᠢᠭᠤᠯᠪᠠ᠃ 3 ᠳ᠋ᠤᠭ᠋ᠠᠷ ᠰᠠᠷ᠎ᠠ᠎ᠠᠴᠠ ᠨᠠᠭ᠋ᠠᠰᠢ ᠨᠡᠢ᠌ᠭᠡᠮ ᠲᠣᠭᠣᠷᠢᠭ᠎ᠤᠨ ᠭᠤᠤᠨᠢ ᠨᠠᠰᠤᠲᠠᠨ᠂ ᠵᠡᠮᠳᠡᠭ ᠭᠡᠷ ᠪᠦᠯᠢ ᠵᠡᠷᠭᠡ 15 ᠡᠷᠦᠬᠡ ᠵᠢ ᠲᠣᠬᠣᠨᠢᠭᠤᠯᠵᠤ ᠰᠠᠭᠤᠭ᠋ᠠᠯᠢ ᠠᠷᠠᠳ᠎ᠲᠤ50 ᠭᠠᠷᠤᠢ ᠤᠳᠠᠭ᠎ᠠ ᠦᠢ᠍ᠯᠡᠴᠢᠯᠡᠬᠡᠳ10 ᠭᠠᠷᠤᠢ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠵᠦ ᠨᠡᠢ᠌ᠭᠡᠮ ᠲᠣᠭᠣᠷᠢᠭ᠎ᠤᠨ ᠣᠯᠠᠨ ᠲᠦᠮᠡᠨ᠎ᠤ ᠰᠠᠢ᠌ᠨ ᠦᠨᠡᠯᠡᠯᠲᠡ ᠵᠢ ᠣᠯᠵᠠᠢ᠃
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠪᠥᠬᠥ ᠬᠣᠲᠠ ᠵᠢᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠺᠠᠳ᠋ᠷ ᠠᠵᠢᠯᠲᠠᠨ᠎ᠢ ᠵᠣᠬᠢᠶᠠᠨ ᠪᠠᠢ᠌ᠭᠤᠯᠤᠨ 《ᠨᠢᠭᠦᠯᠡᠰᠦᠩᠭᠦᠢ ᠵᠢᠨ ᠨᠢᠭᠡ ᠡᠳᠦᠷ᠎ᠤᠨ ᠬᠠᠨᠳᠢᠪᠯᠡᠯ》᠎ᠤᠨ ᠠᠵᠢᠯᠯᠠᠭ᠎ᠠ ᠥᠷᠨᠢᠭᠦᠯᠵᠦ᠂ 400 ᠭᠠᠷᠤᠢ ᠺᠠᠳ᠋ᠷ ᠠᠵᠢᠯᠲᠠᠨ ᠨᠡᠶ᠋ᠢᠲᠡ 4.3 ᠲᠦᠮᠡᠨ ᠲᠥᠭᠥᠷᠢᠭ᠎ᠤᠨ ᠬᠨᠨᠳᠢᠪ ᠮᠥᠩᠭᠥ ᠴᠤᠭᠯᠠᠭᠤᠯᠪᠠ᠃ ᠡᠨᠡ ᠭᠦ᠌ ᠮᠥᠩᠭᠥ ᠵᠢ ᠬᠦᠴᠢᠷᠳᠡᠯ᠎ᠲᠠᠢ ᠭᠡᠷ ᠪᠦᠯᠢ᠂ ᠥᠨᠥᠴᠢᠨ ᠪᠡᠯᠪᠡᠰᠦᠨ ᠨᠠᠰᠤᠲᠠᠨ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ ᠵᠡᠷᠭᠡ ᠪᠠᠭᠤᠷᠠᠢ ᠬᠦᠮᠦᠰ᠎ᠢ ᠲᠡᠳᠬᠦᠬᠦ᠎ᠳᠤ ᠬᠡᠷᠡᠭᠯᠡᠵᠦ᠂ ᠪᠥᠬᠥ ᠨᠡᠢ᠌ᠭᠡᠮ ᠵᠶ᠋ᠡᠷ ᠵᠶ᠋ᠡᠨ ᠨᠢᠭᠦᠯᠡᠰᠦᠩᠭᠦᠢ ᠵᠢᠨ ᠦᠢ᠍ᠯᠡᠰ᠎ᠢ ᠬᠠᠯᠠᠮᠵᠢᠯᠠᠨ ᠳᠡᠮᠵᠢᠬᠦ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠣᠶ ᠪᠤᠯᠭ᠋ᠠᠬᠤ ᠪᠤᠯᠤᠨ᠎ᠠ᠃
ᠣᠷᠣᠨ᠎ᠤ ᠭᠠᠳᠠᠨᠠᠬᠢ ᠮᠡᠳᠡᠭᠡ ᠵᠠᠩᠭᠢ
ᠯᠢᠶᠣᠤᠨᠢᠩ ᠮᠤᠵᠢ ᠵᠢᠨ᠎ᠬᠢᠨ 3 ᠳ᠋ᠤᠭ᠋ᠠᠷ ᠰᠠᠷ᠎ᠠ ᠵᠢᠨ 19᠎ᠤ ᠡᠳᠦᠷ 2025 ᠣᠨ᠎ᠤ ᠪᠥᠬᠥ ᠮᠤᠵᠢ ᠵᠢᠨ ᠨᠠᠰᠤᠲᠠᠢ᠌ᠴᠤᠳ᠎ᠤᠨ ᠠᠵᠢᠯ᠎ᠤᠨ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ᠄ 《ᠬᠥᠮᠥᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠬᠠᠷᠢᠭᠤᠴᠠᠯᠭ᠋ᠠᠲᠤ ᠰᠡᠳᠬᠢᠯᠭᠡ ᠪᠣᠯᠣᠨ ᠲᠤᠯᠭ᠋ᠠᠮ ᠰᠡᠳᠬᠢᠯᠭᠡ᠎ᠪᠠᠨ ᠴᠢᠨᠠᠭᠰᠢᠳᠠ ᠴᠢᠩᠭ᠋ᠠᠳᠬᠠᠬᠤ ᠬᠡᠷᠡᠭᠲᠡᠢ᠃ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠲᠡᠭᠦᠰᠬᠡᠯ ᠪᠠ ᠠᠷᠪᠠᠨ ᠲᠠᠪᠤᠳᠤᠭ᠋ᠠᠷ ᠲᠠᠪᠤᠨ ᠵᠢᠯ᠎ᠤᠨ ᠲᠥᠯᠦᠪᠵᠢᠭᠦᠯᠭᠡ ᠵᠢ ᠲᠥᠯᠥᠪᠵᠢᠭᠦᠯᠬᠦ ᠠᠵᠢᠯ᠎ᠢ ᠨᠢᠭᠡᠳᠦᠯᠲᠡᠢ ᠲᠥᠯᠥᠪᠯᠡᠨ ᠰᠠᠢ᠌ᠲᠤᠷ ᠬᠢᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠦᠨ᠂ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠰᠢᠯᠢᠳᠡᠭᠵᠢᠬᠦᠯᠤᠬᠡᠳ ᠡᠷᠡᠭᠦᠯ ᠮᠡᠨᠳᠤ ᠵᠢᠨ ᠲᠤᠯᠭ᠋ᠠᠭᠤᠷᠢᠯᠠᠬᠤ ᠰᠢᠰᠲ᠋ᠧᠮ᠎ᠢ ᠴᠢᠩᠭ᠋ᠠᠷᠠᠭᠤᠯᠵᠤ᠂ ᠪᠤᠭᠤᠷᠤᠯᠴᠤᠳ᠎ᠤᠨ ᠠᠵᠤ ᠠᠬᠤᠢ ᠵᠢ ᠶᠡᠬᠡ᠎ᠪᠠᠷ ᠬᠦᠭᠵᠢᠬᠦᠯᠤᠨ ᠨᠠᠰᠤᠲᠠᠢ᠌ᠴᠤᠳ᠎ᠤᠨ ᠨᠥᠬᠥᠷᠰᠡᠭ ᠬᠡᠯᠪᠡᠷᠢ ᠵᠢᠨ ᠨᠡᠢ᠌ᠭᠡᠮ᠎ᠢ ᠪᠤᠰᠢᠭᠤᠬᠠᠨ ᠪᠠᠢ᠌ᠭᠤᠯᠬᠤ ᠬᠡᠷᠡᠭᠳᠡᠢ᠃ ᠳᠦᠷᠢᠮ᠎ᠤᠨ ᠲᠣᠭᠲᠠᠴᠠ ᠵᠢ ᠲᠡᠬᠦᠯᠳᠡᠷᠵᠢᠬᠦᠯᠤᠬᠡᠳ ᠠᠵᠢᠯ᠎ᠤᠨ ᠰᠠᠭᠤᠷᠢ ᠵᠢ ᠪᠠᠳᠤᠳᠬᠠᠨ ᠨᠠᠰᠤᠵᠢᠯ᠎ᠤᠨ ᠦᠢ᠍ᠯᠡᠰ᠎ᠲᠤ ᠪᠦᠬᠦ ᠨᠡᠢ᠌ᠭᠡᠮ ᠵᠶ᠋ᠡᠷ ᠵᠶ᠋ᠡᠨ ᠬᠠᠮᠲᠤ᠎ᠪᠠᠷ ᠣᠷᠣᠯᠴᠠᠵᠤ ᠳᠡᠮᠵᠢᠬᠦ ᠠᠵᠢᠯ᠎ᠤᠨ ᠪᠠᠢ᠌ᠷᠢᠰᠢᠯ᠎ᠢ ᠲᠦᠷᠬᠡᠬᠡᠨ ᠪᠤᠢ ᠪᠤᠯᠭ᠋ᠠᠬᠤ ᠬᠡᠷᠡᠭᠳᠡᠢ》 ᠭᠡᠵᠤ ᠴᠢᠬᠤᠯᠠᠴᠢᠯᠠᠨ ᠲᠤᠷᠠᠳᠤᠬᠰᠠᠨ ᠪᠠᠢ᠌ᠨ᠎ᠠ᠃