ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠯᠧᠢ ᠹᠧᠩ᠎ᠤᠨ ᠵᠤᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠵᠤ ᠦᠪᠡᠷ᠎ᠠᠴᠠ᠎ᠪᠠᠨ ᠡᠬᠢᠯᠡᠵᠤ ᠨᠠᠰᠤᠳᠠᠨ᠎ᠢ ᠬᠦᠨᠳᠤᠯᠡᠶ᠎ᠡ — ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄ 2025-03-21

   ᠰᠢᠨ᠎ᠡ ᠴᠠᠭ ᠦᠶ᠎ᠡ ᠵᠢᠨ ᠯᠧᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ ᠵᠢᠨ ᠨᠠᠰᠤᠲᠠᠨ ᠵᠶ᠋ᠠᠨ ᠬᠦᠨᠳᠦᠳᠬᠡᠨ ᠡᠷᠳᠡᠮᠲᠡᠨ ᠮᠡᠷᠭᠡᠳ᠎ᠢ ᠬᠦᠨᠳᠦᠯᠡᠬᠦ ᠨᠡᠢ᠌ᠭᠡᠮ᠎ᠤᠨ ᠰᠢᠨ᠎ᠡ ᠰᠤᠷᠲᠠᠯ᠎ᠢ ᠪᠤᠢ ᠪᠤᠯᠭ᠋ᠠᠬᠤ ᠵᠢᠨ ᠲᠦᠯᠤᠬᠡ ᠦᠪᠤᠷ ᠮᠤᠡᠭᠭᠤᠯ᠎ᠤᠨ  ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠣᠯᠣᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ 3 ᠳ᠋ᠤᠭ᠋ᠠᠷ ᠰᠠᠷ᠎ᠠ ᠵᠢᠨ 14᠎ᠤ ᠡᠳᠦᠷ  ᠥᠪᠥᠷ ᠮᠣᠩᠭᠣᠯ᠎ᠤᠨ ᠣᠶᠤᠲᠠᠳ᠎ᠤᠨ ᠦᠢ᠍ᠯᠡᠰ ᠪᠣᠰᠬᠠᠬᠤ ᠬᠣᠯᠪᠣᠭ᠋ᠠᠲᠤ ᠬᠤᠷᠠᠯ᠂ ᠠᠷᠠᠯᠵᠢᠶ᠎ᠠ ᠬᠤᠳᠠᠯᠳᠤᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ᠎ᠬᠢᠨ᠎ᠲᠠᠢ ᠬᠠᠮᠲᠤᠷᠠᠨ ᠬᠤᠳᠤᠡᠭᠴᠤᠳ᠎ᠤᠨ ᠲᠣᠭᠣᠷᠢᠭ᠎ᠤᠨ 《ᠬᠤᠢ ᠳ᠋ᠦ᠋》 ᠨᠠᠰᠤᠲᠠᠨ᠎ᠢ ᠠᠰᠠᠷᠠᠮᠵᠢ ᠵᠢᠨ 《ᠹᠦ᠋ ᠴᠢᠩ ᠴᠧᠩ ᠹᠦ᠋ ᠺᠠᠩ ᠶᠠᠡᠭ》 ᠠᠰᠠᠷᠠᠮᠵᠢ ᠵᠢᠨ ᠲᠥᠪ᠎ᠲᠤ ᠬᠦᠷᠴᠦ 《ᠯᠧᠢ ᠹᠧᠩ᠎ᠤᠨ ᠵᠤᠷᠢᠭ ᠰᠠᠨᠠᠭ᠎ᠠ ᠵᠢ ᠤᠯᠠᠮᠵᠢᠯᠠᠨ ᠵᠠᠯᠭ᠋ᠠᠮᠵᠢᠯᠠᠵᠤ ᠦᠪᠡᠷ᠎ᠠᠴᠠ᠎ᠪᠠᠨ ᠡᠬᠢᠯᠡᠵᠤ ᠨᠠᠰᠤᠳᠠᠨ᠎ᠢ ᠬᠦᠨᠳᠤᠯᠡᠶ᠎ᠡ》 ᠬᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠦᠷᠨᠢᠬᠦᠯᠤᠬᠡᠳ ᠨᠠᠰᠤᠲᠠᠢ᠌ᠴᠤᠳ᠎ᠤᠨ ᠬᠦᠷᠢᠶᠡᠯᠡᠯ᠎ᠢ ᠣᠯᠪᠠ᠃

W020250318409426981526_ORIGIN.png


    ᠠᠵᠢᠯᠯᠠᠭ᠎ᠠ ᠵᠢᠨ ᠳᠤᠮᠳᠠ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠪᠦᠲᠦᠭᠡᠨ ᠪᠠᠢ᠌ᠭᠤᠯᠤᠯᠲᠠ ᠵᠢᠨ ᠦᠨᠳᠦᠰᠦᠨ ᠪᠠᠢ᠌ᠳᠠᠯ᠂ ᠵᠤᠭ᠎ᠠ ᠴᠡᠡᠭᠬᠡᠬᠦᠨ ᠰᠡᠯᠡᠭᠦᠴᠡᠯ᠎ᠤᠨ ᠭᠠᠵᠠᠷ᠂ ᠬᠣᠭᠣᠯᠠ ᠬᠣᠨᠣᠭ ᠠᠮᠢᠳᠤᠷᠠᠯ᠎ᠤᠨ ᠲᠥᠬᠦᠭᠡᠷᠦᠮᠵᠢ ᠵᠢ ᠲᠣᠭᠣᠷᠢᠨ ᠦᠵᠡᠵᠦ᠂ ᠨᠠᠰᠤᠲᠠᠨ᠎ᠢ ᠠᠰᠠᠷᠠᠬᠤ ᠬᠦᠷᠢᠶᠡᠯᠡᠩ᠎ᠤᠨ᠎ᠬᠢᠨ᠎ᠤ ᠤᠷᠴᠢᠮ᠎ᠤᠨ ᠣᠯᠣᠭᠰᠠᠨ ᠵᠠᠷᠢᠮ ᠢᠷᠠᠭᠤ ᠠᠯᠳᠠᠷ᠎ᠢ ᠣᠢ᠌ᠯᠠᠭ᠋ᠠᠪᠠ᠃ ᠠᠵᠢᠯᠯᠠᠭ᠎ᠠ ᠵᠢ ᠬᠠᠮᠲᠤᠷᠠᠨ ᠡᠷᠬᠢᠯᠡᠭᠰᠡᠨ ᠨᠢᠬᠡᠴᠢ ᠪᠤᠯᠬᠤ ᠥᠪᠥᠷ ᠮᠣᠩᠭᠣᠯ᠎ᠤᠨ ᠠᠷᠠᠯᠵᠢᠶ᠎ᠠ ᠬᠤᠳᠠᠯᠳᠤᠭ᠋ᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ᠎ᠬᠢᠨ ᠨᠠᠰᠤᠲᠠᠢ᠌ᠴᠤᠳ᠎ᠲᠤ ᠣᠬᠣᠷᠬᠠᠨ ᠠᠪᠰᠠᠷᠬᠠᠨ ᠤᠷᠠᠨ ᠰᠠᠢ᠌ᠬᠠᠨ᠎ᠤ ᠲᠣᠭᠯᠠᠯᠲᠠ ᠭᠠᠷᠭ᠋ᠠᠪᠠ᠃ ᠲᠣᠭᠯᠠᠯᠲᠠ᠎ᠨᠢ ᠣᠷᠭᠢᠯᠤᠮ᠎ᠠ ᠬᠠᠯᠠᠭᠤᠨ ᠰᠡᠳᠬᠢᠯᠭᠡ᠎ᠲᠠᠢ 《ᠴᠦᠷᠬᠦᠯᠡᠬᠡ ᠲᠠᠭᠤᠤ》 ᠤᠳᠤ ᠦᠶ᠎ᠡ ᠵᠢᠨ ᠪᠥᠵᠢᠭ ᠵᠶ᠋ᠡᠷ ᠬᠥᠰᠢᠭᠡ᠎ᠪᠠᠨ ᠰᠡᠬᠦᠵᠦ᠂ 《ᠰᠠᠨᠠᠭᠰᠠᠨ ᠵᠶ᠋ᠡᠷ ᠪᠤᠯᠳᠤᠭ᠋ᠠᠢ》 ᠭᠡᠬᠦ ᠳᠠᠭᠤᠤ᠎ᠪᠠᠷ ᠨᠠᠰᠤᠲᠠᠢ᠌ᠴᠤᠳ᠎ᠤᠨ ᠥᠲᠡᠯᠪᠡᠯ ᠪᠠᠶᠠᠷ᠎ᠲᠠᠢ᠂ ᠰᠠᠨᠠᠭᠰᠠᠨ ᠬᠡᠷᠡᠭ᠎ᠨᠢ ᠰᠠᠨᠠᠭ᠎ᠠ᠎ᠪᠠᠷ᠎ᠨᠢ ᠪᠦᠳᠤᠬᠦ ᠰᠠᠢ᠌ᠬᠠᠨ ᠰᠠᠢ᠌ᠬᠠᠨ ᠵᠦᠡᠭᠨᠡᠯ ᠲᠡᠪᠰᠢᠬᠦᠯᠪᠡ᠃ 《ᠬᠠᠮᠲᠤ᠎ᠪᠠᠷ ᠢᠷᠡᠭᠡᠳᠦᠢ ᠵᠦᠭ ᠤᠷᠤᠭᠰᠢᠯᠠᠶ᠎ᠠ》 ᠭᠡᠬᠦ ᠪᠥᠵᠢᠭ᠎ᠨᠢ ᠨᠠᠰᠤᠲᠠᠢ᠌ᠴᠤᠳ᠎ᠤᠨ ᠰᠡᠳᠬᠢᠯ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ 《ᠯᠧᠢ ᠹᠧᠩ᠎ᠤᠨ ᠵᠣᠷᠢᠭ ᠰᠠᠨᠠᠭ᠋ᠠᠨ᠎ᠤ ᠴᠠᠭ ᠦᠶ᠎ᠡ ᠵᠢᠨ ᠬᠡᠷᠡᠯᠳᠦ ᠴᠠᠮᠬᠠᠭ》 ᠰᠢᠯᠦᠭ᠎ᠤᠨ ᠤᠷᠠᠨ ᠤᠡᠭᠰᠢᠯᠭ᠎ᠠ᠎ᠨᠢ ᠵᠠᠯᠠᠭᠤ ᠨᠢᠭᠡ ᠦᠶ᠎ᠡ ᠵᠢᠨ᠎ᠬᠢᠨ᠎ᠤ ᠴᠣᠭ ᠵᠢᠪᠬᠤᠭ᠎ᠠ ᠪᠠ ᠬᠥᠭᠡᠭᠡᠴᠡᠯᠳᠦᠯ᠎ᠢ ᠬᠥᠮᠥᠰ᠎ᠲᠤ ᠮᠡᠳᠡᠷᠡᠭᠦᠯᠪᠡ ᠁ ᠲᠤᠬᠠᠢ ᠵᠢᠨ ᠲᠠᠯᠠᠪᠠᠶ ᠵᠢᠨ ᠬᠠᠯᠠᠭᠤᠨ ᠳᠤᠯᠠᠭ᠋ᠠᠨ ᠪᠥᠭᠡᠳ ᠪᠠᠶᠠᠷ ᠬᠥᠷ᠎ᠲᠠᠢ ᠠᠭᠤᠷ ᠠᠮᠢᠰᠬᠤᠯ ᠨᠠᠰᠤᠲᠠᠢ᠌ᠴᠤᠳ᠎ᠲᠤ ᠨᠡᠢ᠌ᠭᠡᠮ᠎ᠤᠨ ᠬᠠᠯᠠᠭᠤᠨ ᠳᠤᠯᠠᠭ᠋ᠠᠨ ᠪᠠ ᠬᠠᠢ᠌ᠷ᠎ᠠ ᠬᠠᠯᠠᠮᠵᠢ ᠵᠢ ᠬᠦᠷᠲᠡᠭᠡᠵᠦ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ ᠪᠤᠯᠪᠠ᠃

W020250318409427105106_ORIGIN.png     ᠠᠵᠢᠯᠯᠠᠭ᠎ᠠ ᠵᠢᠨ ᠰᠡᠬᠦᠯ᠎ᠳᠤ ᠲᠤᠰ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢᠨ ᠭᠣᠣᠯᠯᠠᠨ ᠡᠷᠭᠢᠯᠡᠭᠰᠡᠨ ᠲᠠᠯ᠎ᠠ ᠵᠢᠨ᠎ᠬᠢᠨ ᠨᠠᠰᠤᠲᠠᠨ᠎ᠢ ᠠᠰᠠᠷᠠᠬᠤ ᠬᠦᠷᠢᠶᠡᠯᠡᠩ᠎ᠳᠤ ᠠᠮᠤ ᠪᠤᠳᠠᠭ᠎ᠠ᠂ ᠭᠤᠯᠢᠷ᠂ ᠲᠣᠰᠣ ᠬᠦᠷᠭᠡᠭᠰᠡᠨ ᠪᠠᠢ᠌ᠨ᠎ᠠ᠃ ᠤᠶᠤᠨ ᠎ᠤ ᠪᠠ ᠪᠣᠳᠠᠰ᠎ᠤᠨ 《ᠬᠣᠣᠰ ᠲᠣᠬᠣᠨᠢᠭᠤᠯᠤᠯ》 ᠵᠢᠡᠷ ᠳᠠᠮᠵᠢᠭᠤᠯᠤᠨ ᠨᠡᠢ᠌ᠭᠡᠮ᠎ᠤᠨ ᠢᠳᠡᠪᠬᠢ ᠬᠦᠴᠦᠨ᠎ᠢ ᠳᠠᠮᠵᠢᠭᠤᠯᠵᠤ ᠨᠠᠰᠤᠲᠠᠨ ᠵᠶ᠋ᠠᠨ ᠬᠦᠨᠳᠦᠯᠡᠬᠦ᠂ ᠨᠠᠰᠤᠲᠠᠨ ᠵᠶ᠋ᠠᠨ ᠬᠠᠢ᠌ᠷᠠᠯᠠᠬᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠵᠤ ᠨᠠᠰᠤᠲᠠᠢ᠌ᠴᠤᠳ᠎ᠲᠤ ᠵᠢᠷᠭ᠋ᠠᠯ᠎ᠢ ᠮᠡᠳᠡᠷᠡᠬᠦᠯᠤᠨ ᠡᠶ᠎ᠡ ᠨᠠᠶ᠋ᠢᠷᠠᠮᠳᠠᠭᠤ ᠰᠠᠢ᠌ᠬᠠᠨ ᠨᠡᠢ᠌ᠭᠡᠮ᠎ᠢ ᠪᠠᠶ᠋ᠢᠭᠤᠯᠬᠤ᠎ᠳᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ᠎ᠬᠢᠨ᠎ᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠬᠦᠯᠦᠭᠰᠡᠨ ᠶᠤᠮ᠃






ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.24
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.25
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.26
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.27
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.28
 
            