ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠎ᠤᠨ᠎ᠬᠢᠨ ᠤᠷᠴᠢᠮ᠎ᠳᠤ 《ᠪᠥᠬᠥ ᠤᠯᠤᠰ᠎ᠤᠨ ᠨᠡᠢ᠌ᠭᠡᠮ᠎ᠤᠨ ᠲᠤᠰᠠᠯᠠᠮᠵᠢ ᠵᠢᠨ ᠰᠢᠨ᠎ᠡ ᠵᠢ ᠡᠭᠦᠳᠬᠦ ᠦᠢ᠍ᠯᠡᠳᠦᠯᠭᠡ᠎ᠪᠠᠷ ᠰᠤᠳᠤᠨ ᠨᠢᠬᠡᠴᠢ ᠵᠢ ᠲᠣᠭᠲᠠᠭ᠋ᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 56 ᠨᠢᠬᠡᠴᠢ ᠵᠢ ᠪᠥᠬᠥ ᠤᠯᠤᠰ᠎ᠤᠨ ᠨᠡᠢ᠌ᠭᠡᠮ᠎ᠤᠨ ᠲᠤᠰᠠᠯᠠᠮᠵᠢ ᠵᠢᠨ ᠰᠢᠨ᠎ᠡ ᠵᠢ ᠡᠭᠦᠳᠬᠦ ᠦᠢ᠍ᠯᠡᠳᠦᠯᠭᠡ᠎ᠪᠠᠷ ᠰᠤᠳᠤᠨ ᠨᠢᠬᠡᠴᠢ᠎ᠪᠠᠷ ᠲᠣᠭᠲᠠᠭ᠋ᠠᠪᠠ᠃ ᠮᠡᠳᠡᠭᠳᠡᠯ᠎ᠳᠤ ᠲᠣᠰ ᠭᠠᠵᠠᠷ᠎ᠤᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠤᠳᠤᠷᠢᠳᠤᠯᠭ᠎ᠠ᠎ᠪᠠᠷ ᠨᠡᠢ᠌ᠭᠡᠮ᠎ᠤᠨ ᠲᠤᠰᠠᠯᠠᠮᠵᠢ ᠵᠢᠨ ᠥᠭᠡᠷᠡᠴᠢᠯᠡᠯᠲᠡ ᠵᠢ ᠤᠯᠠᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠰᠡᠳᠬᠢᠮᠵᠢ᠎ᠪᠠᠨ ᠥᠷᠭᠡᠳᠬᠡᠨ᠂ ᠵᠣᠷᠢᠭᠲᠠᠢ᠎ᠪᠠᠷ ᠰᠢᠨ᠎ᠡ ᠵᠢ ᠡᠭᠦᠳᠴᠦ᠂ ᠢᠳᠡᠪᠬᠢᠲᠡᠢ᠎ᠪᠠᠷ ᠰᠦᠪᠡᠭᠴᠢᠯᠡᠵᠦ᠂ ᠠᠵᠢᠯᠲᠠᠨ᠂ ᠵᠠᠷᠤᠳᠠᠯ᠎ᠤᠨ ᠪᠠᠲᠤᠯᠠᠭ᠎ᠠ ᠵᠢ ᠴᠢᠩᠭ᠋ᠠᠳᠬᠠᠨ᠂ ᠨᠢᠭᠡ ᠵᠢᠯ᠎ᠤᠨ ᠳᠣᠲᠣᠷ᠎ᠠ ᠰᠢᠨ᠎ᠡ ᠵᠢ ᠡᠭᠦᠳᠬᠦ ᠦᠢ᠍ᠯᠡᠳᠦᠯᠭᠡ᠎ᠪᠠᠷ ᠰᠤᠳᠤᠨ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠤ ᠱᠠᠭ᠋ᠠᠷᠳᠠᠬᠰᠠᠨ ᠪᠠᠢ᠌ᠨ᠎ᠠ᠃ ᠮᠠᠨ᠎ᠤ ᠤᠷᠤᠨ᠎ᠤ ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠦᠨᠳᠦᠰᠦᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠢ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ ᠪᠠᠷᠢᠮᠵᠢᠶᠠᠵᠢᠭᠤᠯᠬᠤ ᠪᠠᠢ᠌ᠭᠤᠯᠤᠯᠲᠠ》 ᠵᠢᠨ ᠲᠤᠷᠰᠢᠯᠲᠠ ᠵᠢᠨ ᠨᠢᠬᠡᠴᠢ᠎ᠪᠠᠷ ᠲᠣᠭᠲᠠᠭ᠋ᠠᠪᠠ᠃
ᠠᠷᠠᠳ᠎ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ᠂ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ ᠵᠢᠨ ᠠᠯᠪᠠᠨ ᠲᠢᠩᠬᠢᠮ᠂ ᠳᠤᠮᠳᠠᠳᠤ ᠤᠯᠤᠰ᠎ᠤᠨ ᠨᠠᠰᠤᠲᠠᠢ᠌ᠴᠤᠳ᠎ᠤᠨ ᠨᠡᠢ᠌ᠭᠡᠮᠯᠢᠭ᠎ᠤᠨ ᠶᠡᠷᠦᠩᠬᠡᠢ᠌ᠯᠡᠭᠰᠡᠨ ᠬᠡᠯᠲᠡᠰ᠎ᠤᠨ᠎ᠬᠢᠨ ᠤᠷᠴᠢᠮ᠎ᠳᠤ ᠬᠠᠮᠲᠤᠷᠠᠨ 《2024 ᠣᠨ᠎ᠤ ᠪᠥᠬᠥ ᠤᠯᠤᠰ᠎ᠤᠨ ᠨᠠᠰᠤᠲᠠᠨ ᠵᠶ᠋ᠠᠨ ᠬᠦᠨᠳᠦᠯᠡᠵᠦ ᠨᠠᠰᠤᠲᠠᠨ ᠵᠶ᠋ᠠᠨ ᠠᠰᠠᠷᠠᠬᠤ ᠨᠡᠶ᠋ᠢᠲᠡ ᠵᠢᠨ ᠠᠰᠠᠷᠠᠮᠵᠢ ᠵᠢᠨ ᠵᠠᠷ᠎ᠤᠨ ᠪᠦᠳᠤᠬᠡᠯ ᠡᠯᠰᠡᠬᠦ ᠪᠠ ᠨᠡᠢ᠌ᠳᠡ᠎ᠳᠤ ᠨᠡᠪᠲᠡᠷᠡᠭᠦᠯᠬᠦ ᠠᠵᠢᠯᠯᠠᠭ᠎ᠠ ᠵᠢ ᠲᠡᠳᠬᠦᠬᠦ ᠪᠦᠲᠦᠭᠡᠯ᠎ᠢ ᠨᠡᠢ᠌ᠲᠡᠯᠡᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠪᠥᠬᠥ ᠤᠯᠤᠰ᠎ᠤᠨ ᠨᠠᠰᠤᠲᠠᠨ ᠵᠶ᠋ᠠᠨ ᠬᠦᠨᠳᠦᠯᠡᠵᠦ ᠨᠠᠰᠤᠲᠠᠨ ᠵᠶ᠋ᠠᠨ ᠠᠰᠠᠷᠠᠬᠤ ᠨᠡᠶ᠋ᠢᠲᠡ ᠵᠢᠨ ᠠᠰᠠᠷᠠᠮᠵᠢ ᠵᠢᠨ ᠵᠠᠷ ᠵᠶ᠋ᠠᠷ ᠲᠡᠳᠬᠦᠬᠦ 46 ᠪᠦᠲᠦᠭᠡᠯ᠎ᠢ ᠲᠣᠭᠲᠠᠭ᠋ᠠᠵᠠᠢ᠂ ᠡᠭᠦᠨ᠎ᠳᠤ ᠷᠠᠳᠢᠣ᠋ ᠨᠡᠪᠲᠡᠷᠡᠭᠦᠯᠭᠡ ᠵᠢᠨ ᠲᠥᠷᠥᠯ᠎ᠤᠨ ᠪᠦᠲᠦᠭᠡᠯ 22᠂ ᠲᠧᠯᠸᠢᠰ᠎ᠤᠨ ᠲᠥᠷᠥᠯ᠎ᠤᠨ ᠪᠦᠲᠦᠭᠡᠯ 24 ᠪᠣᠶ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ
ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠪᠠᠷᠢᠮᠵᠢᠶᠠᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠢ᠍ᠯᠡᠴᠢᠯᠡᠭᠡ ᠪᠠ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠦᠨ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ ᠵᠢᠨ ᠲᠦᠯᠤᠬᠡ ᠪᠥᠬᠥ ᠣᠷᠣᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠲᠡᠰᠢ ᠦᠨᠡᠯᠡᠬᠦ ᠠᠵᠢᠯ᠎ᠢ ᠢᠳᠡᠪᠬᠢᠳᠡᠢ ᠦᠷᠨᠢᠬᠦᠯᠤᠬᠡᠳ ᠪᠥᠬᠥ ᠣᠷᠣᠨ᠎ᠳᠤ 485 ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠳᠡᠰ ᠦᠨᠡᠯᠡᠯᠳᠡ ᠵᠢ ᠥᠩᠭᠡᠷᠡᠭᠡᠭᠰᠡᠨ ᠪᠠᠢ᠌ᠨ᠎ᠠ᠃ ᠡᠭᠦᠨ᠎ᠳᠤ ᠲᠠᠪᠤᠳᠤᠭ᠋ᠠᠷ ᠳᠡᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ 12᠂ ᠳᠥᠷᠪᠡᠳᠦᠭᠡᠷ ᠳᠡᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ 22᠂ ᠭᠤᠷᠪᠠᠳᠤᠭ᠋ᠠᠷ ᠳᠡᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ 110᠂ ᠬᠣᠶᠠᠳᠤᠭ᠋ᠠᠷ ᠳᠡᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ 231᠂ ᠨᠢᠭᠡᠳᠦᠭᠡᠷ ᠳᠡᠰ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ 110 ᠪᠠᠢ᠌ᠨ᠎ᠠ᠃
ᠨᠡᠢ᠌ᠭᠡᠮ᠎ᠤᠨ ᠶᠠᠪᠤᠳᠠᠯ
ᠬᠠᠡᠭᠰᠢ ᠲᠦᠬᠦᠬᠦ ᠲᠠᠰᠢᠷᠠᠮ ᠵᠶ᠋ᠡᠷ ᠪᠤᠭᠤᠲᠤ ᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠠᠩᠰᠢ ᠵᠢᠨ ᠲᠠᠬᠢᠯᠭ᠎ᠠ ᠵᠢᠨ ᠰᠠᠨᠠᠭ᠋ᠠᠴᠢᠯᠠᠭ᠎ᠠ ᠵᠢᠨ ᠪᠢᠴᠢᠭ ᠨᠡᠢ᠌ᠲᠡᠯᠡᠵᠦ᠂ ᠪᠣᠯᠪᠠᠰᠤᠨ ᠲᠠᠬᠢᠯᠭ᠎ᠠ᠂ ᠠᠮᠢ ᠠᠬᠤᠢ᠌ᠯᠢᠭ ᠤᠷᠤᠰᠢᠭᠤᠯᠭ᠎ᠠ᠂ ᠠᠮᠤᠷ ᠲᠦᠪᠰᠢᠨ ᠲᠠᠬᠢᠯᠭ᠎ᠠ᠂ ᠠᠮᠢᠳᠤ ᠰᠡᠷᠡᠬᠦᠨ᠎ᠳᠤᠨᠢ ᠰᠠᠢ᠌ᠨ ᠠᠴᠢᠯᠠᠵᠤ ᠨᠦᠭᠴᠢᠭᠰᠡᠨᠤᠬᠢᠨᠢ ᠬᠤᠢ᠌ᠨ᠎ᠠ ᠤᠷᠤᠰᠢᠭᠤᠯᠭ᠎ᠠ ᠵᠢ᠎ᠨᠢ ᠲᠦᠬᠦᠮ ᠦᠢ᠍ᠯᠡᠳᠬᠦ ᠤᠳᠤ ᠦᠶ᠎ᠡ ᠵᠢᠨ ᠣᠷᠣᠰᠢᠭᠤᠯᠭ᠎ᠠ ᠵᠢᠨ ᠰᠣᠶᠣᠯ᠎ᠤᠨ ᠣᠢ᠌ᠯᠠᠭ᠋ᠠᠭᠳᠠᠬᠤᠨ᠎ᠢ ᠢᠳᠡᠪᠬᠢᠲᠡᠢ ᠰᠠᠨᠠᠭ᠋ᠠᠴᠢᠯᠠᠪᠠ᠃ ᠬᠤᠳᠠ ᠵᠢᠨ ᠠᠷᠠᠳ ᠢ ᠰᠣᠷᠭᠣᠭ ᠴᠡᠴᠡᠭ ᠵᠢᠨᠷ ᠳᠠᠬᠢᠬᠤ᠂ ᠮᠣᠳᠣ ᠲᠠᠷᠢᠵᠤ ᠳᠤᠷᠠᠰᠤᠨ ᠰᠠᠨᠠᠭ᠋ᠠᠯᠵᠠᠬᠤ᠂ ᠬᠠᠮᠲᠤ᠎ᠪᠠᠷ ᠳᠠᠬᠢᠬᠤ᠂ ᠭᠡᠷ ᠪᠦᠯᠢ᠎ᠪᠠᠷ ᠵᠢᠨᠨ ᠰᠠᠨᠠᠭ᠋ᠠᠯᠵᠠᠬᠤ᠂ ᠰᠦᠯᠵᠢᠶ᠎ᠡ᠎ᠪᠠᠷ ᠳᠠᠬᠢᠬᠤ ᠵᠡᠷᠭᠡ ᠪᠣᠬᠢᠷᠲᠤᠯ ᠦᠭᠡᠢ᠂ ᠣᠷᠴᠢᠨ ᠲᠣᠭᠣᠷᠢᠨ ᠢ ᠬᠠᠮᠠᠭ᠋ᠠᠯᠠᠬᠤ ᠲᠠᠬᠢᠯᠭ᠎ᠠ ᠵᠢᠨ ᠬᠡᠯᠪᠡᠷᠢ᠎ᠪᠠᠷ 《ᠵᠠᠩ ᠳᠠᠳᠬᠠᠯ᠎ᠢ ᠥᠭᠡᠷᠡᠴᠢᠯᠡᠬᠦ᠂ ᠪᠣᠯᠪᠠᠰᠤᠨ ᠵᠶ᠋ᠠᠷ ᠳᠠᠬᠢᠬᠤ᠂ ᠪᠣᠬᠢᠷᠲᠤᠯ ᠦᠭᠡᠢ ᠬᠠᠩᠰᠢ᠂ ᠰᠣᠶᠣᠯ᠎ᠤᠨ ᠬᠠᠩᠰᠢ》 ᠪᠠᠢ᠌ᠬᠤ ᠨᠡᠢ᠌ᠭᠡᠮ᠎ᠤᠨ ᠪᠣᠯᠪᠠᠰᠤᠨ ᠤ ᠰᠢᠨ᠎ᠡ ᠬᠡᠪ ᠰᠤᠷᠲᠠᠯ᠎ᠢ ᠶᠡᠬᠡ᠎ᠪᠠᠷ ᠪᠤᠢ ᠪᠣᠯᠭ᠋ᠠᠬᠤ ᠵᠢ ᠬᠦᠰᠡᠨ ᠱᠠᠭ᠋ᠠᠷᠳᠠᠵᠤ ᠪᠠᠢ᠌ᠨ᠎ᠠ ᠃
ᠨᠠᠰᠤᠵᠢᠯ᠎ᠤᠨ ᠦᠢ᠍ᠯᠡᠴᠢᠯᠡᠭᠡ
ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠣᠷᠳᠣᠰ ᠬᠣᠲᠠ ᠵᠢᠨ ᠭᠡᠷ᠎ᠤᠨ ᠴᠢᠮᠡᠭᠯᠡᠯ ᠲᠣᠭᠣᠭ᠋ᠠᠨ ᠭᠡᠷ᠎ᠤᠨ ᠡᠷᠡᠭᠦᠯ ᠬᠠᠮᠠᠭ᠋ᠠᠯᠠᠯ᠎ᠤᠨ 〈ᠰᠤᠯᠢᠬᠤ〉 ᠨᠥᠬᠥᠪᠦᠷᠢ (ᠭᠡᠷ᠎ᠤᠨ ᠠᠮᠢᠳᠤᠷᠠᠯ᠎ᠤᠨ ᠨᠠᠰᠤᠵᠢᠯᠲᠠ᠎ᠳᠤ ᠲᠤᠬᠢᠷᠠᠬᠤ ᠥᠭᠡᠷᠡᠴᠢᠯᠡᠬᠦ)᠎ᠳᠤ ᠣᠷᠣᠯᠴᠠᠬᠤ ᠭᠣᠣᠯ ᠴᠣᠭᠴᠠ ᠵᠢ ᠴᠤᠭᠯᠠᠭᠤᠯᠬᠤ ᠲᠤᠬᠠᠢ ᠵᠠᠷᠯᠠᠯ》᠎ᠢ ᠨᠡᠢ᠌ᠲᠡᠯᠡᠵᠦ᠂ ᠭᠡᠷ᠎ᠤᠨ ᠠᠮᠢᠳᠤᠷᠠᠯ᠎ᠤᠨ ᠨᠠᠰᠤᠵᠢᠯᠲᠠ᠎ᠳᠤ ᠲᠤᠬᠢᠷᠠᠬᠤ ᠦᠢ᠍ᠯᠡᠳᠬᠦᠨ᠎ᠢ ᠥᠭᠡᠷᠡᠴᠢᠯᠡᠬᠦ ᠲᠥᠷᠥᠯ᠎ᠤᠨ ᠨᠥᠬᠥᠪᠦᠷᠢ ᠵᠢᠨ ᠬᠡᠪᠴᠢᠶ᠎ᠡ᠎ᠳᠤ ᠱᠠᠯᠨ ᠵᠡᠷᠬᠡ ᠪᠠ ᠡᠭᠦᠳᠡ ᠬᠠᠭ᠋ᠠᠯᠭ᠎ᠠ ᠵᠢ ᠰᠤᠯᠢᠬᠤ᠂ ᠤᠨᠲᠠᠬᠤ ᠥᠷᠥᠭᠡ ᠵᠢ ᠰᠢᠨᠡᠳᠬᠡᠬᠦ᠂ ᠵᠢᠱ᠌ᠢᠶᠡᠯᠡᠪᠡᠯ ᠵᠣᠷᠯᠣᠩ᠎ᠤᠨ ᠤᠬᠢᠶᠠᠯᠭ᠎ᠠ ᠵᠢᠨ ᠲᠥᠬᠦᠭᠡᠷᠦᠮᠵᠢ ᠵᠢ ᠥᠭᠡᠷᠡᠴᠢᠯᠡᠬᠦ᠂ ᠲᠣᠭᠣᠭ᠋ᠠᠨ ᠭᠡᠷ᠎ᠤᠨ ᠲᠥᠬᠦᠭᠡᠷᠦᠮᠵᠢ ᠵᠢ ᠥᠭᠡᠷᠡᠴᠢᠯᠡᠬᠦ᠂ ᠹᠢᠽᠢᠺ᠎ᠤᠨ ᠣᠷᠴᠢᠨ ᠲᠣᠭᠣᠷᠢᠨ᠎ᠢ ᠥᠭᠡᠷᠡᠴᠢᠯᠡᠬᠦ᠂ ᠣᠶᠤᠨᠴᠢ ᠲᠤᠰᠠᠯᠠᠬᠤ ᠦᠢ᠍ᠯᠡᠳᠬᠦᠨ ᠵᠡᠷᠭᠡ 6 ᠶᠡᠬᠡ ᠲᠥᠷᠥᠯ᠎ᠢ ᠪᠠᠭᠲᠠᠭ᠋ᠠᠨ᠎ᠠ ᠭᠡᠵᠦ ᠲᠤᠬᠳᠠᠭ᠋ᠠᠬᠰᠠᠨᠤ ᠲᠤᠳᠤᠷ᠎ᠠ ᠣᠳᠣᠬᠠᠨ᠎ᠳᠤ ᠨᠢᠭᠡᠳᠦᠭᠡᠷ ᠪᠦᠯᠦᠭ᠎ᠤᠨ ᠠᠵᠤ ᠠᠬᠤᠢ᠌ᠯᠠᠯ᠎ᠢ ᠡᠯᠰᠡᠬᠦ ᠪᠠ ᠠᠩᠬ᠎ᠠ ᠬᠢᠨᠠᠬᠤ ᠠᠵᠢᠯ᠎ᠢ ᠨᠢᠭᠡᠨᠲᠡ ᠬᠢᠵᠤ ᠲᠠᠭᠤᠰᠬᠠᠵᠠᠢ᠃