ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.26
ᠨᠡᠶᠢᠲᠡᠯᠡᠭᠰᠡᠨ ᠴᠠᠭ᠄ 2025-03-26

ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


     ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠠᠯᠠᠱᠨ ᠠᠢ᠌ᠮᠠᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠵᠢᠷᠤᠮᠵᠢᠭᠤᠯᠬᠤ ᠪᠠᠢ᠌ᠭᠤᠯᠤᠯᠲᠠ ᠪᠠ ᠲᠤᠰᠬᠠᠢ ᠮᠡᠷᠭᠡᠵᠢᠯ᠎ᠤᠨ ᠴᠢᠳᠠᠪᠤᠷᠢ ᠵᠢ ᠳᠡᠭᠡᠭᠰᠢᠯᠡᠭᠦᠯᠬᠦ ᠲᠤᠰᠬᠠᠢ ᠰᠡᠳᠦᠪᠲᠦ ᠪᠣᠯᠪᠠᠰᠤᠷᠠᠯ ᠡᠷᠭᠢᠯᠡᠪᠡ᠃ ᠪᠣᠯᠪᠠᠰᠤᠷᠠᠯ᠎ᠳᠤ 《ᠲᠧᠩ ᠰᠢᠶᠦ᠋ᠨ ᠬᠤᠷᠠᠯ᠎ᠤᠨ ᠰᠦᠯᠵᠢᠶᠡᠨ ᠳᠡᠭᠡᠷᠡᠬᠢ ᠸᠢᠳᠢᠤ᠋ + ᠲᠤᠬᠠᠢ ᠵᠢᠨ ᠲᠠᠯᠠᠪᠠᠶ》 ᠵᠢ ᠬᠠᠷᠢᠯᠴᠠᠨ ᠤᠶᠠᠯᠳᠤᠭᠤᠯᠬᠤ ᠠᠷᠭ᠎ᠠ᠎ᠪᠠᠷ ᠭᠣᠣᠯᠳᠠᠭᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠳᠠᠭ᠋ᠠᠭᠤᠯᠬᠤ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ᠂ ᠳᠣᠲᠣᠭ᠋ᠠᠳᠤ ᠵᠢᠨ ᠵᠠᠰᠠᠯᠲᠠ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠦᠨᠡᠯᠡᠬᠦ ᠰᠢᠨ᠎ᠡ ᠪᠠᠷᠢᠮᠵᠢᠶ᠎ᠠ ᠵᠢᠨ ᠲᠠᠢ᠌ᠯᠤᠮᠵᠢ᠂ ᠣᠨ᠎ᠤ ᠪᠠᠢ᠌ᠴᠠᠭ᠋ᠠᠯᠲᠠ ᠪᠠ ᠬᠤᠭᠤᠴᠠᠭ᠎ᠠ ᠰᠣᠯᠢᠬᠤ ᠵᠡᠷᠭᠡ ᠠᠭᠤᠯᠭ᠎ᠠ ᠵᠢᠨ ᠲᠣᠭᠣᠷᠢᠨ᠎ᠳᠤ ᠠᠯᠠᠱᠨ ᠠᠢ᠌ᠮᠠᠭ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠦᠭᠵᠢᠬᠦᠯᠤᠯᠳᠡ ᠎ᠳᠤ ᠮᠡᠳᠡᠯᠭᠡ ᠵᠢᠨ ᠨᠥᠭᠡᠴᠡ ᠪᠠ ᠦᠢ᠍ᠯᠡᠳᠦᠯᠭᠡ ᠵᠢᠨ ᠵᠢᠯᠣᠭᠣᠳᠤᠯᠭ᠎ᠠ ᠬᠠᠡᠭᠭ᠋ᠠᠯ᠎ᠠ᠃ ᠠᠯᠠᠱᠨ ᠠᠢ᠌ᠮᠠᠭ᠎ᠤᠨ 300 ᠭᠠᠷᠤᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ ᠪᠣᠯᠪᠠᠰᠤᠷᠠᠯ᠎ᠳᠤ ᠣᠷᠣᠯᠴᠠᠪᠠ᠃


ᠬᠡᠦᠬᠡᠳ᠎ᠤᠨ ᠠᠰᠠᠷᠠᠮᠵᠢ


    ᠪᠤᠭᠤᠲᠤ ᠬᠣᠲᠠ ᠵᠢᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠡᠷᠡᠭᠦᠯᠵᠢᠯ᠎ᠤᠨ ᠲᠤᠰᠬᠠᠢ ᠮᠡᠷᠭᠡᠵᠢᠯ᠎ᠤᠨ ᠬᠦᠴᠦᠨ᠎ᠢ  ᠴᠢᠷᠮᠠᠢ᠌ᠨ ᠳᠡᠭᠡᠭᠰᠢᠯᠡᠭᠦᠯᠵᠦ᠂ ᠥᠴᠥᠬᠡᠨ ᠴᠦ᠍ ᠵᠠᠢ ᠦᠭᠡᠢ ᠦᠢ᠍ᠯᠡᠴᠢᠯᠡᠭᠡᠨ᠎ᠤ ᠰᠢᠰᠲᠸᠮ᠎ᠢ ᠪᠠᠢ᠌ᠭᠤᠯᠤᠨ᠂ ᠪᠤᠭᠤᠲᠤ ᠬᠣᠲᠠ ᠵᠢᠨ 2 ᠲᠤᠰᠬᠠᠢ ᠡᠷᠡᠭᠦᠯᠵᠢᠯ᠎ᠤᠨ ᠪᠠᠢ᠌ᠭᠤᠯᠤᠮᠵᠢ᠂ 1 ᠬᠣᠶᠠᠳᠤᠭ᠋ᠠᠷ ᠳᠡᠰ᠎ᠤᠨ ᠠᠯᠪᠠᠨ᠎ᠠᠴᠠ ᠡᠷᠭᠢᠯᠡᠭᠰᠡᠨ ᠡᠮᠨᠡᠯᠭᠡ ᠵᠢᠨ ᠬᠣᠷᠢᠶ᠎ᠠ ᠵᠢ ᠣᠷᠣᠭᠤᠯᠤᠨ ᠠᠪᠴᠢᠷᠠᠵᠤ᠂ ᠪᠤᠭᠤᠲᠤ ᠬᠣᠲᠠ ᠵᠢᠨ ᠥᠨᠥᠴᠢᠨ ᠵᠡᠮᠳᠡᠭ ᠬᠡᠦᠬᠡᠳ᠎ᠤᠨ ᠤᠨᠴᠠᠭ᠋ᠠᠢ ᠰᠤᠷᠭ᠋ᠠᠨ ᠬᠥᠮᠦᠵᠢᠯ᠎ᠤᠨ ᠰᠤᠷᠭ᠋ᠠᠭᠤᠯᠢ᠎ᠳᠤ ᠲᠦᠰᠢᠭᠯᠡᠨ᠂ 《2+1+1》 ᠬᠠᠮᠵᠢᠯᠴᠠᠬᠤ ᠵᠠᠭᠪᠤᠷ᠎ᠢ ᠪᠣᠶ ᠪᠤᠯᠭ᠋ᠠᠪᠠ᠃ ᠡᠷᠡᠬᠦᠯᠵᠢᠬᠦᠯᠦᠭᠴᠢ᠂ ᠬᠢᠲᠠᠳ ᠡᠮᠨᠡᠯᠭᠡ ᠵᠢᠨ ᠡᠮᠴᠢ᠂ ᠣᠨᠴᠠᠭ᠋ᠠᠢ ᠰᠤᠷᠭ᠋ᠠᠨ ᠬᠥᠮᠦᠵᠢᠯ᠎ᠤᠨ ᠪᠠᠭᠰᠢ ᠵᠡᠷᠭᠡ ᠤᠯᠠᠨ ᠬᠦᠷᠢᠶᠡᠨ᠎ᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠵᠶ᠋ᠠᠷ ᠪᠦᠷᠢᠯᠳᠦᠭᠰᠡᠨ ᠬᠠᠮ ᠬᠡᠯᠪᠡᠷᠢ ᠵᠢᠨ ᠦᠢ᠍ᠯᠡᠴᠢᠯᠡᠭᠡᠨ᠎ᠤ ᠪᠦᠯᠬᠦᠮ᠎ᠢ ᠵᠣᠬᠢᠶᠠᠨ ᠪᠠᠢ᠌ᠭᠤᠯᠵᠤ ᠥᠨᠥᠴᠢᠨ ᠵᠡᠮᠳᠡᠭ ᠬᠡᠦᠬᠡᠳ᠎ᠲᠤ ᠪᠡᠶ᠎ᠡ ᠮᠠᠬᠠᠪᠤᠳ᠎ᠤᠨ ᠵᠣᠬᠢᠴᠠᠭᠤᠯᠭ᠎ᠠ᠂ ᠰᠡᠳᠬᠢᠴᠡ ᠵᠢᠨ ᠵᠢᠯᠣᠭᠣᠳᠤᠯᠭ᠎ᠠ᠂ ᠣᠨᠴᠠᠭ᠋ᠠᠢ ᠰᠤᠷᠭ᠋ᠠᠨ ᠬᠥᠮᠦᠵᠢᠯ ᠵᠡᠷᠭᠡ ᠤᠯᠠᠨ ᠲᠠᠯ᠎ᠠ᠎ᠠᠴᠠ ᠥᠪᠡᠷᠮᠢᠴᠡ ᠡᠷᠡᠭᠦᠯᠵᠢᠯ᠎ᠤᠨ ᠲᠥᠰᠥᠯ ᠲᠣᠭᠲᠠᠭ᠋ᠠᠵᠤ ᠪᠦᠬᠦ ᠲᠠᠯ᠎ᠠ ᠵᠢᠨ᠂  ᠴᠢᠨᠠᠷᠵᠢᠭᠤᠨ᠂ ᠵᠠᠢ ᠦᠬᠡᠢ ᠦᠢ᠍ᠯᠡᠴᠢᠯᠡᠭᠡ ᠬᠠᠡᠭᠭ᠋ᠠᠭ᠋ᠠᠳ ᠣᠲᠣ ᠪᠣᠯᠲᠠᠯ᠎ᠠ᠂ ᠡᠷᠡᠭᠦᠯᠵᠢᠯ᠎ᠤᠨ ᠪᠣᠯᠪᠠᠰᠤᠷᠠᠯ ᠬᠢᠵᠦ ᠪᠠᠢ᠌ᠭ᠎ᠠ ᠬᠡᠦᠬᠡᠳ 70 ᠭᠠᠷᠤᠢ᠂ ᠨᠡᠢ᠌ᠭᠡᠮ ᠲᠣᠭᠣᠷᠢᠭ᠎ᠤᠨ ᠬᠡᠦᠬᠡᠳ 4 ᠪᠣᠶ᠃
     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠣᠷᠣᠨ ᠨᠤᠲᠤᠭ᠎ᠤᠨ ᠪᠣᠳᠠᠲᠤ ᠪᠠᠢ᠌ᠳᠠᠯ ᠎ᠲᠠᠢ᠎ᠪᠠᠨ ᠤᠶᠠᠯᠳᠤᠭᠤᠯᠤᠨ᠂ ᠡᠯ᠎ᠡ ᠭᠠᠵᠠᠷ᠎ᠤᠨ ᠬᠡᠦᠬᠡᠳ᠎ᠤᠨ ᠡᠷᠬᠢᠯᠡᠭᠴᠢ ᠪᠣᠯᠣᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠲᠣᠭ᠎ᠠ᠂ ᠪᠡᠯᠡ ᠮᠥᠩᠭᠥ ᠵᠢ ᠬᠡᠷᠡᠭᠯᠡᠭᠰᠡᠨ ᠪᠠᠢ᠌ᠳᠠᠯ ᠪᠠ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠦᠨᠡᠯᠡᠭᠰᠡᠨ ᠦᠷ᠎ᠡ ᠳ᠋ᠦᠩ ᠵᠡᠷᠭᠡ ᠬᠦᠴᠦᠨ ᠵᠦᠢ᠍ᠯ᠎ᠢ ᠶᠡᠷᠦᠩᠬᠡᠢ᠌ᠯᠡᠨ ᠪᠣᠳᠣᠯᠬᠢᠯᠠᠵᠤ᠂  ᠤᠯᠠᠭ᠋ᠠᠨᠴᠠᠪ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠎ᠲᠠᠢ ᠬᠠᠮᠵᠢᠯᠴᠠᠨ ᠲᠥᠪ᠎ᠠᠴᠠ ᠪᠠᠭᠤᠯᠭ᠋ᠠᠭᠰᠠᠨ ᠬᠦᠴᠢᠷᠳᠡᠯ᠎ᠲᠠᠢ ᠣᠯᠠᠨ ᠲᠦᠮᠡᠨ᠎ᠤ   ᠲᠤᠰᠠᠯᠠᠮᠵᠢ ᠵᠢᠨ ᠨᠥᠬᠥᠪᠦᠷᠢ᠎ᠠᠴᠠ ᠨᠠᠰᠤᠨ᠎ᠳᠤ ᠥᠯᠥ ᠭᠦᠷᠦᠭᠰᠡᠳ᠎ᠤᠨ ᠨᠡᠢ᠌ᠭᠡᠮ᠎ᠤᠨ ᠬᠠᠮᠠᠭ᠋ᠠᠯᠠᠯᠲᠠ ᠵᠢᠨ ᠪᠡᠯᠡ ᠮᠥᠩᠭᠥ ᠵᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠯ᠎ᠡ ᠭᠠᠵᠠᠷ᠎ᠤᠨ ᠵᠠᠰᠠᠭ᠎ᠤᠨ ᠣᠷᠳᠣᠨ᠎ᠤ ᠬᠡᠦᠬᠡᠳ᠎ᠤᠨ ᠠᠰᠠᠷᠠᠮᠵᠢ ᠪᠠ ᠨᠠᠰᠤᠨ᠎ᠳᠤ ᠥᠯᠥ ᠭᠦᠷᠦᠭᠰᠡᠳ᠎ᠢ ᠬᠠᠮᠠᠭ᠋ᠠᠯᠠᠬᠤ ᠦᠢ᠍ᠯᠡᠴᠢᠯᠡᠭᠡ ᠬᠤᠳᠠᠯᠳᠤᠨ ᠠᠪᠴᠤ ᠦᠭᠭᠦ ᠠᠵᠢᠯ ᠥᠷᠨᠢᠭᠦᠯᠬᠦ ᠵᠢ ᠳᠡᠮᠵᠢᠬᠦ᠎ᠳᠤ ᠬᠡᠷᠡᠭᠯᠡᠨ᠎ᠡ᠃ 2022 ᠣᠨ᠎ᠠᠴᠠ ᠣᠲᠣ ᠪᠣᠯᠲᠠᠯ᠎ᠠ 680 ᠲᠦᠮᠡᠨ ᠲᠥᠭᠥᠷᠢᠭ᠎ᠤᠨ ᠪᠡᠯᠡ ᠮᠥᠩᠭᠥ ᠪᠠᠭᠤᠯᠭ᠋ᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠲᠤᠰᠠᠯᠠᠬᠤ ᠠᠵᠢᠯ᠎ᠢ ᠦᠷᠭᠦᠯᠵᠢᠯᠡᠨ ᠬᠡᠷᠡᠭᠵᠢᠭᠦᠯᠬᠦ᠎ᠳᠤ ᠪᠡᠯᠡ ᠮᠥᠩᠭᠥᠨ᠎ᠤ ᠪᠠᠲᠤᠯᠠᠭ᠎ᠠ ᠬᠠᠩᠭ᠋ᠠᠭᠰᠠᠨ ᠪᠠᠢ᠌ᠨ᠎ᠠ᠃


  ᠨᠢᠬᠦᠯᠡᠰᠤᠡᠭᠬᠦᠢ ᠵᠢᠨ ᠦᠢ᠍ᠯᠡᠰ


   ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠦᠯᠤᠨ ᠪᠤᠢ᠌ᠷ ᠬᠣᠲᠠ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ ᠬᠠᠢ᠌ᠯᠠᠷ᠎ᠤᠨ 《ᠫᠦ᠋ ᠠᠢ》 ᠰᠢᠬᠢᠷ ᠰᠢᠵᠢᠩ ᠡᠪᠡᠳᠴᠢᠨ ᠬᠠᠷ᠎ᠠ ᠪᠥᠭᠡᠷᠡᠨ ᠡᠪᠡᠳᠴᠢᠨ᠎ᠤ ᠡᠮᠨᠡᠯᠭᠡ ᠵᠢᠨ ᠬᠣᠷᠢᠶ᠎ᠠ ᠵᠢᠨ᠎ᠬᠢᠨ᠎ᠲᠠᠢ ᠬᠠᠮᠲᠤᠷᠠᠨ ᠡᠭᠦᠰᠬᠡᠭᠰᠡᠨ 《ᠠᠮᠢ ᠨᠠᠰᠤᠨ᠎ᠤ ᠡᠬᠢ ᠰᠤᠷᠪᠤᠯᠵᠢ ·  ᠶᠡᠬᠡ ᠬᠠᠢ᠌ᠷ᠎ᠠ ᠵᠢᠨ  ᠠᠶᠠᠯᠠᠯ》 ᠨᠢᠭᠦᠯᠡᠰᠦᠩᠭᠦᠢ ᠵᠢᠨ ᠲᠤᠰᠠᠯᠠᠮᠵᠢ ᠵᠢᠨ ᠲᠥᠷᠥᠯ ᠵᠦᠢ᠍ᠯ ᠱᠠᠳᠤᠴᠢ ᠦᠷ᠎ᠡ ᠪᠦᠲᠦᠭᠡᠯ ᠣᠯᠪᠠ᠃ ᠲᠣᠰ ᠲᠥᠷᠥᠯ ᠵᠦᠢ᠍ᠯ᠎ᠨᠢ ᠨᠢᠭᠡᠨᠲᠡ ᠬᠠᠢ᠌ᠯᠠᠷ ᠲᠣᠭᠣᠷᠢᠭ᠂ ᠬᠠᠭᠤᠴᠢᠨ ᠪᠠᠷᠭᠤ ᠬᠣᠰᠢᠭᠤ᠂ ᠡᠸᠡᠩᠬᠢ ᠦᠨᠳᠦᠰᠦᠲᠡᠨ᠎ᠤ ᠬᠣᠰᠢᠭᠤᠨ᠎ᠤ 132 ᠶᠠᠳᠠᠭᠤ ᠬᠦᠴᠢᠷᠳᠡᠯᠲᠡᠢ ᠭᠡᠷ ᠪᠦᠯᠢ ᠵᠢᠨ ᠳᠣᠲᠣᠷ ᠪᠥᠭᠡᠷ᠎ᠡ ᠵᠢᠨ ᠳᠣᠷᠣᠢ᠌ᠲᠠᠯ᠎ᠤᠨ ᠨᠡᠪᠴᠢᠭᠦᠯᠦᠨ ᠢᠯᠭ᠋ᠠᠷᠠᠭᠤᠯᠬᠤ ᠡᠪᠡᠳᠴᠢᠲᠡᠨ᠎ᠢ ᠬᠠᠮᠤᠷᠴᠤ᠂ ᠨᠡᠶ᠋ᠢᠲᠡ 7378 ᠤᠳᠠᠭ᠋ᠠᠨ᠎ᠤ ᠨᠡᠪᠴᠢᠭᠦᠯᠦᠨ ᠢᠯᠭ᠋ᠠᠷᠠᠭᠤᠯᠬᠤ ᠡᠮᠴᠢᠯᠡᠬᠡ᠎ᠳᠤ ᠲᠤᠰᠠᠯᠠᠵᠤ 14.76 ᠲᠦᠮᠡᠨ ᠲᠥᠭᠥᠷᠢᠭ   ᠲᠤᠰᠠᠯᠠᠮᠵᠢ ᠵᠢᠨ ᠮᠥᠩᠭᠥ ᠲᠠᠷᠬᠠᠭ᠋ᠠᠵᠤ᠂ ᠶᠠᠳᠠᠭᠤ ᠬᠦᠴᠢᠷᠳᠡᠯᠲᠡᠢ ᠭᠡᠷ ᠪᠦᠯᠢ ᠵᠢᠨ ᠳᠣᠲᠣᠷ ᠪᠥᠭᠡᠷ᠎ᠡ ᠵᠢᠨ ᠳᠣᠷᠣᠢ᠌ᠲᠠᠯ᠎ᠤᠨ ᠨᠡᠪᠴᠢᠭᠦᠯᠦᠨ ᠢᠯᠭ᠋ᠠᠷᠠᠭᠤᠯᠬᠤ ᠡᠪᠡᠳᠴᠢᠲᠡᠨ᠎ᠤ 《ᠡᠪᠡᠳᠴᠢᠨ ᠵᠠᠰᠠᠬᠤ᠎ᠳᠤ ᠬᠦᠴᠢᠷᠲᠡᠢ᠂ ᠡᠪᠡᠳᠴᠢᠨ ᠵᠠᠰᠠᠬᠤ᠎ᠳᠤ ᠦᠨᠡᠲᠡᠢ》  ᠠᠰᠠᠭᠤᠳᠠᠯ᠎ᠢ ᠨᠠᠮᠳᠠᠭᠤᠯᠪᠠ᠃


ᠣᠷᠣᠨ᠎ᠤ ᠭᠠᠳᠠᠨᠠᠬᠢ ᠮᠡᠳᠡᠭᠡ ᠵᠠᠩᠭᠢ
 
   ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠡᠭᠲ᠋ᠤᠸᠠᠨ᠎ᠤ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《〈  ᠤᠯᠨ᠎ᠪᠠᠨ ᠡᠯᠡᠳᠡᠯ᠎ᠡ ᠵᠠᠮᠨᠠᠬᠤ〉 ᠠᠵᠢᠯ᠎ᠢ ᠰᠠᠢ᠌ᠲᠤᠷ ᠬᠢᠵᠦ 〈ᠠᠷᠠᠳ᠎ᠤᠨ ᠰᠡᠳᠬᠢᠯ᠎ᠢ ᠳᠤᠯᠠᠭ᠋ᠠᠴᠠᠭᠤᠯᠵᠤ ᠲᠤᠰᠠᠯᠠᠬᠤ ᠪᠢᠡᠭᠲ᠋ᠤᠸᠡᠨ᠎ᠤ᠎ᠬᠢᠨ ᠠᠵᠢᠯᠯᠠᠭ᠎ᠠ〉  ᠵᠢ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃ ᠮᠡᠳᠡᠭᠳᠡᠯ᠎ᠳᠤ᠄ 《  ᠨᠡᠢ᠌ᠭᠡᠮ᠎ᠤᠨ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ 〈ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ〉 ᠵᠢ ᠤᠶᠠᠯᠳᠤᠭᠤᠯᠬᠤ ᠠᠷᠭ᠎ᠠ᠎ᠪᠠᠷ ᠤᠬᠠᠭᠤᠯᠤᠨ ᠲᠦᠭᠡᠮᠡᠯᠵᠢᠭᠦᠯᠬᠦ ᠵᠢ ᠪᠥᠬᠥ ᠲᠠᠯ᠎ᠠ᠎ᠪᠠᠷ ᠴᠢᠩᠭ᠋ᠠᠳᠬᠠᠵᠤ᠂  ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠨᠣᠷᠮ᠎ᠠ ᠵᠢᠨ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢ ᠬᠡᠮᠵᠢᠶᠡᠯᠡᠵᠦ᠂ ᠠᠷᠠᠳ᠎ᠲᠤ ᠠᠰᠢᠭ ᠬᠦᠷᠲᠡᠭᠡᠬᠦ ᠠᠷᠭ᠎ᠠ ᠵᠢ ᠠᠵᠢᠯᠲᠠᠨ ᠠᠵᠢᠯᠴᠢᠨ ᠣᠯᠠᠨ ᠲᠦᠮᠡᠨ᠎ᠳᠤ ᠰᠢᠭᠤᠳ ᠬᠦᠷᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ 《ᠲᠡᠮᠦᠷ ᠭᠢᠰᠬᠢᠭᠦᠷ᠎ᠢ ᠲᠡᠮᠲᠡᠷᠢᠨ ᠵᠢᠭᠰᠠᠭ᠋ᠠᠬᠤ》 ᠠᠵᠢᠯ᠎ᠤᠨ ᠡᠷᠴᠢᠮ᠎ᠢ ᠴᠢᠩᠭ᠋ᠠᠷᠠᠭᠤᠯᠵᠤ᠂ 〈  ᠤᠯᠨ᠎ᠪᠠᠨ ᠡᠯᠡᠳᠡᠯ᠎ᠡ ᠵᠠᠮᠨᠠᠬᠤ〉 ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂  ᠲᠤᠰᠠᠯᠠᠮᠵᠢ ᠵᠢᠨ ᠮᠡᠳᠡᠭᠡ ᠵᠠᠩᠭᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠳᠬᠡᠵᠦ᠂ 〈ᠲᠣᠮᠣ ᠳ᠋ᠠᠢ᠌ᠲ᠋ᠠ + 〈  ᠤᠯᠨ᠎ᠪᠠᠨ ᠡᠯᠡᠳᠡᠯ᠎ᠡ ᠵᠠᠮᠨᠠᠬᠤ〉 ᠵᠠᠭᠪᠤᠷ᠎ᠢ ᠪᠣᠶ ᠪᠣᠯᠭ᠋ᠠᠵᠤ᠂ ᠬᠦᠴᠢᠷᠳᠡᠯᠲᠡᠢ ᠣᠯᠠᠨ ᠲᠦᠮᠡᠨ᠎ᠢ ᠴᠠᠭ ᠲᠤᠬᠠᠢ᠎ᠳᠤ᠎ᠨᠢ ᠤᠯᠵᠤ ᠮᠡᠳᠡᠬᠦ᠂ ᠨᠠᠷᠢᠯᠢᠭ ᠣᠨᠣᠴᠠᠲᠠᠢ᠎ᠪᠠᠷ ᠨᠤᠲᠠᠯᠠᠬᠤ᠂ ᠰᠢᠨᠵᠢᠯᠡᠬᠦ ᠤᠬᠠᠭ᠋ᠠᠨᠴᠢ᠎ᠪᠠᠷ ᠲᠤᠰᠠᠯᠠᠬᠤ ᠬᠡᠷᠡᠭᠳᠡᠢ᠃ ᠨᠡᠢ᠌ᠭᠡᠮ᠎ᠤᠨ ᠲᠤᠰᠠᠯᠠᠮᠵᠢ ᠵᠢᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠬᠡᠷᠡᠭᠵᠢᠭᠦᠯᠵᠦ ᠬᠦᠭᠵᠢᠬᠦᠯᠤᠯᠳᠡ ᠵᠢᠨ ᠦᠢ᠍ᠯᠡᠴᠢᠯᠡᠭᠡᠨ᠎ᠤ ᠲᠦᠷᠦᠯ᠎ᠤᠨ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ  ᠠᠬᠢᠭᠤᠯᠬᠤ ᠬᠡᠷᠡᠭᠳᠡᠢ》 ᠬᠡᠵᠡᠢ᠃
 
 



  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.27
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.28
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.31
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠪᠤᠯᠪᠠᠰᠤᠷᠠᠯ ᠡᠷᠭᠢᠯᠡᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.1
 
            