ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.24
ᠨᠡᠶᠢᠲᠡᠯᠡᠭᠰᠡᠨ ᠴᠠᠭ᠄ 2025-03-24

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠦᠳᠡᠬᠦᠰ᠎ᠤᠨ ᠨᠦᠬᠦᠪᠤᠷᠢ ᠣᠯᠭᠣᠬᠤ ᠬᠠᠮᠢᠶᠠᠷᠤᠯᠲᠠ ᠵᠢᠨ ᠰᠢᠰᠲ᠋ᠧᠮ᠎ᠤᠨ ᠪᠣᠯᠪᠠᠰᠤᠷᠠᠯ᠎ᠤᠨ ᠠᠩᠭᠢ ᠵᠢ ᠡᠷᠬᠢᠯᠡᠪᠡ᠃ ᠲᠤᠰ ᠪᠣᠯᠪᠠᠰᠤᠷᠠᠯ᠎ᠨᠢ  ᠦᠳᠡᠬᠦᠰ᠎ᠤᠨ ᠨᠦᠬᠦᠪᠤᠷᠢ ᠣᠯᠭᠣᠬᠤ ᠬᠠᠮᠢᠶᠠᠷᠤᠯᠲᠠ ᠵᠢᠨ ᠰᠢᠰᠲ᠋ᠧᠮ᠎ᠤᠨ ᠴᠢᠳᠠᠮᠵᠢ ᠵᠢᠨ ᠣᠨᠴᠠᠯᠢᠭ᠎ᠤᠨ ᠲᠣᠭᠣᠷᠢᠨ᠎ᠳᠤ ᠡᠯ᠎ᠡ ᠠᠢ᠌ᠮᠠᠭ ᠬᠣᠲᠠ ᠪᠣᠯᠣᠨ ᠬᠡᠰᠡᠭ ᠬᠣᠰᠢᠭᠤ ᠰᠢᠶᠠᠨ ᠲᠣᠭᠣᠷᠢᠭ᠎ᠤᠨ  ᠦᠳᠡᠬᠦᠰ᠎ᠤᠨ ᠨᠦᠬᠦᠪᠤᠷᠢ ᠵᠢᠨ ᠲᠤᠬᠠᠢ᠌ᠯᠠᠭᠰᠠᠨ ᠠᠵᠢᠯ᠎ᠢ ᠬᠠᠷᠢᠭᠤᠴᠠᠵᠤ ᠪᠠᠢ᠌ᠭ᠎ᠠ ᠠᠵᠢᠯᠲᠠᠳ᠎ᠲᠤ ᠲᠤᠰᠬᠠᠢ ᠰᠡᠳᠦᠪᠲᠦ ᠪᠣᠯᠪᠠᠰᠤᠷᠠᠯ ᠬᠢᠵᠦ᠂ ᠪᠣᠯᠪᠠᠰᠤᠷᠠᠯ᠎ᠤᠨ ᠲᠤᠬᠠᠢ ᠵᠢᠨ ᠲᠠᠯᠠᠪᠤᠷ᠎ᠲᠤ ᠰᠢᠰᠲ᠋ᠧᠮ᠎ᠤᠨ ᠪᠣᠳᠠᠲᠤ ᠪᠣᠯᠪᠠᠰᠤᠷᠠᠯ ᠪᠠ ᠴᠢᠳᠠᠮᠵᠢ ᠵᠢᠨ ᠰᠣᠷᠢᠯᠲᠠ ᠵᠢ ᠬᠢᠬᠦ ᠵᠢᠨ ᠬᠠᠮᠲᠤ ᠰᠠᠨᠠᠯ ᠰᠠᠨᠠᠭᠤᠯᠭ᠎ᠠ ᠵᠢ ᠬᠠᠷᠢᠭᠤ ᠲᠤᠰᠬᠠᠵᠤ᠂  ᠦᠳᠡᠬᠦᠰ᠎ᠤᠨ ᠨᠦᠬᠦᠪᠤᠷᠢ ᠣᠯᠭᠣᠬᠤ ᠬᠠᠮᠢᠶᠠᠷᠤᠯᠲᠠ ᠵᠢᠨ ᠰᠢᠰᠲ᠋ᠧᠮ᠎ᠢ ᠰᠦᠯᠵᠢᠶᠡᠨ᠎ᠳᠤ ᠣᠷᠣᠭᠤᠯᠤᠭᠰᠠᠨ᠎ᠤ ᠳᠠᠷᠠᠭ᠎ᠠ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠢ ᠨᠠᠷᠢᠯᠢᠭ ᠣᠨᠣᠴᠠᠲᠠᠢ᠎ᠪᠠᠷ ᠰᠢᠰᠲ᠋ᠧᠮ᠎ᠤᠨ ᠠᠵᠢᠯᠯᠠᠭ᠋ᠠᠨ᠎ᠳᠤ ᠰᠢᠭᠢᠳᠬᠡᠨ ᠣᠷᠣᠭᠤᠯᠬᠤ ᠵᠢ ᠪᠠᠳᠤᠯᠠᠬᠤ ᠪᠤᠯᠤᠨ᠎ᠠ᠃


  ᠶᠡᠷᠤᠡᠭᠭᠡᠢ᠌ᠯᠡᠭᠰᠡᠨ ᠠᠵᠢᠯ


   ᠤᠯᠠᠭ᠋ᠠᠨᠬᠠᠳᠠ ᠬᠤᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《1+4+10》 ᠠᠷᠠᠳ᠎ᠤᠨ ᠶᠠᠪᠤᠳᠠᠯ᠎ᠤᠨ ᠤᠬᠠᠭᠤᠯᠭ᠎ᠠ ᠵᠢᠨ ᠵᠢᠭᠰᠠᠭ᠋ᠠᠯ᠎ᠢ ᠰᠢᠨ᠎ᠡ᠎ᠪᠠᠷ ᠡᠭᠦᠳᠴᠦ 《ᠨᠢᠭᠡ ᠶᠡᠷᠦᠩᠬᠡᠢ ᠬᠠᠷᠠᠯᠲᠠ + ᠳᠦᠷᠪᠡᠨ ᠭᠣᠣᠯᠳᠠᠯᠭ᠎ᠠ᠎ᠲᠠᠢ ᠬᠦᠷᠢᠶ᠎ᠡ + ᠠᠷᠪᠠᠨ ᠲᠦᠷᠦᠯ᠎ᠤᠨ ᠠᠷᠠᠳ᠎ᠤᠨ ᠠᠮᠢᠳᠤᠷᠠᠯ᠎ᠤᠨ ᠦᠯᠢᠭᠡᠷ》᠎ᠤᠨ ᠪᠡᠶᠡᠲᠦ ᠪᠦᠲᠦᠴᠡ᠎ᠪᠠᠷ ᠳᠠᠮᠵᠢᠭᠤᠯᠵᠤ ᠪᠠᠢ᠌ᠭ᠋ᠠᠳ ᠤᠯᠠᠭ᠋ᠠᠨᠬᠠᠳᠠ ᠬᠤᠲᠠ ᠵᠢᠨ ᠠᠷᠠᠳ᠎ᠤᠨ ᠶᠠᠪᠤᠳᠠᠯ᠎ᠤᠨ ᠤᠬᠠᠭᠤᠯᠭ᠎ᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠠᠬᠢᠭᠤᠯᠪᠠ᠃ 《1》 ᠎ᠨᠢ 《ᠠᠷᠠᠳ᠎ᠤᠨ ᠶᠠᠪᠤᠳᠠᠯ᠎ᠤᠨ ᠦᠯᠢᠭᠡᠷ᠎ᠢ ᠰᠠᠢ᠌ᠲᠤᠷ ᠶᠠᠷᠢᠬᠤ》 ᠭᠣᠣᠯ ᠬᠠᠷᠠᠯᠲᠠ ᠵᠢ ᠲᠤᠬᠳᠠᠭ᠋ᠠᠪᠠ᠃ 《4》᠎ᠨᠢ ᠨᠠᠰᠤᠵᠢᠯ᠎ᠤᠨ ᠠᠰᠠᠷᠠᠮᠵᠢ ᠵᠢᠨ ᠦᠢ᠍ᠯᠡᠰ ᠠᠵᠤ ᠦᠢ᠍ᠯᠡᠰ᠎ᠤᠨ ᠬᠠᠮᠵᠢᠯᠴᠠᠨ ᠬᠥᠭᠵᠢᠬᠦ᠂ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠂ ᠲᠤᠰᠬᠠᠢ ᠲᠦᠷᠦᠯ᠎ᠤᠨ ᠬᠡᠷᠡᠭ ᠶᠠᠪᠤᠳᠠᠯ᠎ᠤᠨ ᠬᠠᠮᠢᠶᠠᠷᠤᠯᠲᠠ ᠵᠡᠷᠭᠡ ᠲᠦᠷᠪᠡᠨ ᠶᠡᠬᠡ ᠬᠦᠷᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠬᠠᠭᠤᠯᠭ᠎ᠠ ᠪᠣᠯᠣᠨ ᠲᠤᠬᠠᠢ᠌ᠯᠠᠭᠰᠠᠨ ᠠᠵᠢᠯ᠎ᠤᠨ ᠵᠡᠷᠬᠡ᠎ᠪᠠᠷ ᠬᠥᠭᠵᠢᠬᠦ ᠵᠢ  ᠪᠡᠶᠡᠯᠡᠬᠦᠯᠤᠨ᠎ᠡ᠃  《10》᠎ᠨᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠂ ᠨᠡᠢ᠌ᠭᠡᠮ᠎ᠤᠨ ᠲᠤᠰᠠᠯᠠᠮᠵᠢ᠂ ᠨᠢᠭᠦᠯᠡᠰᠦᠩᠭᠦᠢ ᠵᠢᠨ ᠨᠡᠶ᠋ᠢᠲᠡ ᠵᠢᠨ ᠠᠰᠠᠷᠠᠮᠵᠢ ᠵᠡᠷᠭᠡ ᠠᠷᠠᠳ᠎ᠤᠨ ᠠᠮᠢᠳᠤᠷᠠᠯ᠎ᠤᠨ  ᠬᠦᠷᠢᠶ᠎ᠡ ᠴᠠᠷᠠᠭ᠎ᠠ᠎ᠳᠤ᠎ᠬᠢ ᠠᠷᠪᠠᠨ ᠶᠡᠬᠡ ᠨᠡᠢ᠌ᠲᠡᠯᠢᠭ ᠵᠢᠱ᠌ᠢᠶ᠎ᠡ ᠵᠢ ᠭᠦᠨᠵᠡᠭᠡᠢ ᠠᠭᠤᠳᠠᠯᠵᠤ᠂ ᠦᠯᠢᠭᠡᠷᠴᠢᠯᠡᠭᠰᠡᠨ ᠬᠦᠦᠷᠨᠢᠯ ᠵᠶ᠋ᠡᠷ ᠠᠷᠠᠳ᠎ᠲᠤ ᠠᠰᠢᠭ ᠬᠦᠷᠲᠡᠭᠡᠬᠦ ᠲᠦᠷᠦ ᠵᠢᠨ ᠪᠣᠳᠣᠯᠭ᠎ᠠ ᠵᠢ ᠲᠠᠢ᠌ᠯᠪᠤᠷᠢᠯᠠᠬᠤ ᠪᠤᠯᠤᠨ᠎ᠠ᠃ ᠣᠳᠣᠬᠠᠨ᠎ᠳᠤ ᠲᠤᠰᠬᠠᠢ ᠰᠡᠳᠦᠪᠲᠦ ᠮᠡᠳᠡᠭᠡᠯᠡᠯ᠎ᠢ 3 ᠬᠤᠭᠤᠴᠠᠭ᠎ᠠ ᠨᠡᠢ᠌ᠲᠡᠯᠡᠵᠦ᠂ ᠬᠣᠯᠪᠣᠭᠳᠠᠯ ᠪᠦᠬᠦᠢ ᠠᠭᠤᠯᠭ᠎ᠠ ᠵᠢ ᠪᠥᠬᠥ ᠰᠦᠯᠵᠢᠶ᠎ᠡ᠎ᠪᠠᠷ 2 ᠲᠦᠮᠡᠨ ᠤᠳᠠᠭ᠎ᠠ ᠲᠠᠷᠬᠠᠭ᠋ᠠᠵᠤ᠂ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠦᠭᠵᠢᠬᠦᠯᠤᠯᠳᠡ᠎ᠳᠤ ᠰᠠᠢ᠌ᠨ ᠰᠠᠢ᠌ᠬᠠᠨ ᠶᠠᠷᠢᠶ᠎ᠠ ᠬᠡᠯᠡᠯᠴᠡᠭᠡᠨ᠎ᠤ ᠣᠷᠴᠢᠨ ᠨᠥᠬᠥᠴᠡᠯ᠎ᠢ ᠪᠣᠶ ᠪᠤᠯᠭ᠋ᠠᠵᠠᠢ᠃


ᠨᠠᠰᠤᠵᠢᠯ᠎ᠤᠨ ᠦᠢ᠍ᠯᠡᠴᠢᠯᠡᠭᠡ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠤ ᠪᠠᠢ᠌ᠭᠤᠯᠤᠭᠰᠠᠨ 《ᠤᠮᠠᠷᠠᠲᠤ ᠬᠢᠯᠢ ᠵᠢᠨ᠎ᠬᠢᠨ ᠎ᠤ ᠨᠠᠰᠣᠳᠠᠢ᠌ᠴᠤᠳ᠂ ᠥᠪᠥᠷ ᠮᠣᠩᠭᠣᠯ᠎ᠤᠨ ᠪᠤᠭᠤᠲᠤ》 ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ᠎ᠨᠢ 3 ᠳ᠋ᠤᠭ᠋ᠠᠷ ᠰᠠᠷ᠎ᠠ ᠵᠢᠨ 19᠎ᠤ ᠡᠳᠦᠷ ᠪᠥᠬᠥ ᠤᠯᠤᠰ᠎ᠤᠨ ᠨᠠᠰᠤᠲᠠᠢ᠌ᠴᠤᠳ᠎ᠤᠨ ᠠᠵᠢᠯ᠎ᠤᠨ ᠵᠥᠪᠯᠡᠯ᠎ᠤᠨ ᠠᠯᠪᠠᠨ ᠭᠡᠷ᠂ ᠳᠤᠮᠳᠠᠳᠤ ᠤᠯᠤᠰ᠎ᠤᠨ ᠨᠠᠰᠤᠲᠠᠢ᠌ᠴᠤᠳ᠎ᠤᠨ ᠨᠡᠢ᠌ᠭᠡᠮᠯᠢᠭ᠎ᠤᠨ᠎ᠬᠢᠨ᠎ᠤ ᠭᠣᠣᠯᠯᠠᠨ ᠡᠷᠭᠢᠯᠡᠭᠰᠡᠨ ᠪᠥᠬᠥ ᠤᠯᠤᠰ᠎ᠤᠨ 《ᠨᠠᠰᠤᠳᠠᠢ᠌ᠴᠤᠳ᠎ᠤᠨ ᠠᠵᠢᠯᠯᠠᠭ᠎ᠠ》 ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ ᠲᠡᠬᠡᠷ᠎ᠡ ᠵᠢᠩᠬᠢᠨᠢ᠎ᠪᠠᠷ ᠠᠰᠢᠭᠯᠠᠯᠲᠠ᠎ᠳᠤ ᠣᠷᠣᠵᠤ ᠪᠥᠬᠥ ᠤᠯᠤᠰ᠎ᠤᠨ ᠠᠩᠬᠠᠳᠠᠭᠴᠢ 《ᠨᠠᠰᠤᠳᠠᠢ᠌ᠴᠤᠳ᠎ᠤᠨ ᠠᠵᠢᠯᠯᠠᠭ᠎ᠠ》 ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ᠎ᠳᠤ ᠣᠷᠣᠭᠰᠠᠨ ᠲᠤᠰᠬᠠᠢ ᠣᠷᠣᠨ᠎ᠤ ᠲᠠᠰ᠎ᠤᠨ ᠬᠣᠲᠠ ᠵᠢᠨ ᠲᠥᠷᠥᠯ ᠵᠦᠢ᠍ᠯ ᠪᠣᠯᠤᠭᠰᠠᠨ ᠪᠠᠢ᠌ᠨ᠎ᠠ᠃ ᠲᠠᠪᠴᠠᠩ᠎ᠨᠢ  ᠨᠠᠰᠤᠳᠠᠢ᠌ᠴᠤᠳ᠎ᠤᠨ ᠣᠨ᠎ᠤ ᠰᠣᠨᠢᠨ ᠮᠡᠳᠡᠭᠡ᠂  ᠨᠠᠰᠤᠳᠠᠢ᠌ᠴᠤᠳ᠎ᠤᠨ  ᠣᠨ᠎ᠤ ᠦᠢ᠍ᠯᠡᠴᠢᠯᠡᠭᠡ᠂ ᠨᠢᠭᠡ ᠳᠠᠷᠤᠭᠤᠯ᠎ᠢ ᠬᠠᠷᠢᠯᠴᠠᠨ ᠬᠣᠯᠪᠣᠬᠤ᠂ ᠨᠠᠰᠤᠳᠠᠢ᠌ᠴᠤᠳ᠎ᠤᠨ  ᠣᠨ᠎ᠤ ᠬᠥᠳᠡᠯᠦᠯ ᠪᠠᠢ᠌ᠳᠠᠯ᠂  ᠨᠠᠰᠤᠳᠠᠢ᠌ᠴᠤᠳ᠎ᠤᠨ  ᠣᠨ᠎ᠤ ᠴᠣᠭ ᠵᠢᠪᠬᠤᠭ᠎ᠠ ᠵᠡᠷᠭᠡ ᠲᠠᠪᠤᠨ ᠶᠡᠬᠡ ᠭᠣᠣᠯ ᠬᠡᠰᠡᠭ᠎ᠢ ᠲᠣᠬᠢᠷᠠᠭᠤᠯᠵᠤ᠂ 《  ᠨᠠᠰᠤᠳᠠᠢ᠌ᠴᠤᠳ᠎ᠤᠨ ᠣᠨ᠎ᠤ ᠠᠵᠢᠯᠯᠠᠭ᠎ᠠ》 ᠵᠢᠨ ᠰᠠᠢ᠌ᠨ  ᠲᠤᠷᠠᠴᠤᠤᠯ᠎ᠤᠨ ᠰᠦᠯᠵᠢᠶᠡᠨ ᠳᠡᠭᠡᠷ᠎ᠡ ᠳᠠᠩᠰᠠᠯᠠᠭᠤᠯᠬᠤ᠂ ᠲᠥᠷᠥᠯ ᠵᠦᠢ᠍ᠯ᠎ᠢ  ᠭᠤᠶᠤᠴᠢᠯᠠᠬᠤ᠂ ᠲᠣᠭ᠎ᠠ ᠪᠠᠷᠢᠮᠲᠠ ᠵᠢ ᠯᠠᠪᠯᠠᠬᠤ᠂ ᠴᠣᠭ ᠵᠢᠪᠬᠤᠭ᠎ᠠ ᠵᠢ ᠳᠡᠯᠭᠡᠨ ᠦᠵᠡᠭᠦᠯᠬᠦ ᠵᠡᠷᠭᠡ ᠣᠯᠠᠨ ᠡᠰᠢᠲᠦ ᠴᠢᠳᠠᠮᠵᠢ ᠵᠢ ᠪᠦᠷᠢᠳᠦᠭᠦᠯᠵᠦ᠂ 《  ᠨᠠᠰᠤᠳᠠᠢ᠌ᠴᠤᠳ᠎ᠤᠨ ᠣᠨ᠎ᠤ ᠠᠵᠢᠯᠯᠠᠭ᠎ᠠ》 ᠵᠢ ᠰᠦᠯᠵᠢᠶᠡᠨ ᠳᠡᠭᠡᠷ᠎ᠡ ᠭᠦᠢ᠍ᠴᠡᠳᠬᠡᠬᠦ ᠵᠢ ᠪᠥᠬᠥ ᠲᠠᠯ᠎ᠠ᠎ᠪᠠᠷ ᠪᠡᠶᠡᠯᠡᠬᠦᠯᠦᠭᠰᠡᠨ ᠪᠠᠢ᠌ᠨ᠎ᠠ᠃
    ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《ᠨᠠᠰᠤᠲᠠᠢ᠌ᠴᠤᠳ᠎ᠢ ᠬᠠᠮᠢᠭ᠎ᠠ ᠠᠰᠠᠷᠠᠬᠤ᠂ ᠬᠡᠨ ᠦᠢ᠍ᠯᠡᠴᠢᠯᠡᠬᠦ᠂ ᠬᠡᠷᠬᠢᠨ ᠦᠢ᠍ᠯᠡᠴᠢᠯᠡᠬᠦ》 ᠭᠤᠷᠪᠠᠨ ᠶᠡᠬᠡ ᠠᠰᠠᠭᠤᠳᠠᠯ᠎ᠢ ᠰᠢᠢ᠍ᠳᠪᠦᠷᠢᠯᠡᠬᠦ ᠳᠤᠮᠳᠠ ᠠᠰᠢᠭᠲᠠᠢ ᠰᠦᠪᠡᠭᠴᠢᠯᠡᠯᠲᠡ ᠬᠢᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ ᠵᠢ 《ᠪᠠᠢ᠌ᠬᠤ》 ᠪᠠᠢ᠌ᠭᠰᠠᠨ᠎ᠠᠴᠠ 《ᠰᠢᠯᠢᠳᠡᠭ》 ᠲᠡᠢ᠌ᠰᠢ ᠪᠥᠬᠥ ᠲᠠᠯ᠎ᠠ᠎ᠪᠠᠷ ᠲᠠᠰ ᠳᠡᠪᠰᠢᠭᠦᠯᠬᠦ ᠵᠢ ᠠᠬᠢᠭᠤᠯᠪᠠ᠃ ᠰᠢᠯᠢ ᠵᠢᠨ ᠭᠤᠤᠯ ᠠᠢ᠌ᠮᠠᠭ᠎ᠲᠤ ᠤᠳᠤ ᠪᠤᠯᠳᠠᠯ᠎ᠠ  ᠡᠯ᠎ᠡ ᠲᠥᠷᠥᠯ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠪᠠ ᠲᠠᠯᠠᠪᠤᠷ ᠭᠠᠵᠠᠷ 28᠂  ᠨᠠᠰᠤᠵᠢᠯ᠎ᠤᠨ ᠠᠰᠠᠷᠠᠮᠵᠢ ᠵᠢᠨ ᠣᠷᠣ 9184 ᠪᠣᠶ᠃ ᠰᠤᠮᠤ ᠰᠢᠶᠠᠩ ᠪᠠᠯᠭ᠋ᠠᠰᠤ ᠵᠢᠨ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ ᠪᠣᠯᠣᠨ ᠭᠠᠴᠠᠭ᠎ᠠ (ᠲᠣᠰᠬᠣᠨ) ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ ᠵᠢᠨ ᠦᠢ᠍ᠯᠡᠴᠢᠯᠡᠭᠡᠨ᠎ᠤ ᠪᠦᠷᠬᠦᠴᠡ ᠵᠢᠨ ᠨᠣᠷᠮ᠎ᠠ ᠵᠢ 83%᠎ᠳᠤ ᠬᠦᠷᠴᠠᠢ᠃


ᠬᠡᠦᠬᠡᠳ᠎ᠤᠨ ᠠᠰᠠᠷᠠᠮᠵᠢ


    ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ ᠳ᠋ᠹ ᠡᠯ᠎ᠡ ᠲᠠᠯ᠎ᠠ ᠵᠢᠨ ᠡᠬᠢ ᠪᠠᠶᠠᠯᠢᠭ᠎ᠢ  ᠡᠮᠬᠢᠯᠡᠬᠡᠳ ᠨᠠᠰᠤᠨ᠎ᠳᠤ ᠦᠯᠤ ᠬᠦᠷᠦᠭᠰᠡᠳ᠎ᠤᠨ ᠠᠵᠢᠯ᠎ᠤᠨ 《ᠰᠠᠨᠠᠭ᠋ᠠᠴᠢᠯᠠᠭ᠋ᠠᠲᠤ ᠳᠠᠢ᠌ᠯᠠᠯᠳᠤᠭ᠋ᠠᠨ》᠎ᠢ ᠰᠠᠢ᠌ᠲᠤᠷ ᠬᠢᠵᠡᠢ᠃ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠬᠡᠦᠬᠡᠳ᠎ᠤᠨ ᠬᠢᠨᠠᠨ ᠵᠢᠯᠣᠭᠣᠳᠤᠭᠴᠢ᠂ ᠲᠣᠰᠬᠣᠨ (ᠰᠠᠭᠤᠭ᠋ᠠᠯᠢ ᠠᠷᠠᠳ᠎ᠤᠨ ᠵᠦᠪᠯᠡᠯ)᠎ᠤ ᠬᠡᠦᠬᠡᠳ᠎ᠤᠨ ᠡᠷᠬᠢᠯᠡᠭᠴᠢ ᠪᠠ 《  ᠨᠠᠰᠤᠨ᠎ᠳᠤ ᠦᠯᠤ ᠬᠦᠷᠦᠭᠰᠡᠳ᠎ᠤᠨ ᠠᠵᠢᠯ᠎ᠤᠨ ᠥᠷᠲᠡᠭᠡ + ᠨᠡᠢ᠌ᠭᠡᠮ᠎ᠤᠨ ᠠᠵᠢᠯ᠎ᠤᠨ ᠥᠷᠲᠡᠭᠡ》 ᠵᠢᠨ ᠠᠵᠢᠯ᠎ᠤᠨ ᠡᠭᠦᠷᠭᠡ ᠴᠢᠳᠠᠪᠤᠷᠢ ᠵᠢ ᠢᠳᠡᠪᠬᠢᠲᠡᠢ᠎ᠪᠠᠷ ᠪᠠᠳᠠᠷᠠᠭᠤᠯᠵᠤ᠂ ᠣᠨᠴᠣᠭᠤᠢ ᠬᠡᠦᠬᠡᠳ᠎ᠢ ᠲᠣᠭᠣᠷᠢᠨ ᠰᠤᠷᠪᠤᠯᠵᠢᠯᠠᠯ᠎ᠠ᠃  ᠨᠠᠰᠤᠨ᠎ᠳᠤ ᠦᠯᠤ ᠬᠦᠷᠦᠭᠰᠡᠳ᠎ᠤᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠨᠢᠬᠡᠴᠢ ᠵᠢᠨ ᠡᠭᠦᠷᠭᠡ ᠴᠢᠳᠠᠪᠤᠷᠢ ᠵᠢ ᠪᠠᠳᠠᠷᠠᠭᠤᠯᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠠᠵᠢᠯ᠎ᠤᠨ ᠤᠬᠠᠭᠤᠯᠭ᠎ᠠ ᠵᠢᠨ ᠰᠠᠷ᠎ᠠ᠎ᠪᠠᠷ ᠲᠣᠬᠢᠶᠠᠯ ᠪᠣᠯᠭ᠋ᠠᠨ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠬᠠᠤᠯᠢ ᠵᠢ ᠤᠬᠠᠭᠤᠯᠬᠤ᠎ᠪᠠᠷ ᠭᠣᠣᠯᠳᠠᠯᠭ᠎ᠠ ᠪᠣᠯᠭ᠋ᠠᠵᠤ 《ᠰᠢᠨ᠎ᠡ ᠠᠶᠠᠨ · ᠰᠡᠳᠬᠢᠯ ᠵᠶ᠋ᠡᠨ ᠨᠢᠭᠡᠳᠬᠡᠨ ᠢᠷᠡᠭᠡᠳᠦᠢ᠎ᠪᠠᠨ ᠬᠠᠮᠠᠭ᠋ᠠᠯᠠᠬᠤ》 《ᠬᠠᠢ᠌ᠷ᠎ᠠ ᠵᠢ ᠳᠠᠮᠵᠢᠭᠤᠯᠵᠤ᠂ ᠬᠡᠦᠬᠡᠳ᠎ᠤᠨ ᠰᠡᠳᠬᠢᠯ᠎ᠢ ᠳᠤᠯᠠᠭ᠋ᠠᠴᠠᠭᠤᠯᠬᠤ》 ᠵᠡᠷᠭᠡ ᠬᠠᠯᠠᠮᠵᠢᠯᠠᠬᠤ ᠠᠵᠢᠯᠯᠠᠭ᠎ᠠ ᠵᠢ  ᠦᠷᠨᠢᠬᠦᠯᠤᠬᠡᠳ ᠬᠡᠦᠬᠡᠳ᠎ᠲᠤ 1254 ᠤᠳᠠᠭ᠎ᠠ ᠠᠰᠢᠭ ᠬᠦᠷᠲᠡᠭᠡᠪᠡ᠃


 

 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.25
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.26
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.27
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.28
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.31
 
            