ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠂ ᠤᠯᠤᠰ᠎ᠤᠨ ᠣᠶ ᠰᠢᠭᠤᠢ ᠡᠪᠡᠰᠦ ᠪᠡᠯᠴᠢᠭᠡᠷ᠎ᠤᠨ ᠲᠣᠪᠴᠢᠶ᠎ᠠ ᠵᠢᠨ᠎ᠬᠢᠨ ᠤᠷᠴᠢᠮ᠎ᠳᠤ 《2025 ᠣᠨ᠎ᠤ ᠬᠠᠩᠰᠢ ᠵᠢᠨ ᠲᠠᠬᠢᠯᠭ᠎ᠠ ᠵᠢᠨ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠢ ᠬᠠᠮᠳᠤᠷᠠᠨ ᠳᠠᠷᠤᠮᠠᠯᠯᠠᠨ ᠲᠠᠷᠬᠠᠭ᠋ᠠᠪᠠ᠃ ᠮᠡᠳᠡᠭᠳᠡᠯ᠎ᠳᠤ᠄ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠠᠵᠢᠯ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ ᠬᠡᠷᠡᠭᠲᠡᠢ᠃ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠦᠢ᠍ᠯᠡᠴᠢᠯᠡᠭᠡᠨ᠎ᠤ ᠪᠠᠲᠤᠯᠠᠭ᠎ᠠ ᠵᠢ ᠰᠢᠯᠢᠳᠡᠭᠵᠢᠭᠦᠯᠬᠦ ᠬᠡᠷᠡᠭᠳᠡᠢ᠃ ᠪᠣᠯᠪᠠᠰᠤᠨ ᠳᠠᠬᠢᠯᠭ᠎ᠠ ᠬᠢᠬᠦ ᠵᠢ ᠰᠠᠨᠠᠭ᠋ᠠᠴᠢᠯᠠᠵᠤ᠂ ᠵᠠᠩ ᠳᠠᠳᠬᠠᠯ᠎ᠤᠨ ᠦᠬᠡᠷᠡᠴᠢᠯᠡᠯᠳᠡ ᠵᠢ ᠠᠬᠢᠭᠤᠯᠬᠤ ᠬᠡᠷᠡᠭᠳᠡᠢ᠃ ᠠᠶᠤᠯ ᠦᠬᠡᠢ ᠵᠢᠨ ᠬᠠᠮᠢᠶᠠᠷᠤᠯᠲᠠ ᠵᠢ ᠴᠢᠡᠭᠭ᠋ᠠᠳᠬᠠᠵᠤ ᠭᠠᠯ᠎ᠤᠨ ᠠᠶᠤᠯ᠎ᠤᠨ ᠲᠦᠭᠰᠢᠭᠦᠷᠢ ᠵᠢ ᠰᠡᠷᠭᠡᠢ᠌ᠯᠡᠬᠦ ᠬᠡᠷᠡᠭᠲᠡᠢ᠃ ᠤᠬᠠᠭᠤᠯᠤᠨ ᠵᠢᠯᠤᠭᠣᠳᠬᠤ ᠠᠵᠢᠯ᠎ᠢ ᠭᠦᠨᠵᠡᠭᠡᠢ᠌ᠷᠡᠭᠦᠯᠵᠦ᠂ ᠣᠷᠣᠰᠢᠭᠤᠯᠭ᠎ᠠ ᠵᠢᠨ ᠰᠢᠨ᠎ᠡ ᠰᠤᠷᠲᠠᠯ᠎ᠢ ᠪᠣᠶ ᠪᠣᠯᠭ᠋ᠠᠵᠤ᠂ ᠠᠮᠤᠷ ᠠᠮᠤᠭᠤᠯᠠᠩ᠂ ᠪᠣᠯᠪᠠᠰᠤᠨ᠂ ᠥᠯᠵᠡᠢ ᠪᠡᠯᠭᠡ᠎ᠲᠠᠢ ᠳᠠᠬᠢᠯᠭ᠎ᠠ ᠵᠢᠨ ᠠᠭᠤᠷ ᠠᠮᠢᠰᠬᠤᠯ᠎ᠢ ᠪᠣᠶ ᠪᠤᠯᠭ᠋ᠠᠬᠤ ᠬᠡᠷᠡᠭᠳᠡᠢ ᠭᠡᠵᠤ ᠱᠠᠭ᠋ᠠᠷᠳᠠᠵᠠᠢ᠃
ᠨᠡᠢ᠌ᠭᠡᠮ᠎ᠤᠨ ᠲᠤᠰᠠᠯᠠᠮᠵᠢ
ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠨᠡᠢ᠌ᠭᠡᠮ᠎ᠤᠨ ᠲᠤᠰᠠᠯᠠᠮᠵᠢ ᠵᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢᠨ 《ᠳᠤᠲᠠᠭᠤ ᠲᠤᠷᠭᠤᠨ ᠪᠠᠢ᠌ᠯᠭ᠋ᠠᠬᠤ》᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ 《ᠶᠣᠰᠣᠨ ᠲᠡᠳᠦᠢ ᠥᠩᠭᠡᠷᠡᠭᠦᠯᠬᠦ》᠂ ᠦᠢ᠍ᠯᠡᠴᠢᠯᠡᠭᠡᠨ᠎ᠤ ᠪᠠᠲᠤᠯᠠᠭ᠎ᠠ ᠵᠢᠨ 《ᠪᠠᠷᠢᠮᠵᠢᠶ᠎ᠠ᠎ᠳᠤ ᠬᠦᠷᠬᠦ ᠦᠭᠡᠢ》 ᠭᠤᠷᠪᠠᠨ ᠶᠡᠬᠡ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠭ᠋ᠠᠲᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠎ᠢ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠲᠤᠰᠠᠯᠠᠬᠤ ᠪᠥᠬᠥ ᠬᠡᠯᠬᠢᠶ᠎ᠡ ᠵᠢᠨ ᠲᠣᠭᠣᠷᠢᠨ᠎ᠳᠤ 10 ᠪᠣᠳᠠᠲᠠᠢ ᠠᠰᠠᠭᠤᠳᠠᠯ᠎ᠤᠨ ᠴᠢᠭᠯᠡᠯ᠎ᠢ ᠡᠮᠬᠢᠯᠡᠨ ᠭᠠᠷᠭ᠋ᠠᠵᠤ᠂ 3 ᠲᠥᠷᠥᠯ᠎ᠤᠨ ᠠᠵᠢᠯ᠎ᠤᠨ ᠡᠬᠡ ᠲᠠᠩᠰᠠ ᠵᠢ ᠢᠵᠢ ᠪᠦᠷᠢᠳᠦᠭᠦᠯᠦᠨ ᠲᠤᠬᠳᠠᠭ᠋ᠠᠬᠰᠠᠨᠤ ᠬᠠᠮᠲᠤ ᠴᠡᠭᠴᠡᠯᠡᠨ ᠵᠠᠰᠠᠬᠤ 84 ᠲᠣᠳᠣᠷᠬᠠᠢ ᠬᠠᠭᠤᠳᠠᠰᠤ ᠪᠠ 1 ᠠᠬᠢᠴᠠ ᠵᠢᠨ ᠪᠦᠷᠢᠳᠬᠡᠯ᠎ᠤᠨ ᠬᠦᠰᠦᠨᠦᠭᠲᠦ ᠵᠢ ᠨᠠᠷᠢᠯᠢᠭᠵᠢᠭᠤᠯᠤᠨ ᠲᠡᠬᠦᠯᠳᠡᠷᠵᠢᠬᠦᠯᠤᠨ᠎ᠡ ᠭᠡᠵᠦ ᠲᠣᠭᠲᠠᠭ᠋ᠠᠵᠠᠢ᠃ 《ᠠᠰᠠᠭᠤᠳᠠᠯ᠎ᠤᠨ ᠨᠠᠷᠢᠨ ᠲᠠᠩᠰᠠ + ᠬᠠᠷᠢᠭᠤᠴᠠᠯᠭ᠎ᠠ ᠵᠢᠨ ᠨᠠᠷᠢᠨ ᠲᠠᠩᠰᠠ + ᠴᠡᠭᠴᠡᠯᠡᠨ ᠰᠠᠢ᠌ᠵᠢᠷᠠᠭᠤᠯᠬᠤ ᠨᠠᠷᠢᠨ ᠲᠠᠩᠰᠠ》 ᠵᠢᠨ ᠪᠢᠲᠡᠭᠦᠦ ᠴᠠᠭ᠋ᠠᠷᠢᠭ᠎ᠤᠨ ᠲᠣᠭᠲᠠᠴᠠ ᠵᠢ ᠪᠠᠶ᠋ᠢᠭᠤᠯᠬᠤ᠎ᠪᠠᠷ ᠳᠠᠮᠵᠢᠭᠤᠯᠤᠨ ᠴᠡᠭᠴᠡᠯᠡᠨ ᠵᠠᠰᠠᠬᠤ ᠠᠵᠢᠯ᠎ᠤᠨ ᠬᠥᠨᠳᠡᠯᠡᠨ ᠴᠢᠭᠯᠡᠯ ᠵᠶ᠋ᠡᠷ ᠲᠤᠭᠤᠰᠢᠳᠠᠢ ᠪᠠᠢ᠌ᠬᠤ ᠵᠢ ᠪᠠᠲᠤᠯᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠨᠠᠭ᠋ᠠᠲᠤ ᠵᠠᠬ᠎ᠠ ᠵᠢᠨ ᠬᠣᠷᠢᠭ᠎ᠠ ᠱᠤᠭᠤᠮ᠎ᠢ ᠦᠨᠡᠨ ᠬᠦ᠌ ᠰᠠᠢ᠌ᠲᠤᠷ ᠪᠠᠲᠤᠯᠠᠬᠤ ᠬᠡᠷᠡᠭᠲᠡᠢ ᠬᠡᠵᠡᠢ᠃
ᠨᠡᠢ᠌ᠭᠡᠮ᠎ᠤᠨ ᠶᠠᠪᠤᠳᠠᠯ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠣᠷᠣᠰᠢᠭᠤᠯᠭ᠎ᠠ ᠵᠢᠨ ᠦᠢ᠍ᠯᠡᠴᠢᠯᠡᠭᠡ ᠵᠢ ᠭᠤᠷᠪᠠᠨ ᠶᠡᠬᠡ ᠠᠷᠭ᠎ᠠ᠎ᠪᠠᠷ ᠰᠢᠯᠢᠳᠡᠭᠵᠢᠭᠦᠯᠪᠡ᠄ 2024 ᠣᠨ᠎ᠤ 7 ᠰᠠᠷ᠎ᠠ᠎ᠳᠤ 《ᠬᠦᠬᠡᠬᠤᠳᠠ ᠵᠢᠨ ᠣᠷᠣᠰᠢᠭᠤᠯᠭ᠎ᠠ ᠵᠢᠨ ᠲᠠᠪᠴᠠᠩ》᠎ᠢ ᠰᠦᠯᠵᠢᠶᠡᠨ᠎ᠳᠤ ᠭᠠᠷᠭ᠋ᠠᠵᠤ᠂ ᠰᠦᠯᠵᠢᠶᠡᠨ ᠳᠡᠭᠡᠷ᠎ᠡ ᠭᠤᠶᠤᠴᠢᠯᠠᠬᠤ᠂ ᠪᠣᠯᠵᠣᠬᠤ᠂ ᠯᠠᠪᠯᠠᠬᠤ 《 ᠦᠷᠳᠡᠬᠡᠴᠢᠯᠡᠭᠰᠡᠨ》 ᠬᠦᠢ᠍ᠴᠡᠳᠬᠡᠯᠳᠡ ᠵᠢ ᠪᠡᠶᠡᠯᠡᠭᠦᠯᠵᠦ᠂ ᠪᠡᠯᠪᠡᠰᠤᠷᠠᠯ ᠦᠢ᠍ᠯᠡᠳᠦᠭᠴᠢ 5426 ᠭᠡᠷ ᠪᠦᠯᠢ᠎ᠳᠤ ᠦᠢ᠍ᠯᠡᠴᠢᠯᠡᠵᠦ᠂ ᠠᠵᠢᠯ᠎ᠤᠨ ᠦᠷ᠎ᠡ ᠪᠦᠲᠦᠮᠵᠢ ᠵᠢ 40%᠎ᠪᠠᠷ ᠳᠡᠭᠡᠭᠰᠢᠯᠡᠭᠦᠯᠪᠡ᠃ ᠪᠦᠬᠦ ᠵᠢᠯ᠎ᠳᠤ 《ᠰᠦᠯᠵᠢᠶᠡᠨ ᠳᠡᠭᠡᠷᠡᠬᠢ ᠡᠭᠦᠯᠡᠨ ᠲᠠᠬᠢᠯᠭ᠎ᠠ》ᠵᠢᠨ ᠴᠢᠳᠠᠪᠬᠢ ᠵᠢ ᠨᠡᠭᠡᠭᠡᠵᠦ ᠲᠣᠭ᠋ᠠᠴᠢᠯᠠᠭᠰᠠᠨ ᠬᠡᠯᠪᠡᠷᠢ᠎ᠪᠠᠷ ᠤᠯᠠᠮᠵᠢᠯᠠᠯᠲᠤ ᠲᠠᠬᠢᠯᠭ᠎ᠠ ᠵᠢᠨ ᠰᠣᠶᠣᠯ᠎ᠢ ᠤᠯᠠᠮᠵᠢᠯᠠᠭ᠋ᠠᠳ 1.17 ᠲᠦᠮᠡᠨ ᠤᠳᠠᠭ᠎ᠠ᠎ᠳᠤ ᠬᠦᠷᠴᠡᠢ᠃ 《96444》 ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠲᠤᠰᠬᠠᠢ ᠤᠳᠠᠰᠤ ᠵᠢ ᠡᠳᠤᠷ ᠰᠦᠨᠢ ᠦᠡᠢ ᠨᠠᠪᠲᠠᠷᠡᠭᠦᠯᠵᠦ᠂ ᠵᠥᠪᠯᠡᠯᠭᠡ ᠥᠭᠬᠦ᠂ ᠪᠣᠯᠵᠣᠬᠤ ᠪᠠ ᠬᠢᠨᠠᠯᠲᠠ ᠲᠠᠯᠪᠢᠬᠤ ᠭᠣᠮᠣᠳᠠᠯ ᠱᠠᠭ᠋ᠠᠷᠳᠠᠯᠭ᠎ᠠ ᠵᠢ ᠨᠡᠢ᠍ᠢ᠍ᠳᠡ 5843 ᠬᠤᠪᠢ ᠬᠦᠯᠢᠶᠡᠨ ᠠᠪᠴᠤ ᠰᠢᠢ᠍ᠳᠪᠦᠷᠢᠯᠡᠭᠡᠳ᠂ ᠲᠣᠬᠢᠶᠠᠯᠳᠤᠯ ᠵᠶ᠋ᠠᠷ ᠬᠠᠷᠢᠭᠤ ᠰᠤᠷᠪᠤᠯᠵᠢᠯᠠᠬᠤ᠎ᠳᠤ ᠰᠡᠳᠬᠢᠯ ᠬᠠᠨᠤᠮᠵᠢᠲᠠᠶ ᠪᠠᠢ᠌ᠬᠤ ᠬᠡᠮᠵᠢᠶ᠎ᠡ 95%᠎ᠠᠴᠠ ᠳᠡᠭᠡᠭᠰᠢ᠎ᠳᠤ ᠬᠦᠷᠴᠡᠢ᠃ 《ᠰᠦᠯᠵᠢᠶᠡᠨ ᠳᠡᠭᠡᠷᠡᠬᠢ + ᠲᠤᠰᠬᠠᠢ ᠱᠤᠭᠤᠮ》᠎ᠤᠨ ᠦᠢ᠍ᠯᠡᠴᠢᠯᠡᠭᠡᠨ᠎ᠤ ᠰᠢᠰᠲᠸᠮ᠎ᠢ ᠪᠠᠶ᠋ᠢᠭᠤᠯᠬᠤ᠎ᠪᠠᠷ ᠳᠠᠮᠵᠢᠭᠤᠯᠤᠨ ᠣᠯᠠᠨ ᠲᠦᠮᠡᠨ᠎ᠤ ᠪᠡᠯᠪᠡᠰᠦᠷᠡᠯ ᠦᠢ᠍ᠯᠡᠳᠬᠦ ᠶᠠᠪᠤᠴᠠ᠎ᠨᠢ ᠶᠠᠷᠰᠢᠭ ᠲᠦᠪᠡᠭᠲᠡᠢ᠂ ᠲᠠᠬᠢᠯᠭ᠎ᠠ ᠬᠢᠬᠦ᠎ᠳᠤ ᠳᠥᠭᠥᠮ ᠦᠭᠡᠢ᠂ ᠠᠰᠠᠭᠤᠨ ᠯᠠᠪᠯᠠᠬᠤ ᠠᠷᠭ᠎ᠠ ᠵᠠᠮ᠎ᠨᠢ ᠰᠢᠯᠤᠭᠤᠨ ᠪᠤᠰᠤ ᠵᠡᠷᠭᠡ ᠬᠦᠴᠢᠷ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠵᠦ ᠦᠢ᠍ᠯᠡᠴᠢᠯᠡᠭᠡᠨ᠎ᠤ ᠦᠷ᠎ᠡ ᠪᠦᠲᠦᠮᠵᠢ ᠬᠢᠭᠡᠳ ᠣᠯᠠᠨ ᠲᠦᠮᠡᠨ᠎ᠤ ᠬᠠᠨᠤᠮᠵᠢ ᠵᠢᠨ ᠬᠡᠮᠵᠢᠶ᠎ᠡ ᠵᠢ ᠵᠡᠷᠬᠡ᠎ᠪᠠᠷ ᠲᠡᠭᠡᠭᠰᠢᠯᠡᠬᠦᠯᠵᠤ ᠴᠢᠳᠠᠯ᠎ᠠ᠃
ᠨᠠᠰᠤᠲᠠᠢ᠌ᠴᠤᠳ᠎ᠤᠨ ᠠᠵᠢᠯ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠠᠰᠤᠵᠢᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠢᠳᠡᠪᠬᠢᠲᠡᠢ ᠠᠬᠢᠭᠤᠯᠵᠤ᠂ ᠪᠤᠭᠤᠳᠤ ᠬᠣᠲᠠ ᠵᠢᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠪᠠ ᠡᠯ᠎ᠡ ᠱᠠᠲᠤᠨ᠎ᠤ ᠨᠠᠰᠤᠲᠠᠢ᠌ᠴᠤᠳ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ᠎ᠪᠠᠷ ᠳᠠᠮᠵᠢᠭᠤᠯᠤᠨ ᠣᠯᠠᠨ ᠶᠠᠩᠵᠤ ᠬᠡᠯᠪᠡᠷᠢ ᠵᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠢ ᠥᠷᠭᠡᠨ ᠵᠶ᠋ᠡᠷ ᠦᠷᠨᠢᠬᠦᠯᠤᠬᠡᠳ ᠲᠠᠯᠠᠪᠠᠶ ᠵᠢᠨ ᠪᠥᠵᠢᠭ᠂ ᠨᠡᠷᠡᠬᠦᠢ ᠨᠢᠳᠤᠷᠭ᠎ᠠ᠂ ᠡᠭᠦᠳᠡᠨ ᠪᠥᠮᠪᠥᠭᠡ᠂ ᠢᠳᠡᠷᠡᠭᠦᠨ ᠠᠯᠬᠤᠭ᠎ᠠ ᠵᠡᠷᠭᠡ᠎ᠨᠢ ᠨᠠᠰᠤᠲᠠᠢ᠌ᠴᠤᠳ᠎ᠤᠨ ᠬᠦᠷᠢᠶᠡᠯᠡᠯ᠎ᠢ ᠶᠡᠬᠡᠳᠡ ᠣᠯᠣᠭᠰᠠᠨ ᠪᠠᠢ᠌ᠨ᠎ᠠ᠃ ᠪᠤᠭᠤᠲᠤ ᠬᠣᠲᠠ᠎ᠳᠤ ᠡᠯ᠎ᠡ ᠱᠠᠲᠤᠨ᠎ᠤ ᠨᠠᠰᠤᠲᠠᠢ᠌ᠴᠤᠳ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ᠎ᠢ 50 ᠭᠠᠷᠤᠢ ᠪᠠᠢ᠌ᠭᠤᠯᠵᠤ᠂ ᠪᠥᠬᠥ ᠬᠣᠲᠠ ᠵᠢᠨ ᠡᠯ᠎ᠡ ᠬᠣᠰᠢᠭᠤ ᠰᠢᠶᠠᠨ ᠲᠣᠭᠣᠷᠢᠭ᠎ᠢ ᠬᠠᠮᠤᠷᠤᠭᠰᠠᠨ᠂ ᠵᠢᠯ ᠪᠦᠷᠢ ᠳᠤᠮᠳᠠᠴᠢ᠎ᠪᠠᠷ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠣᠷᠣᠯᠴᠠᠭᠰᠠᠨ ᠨᠠᠰᠤᠲᠠᠢ᠌ᠴᠤᠳ 10 ᠲᠦᠮᠡᠨ ᠤᠳᠠᠭ᠎ᠠ ᠵᠢ ᠳᠠᠪᠠᠵᠤ᠂ ᠨᠠᠰᠤᠲᠠᠢ᠌ᠴᠤᠳ᠎ᠤᠨ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠪᠠ᠃
ᠬᠡᠦᠬᠡᠳ᠎ᠤᠨ ᠠᠰᠠᠷᠠᠮᠵᠢ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠡᠷᠡᠭᠦᠯ ᠵᠶ᠋ᠡᠷ ᠦᠰᠦᠨ ᠪᠣᠢ᠌ᠵᠢᠬᠤ ᠪᠠ ᠬᠡᠦᠬᠡᠳ᠎ᠤᠨ ᠡᠷᠬᠢᠯᠡᠭᠴᠢ ᠵᠢᠨ ᠠᠵᠢᠯ᠎ᠤᠨ ᠦᠨᠡᠯᠡᠬᠦ ᠲᠣᠭᠲᠠᠴᠠ ᠵᠢ ᠤᠯᠠᠨ ᠠᠷᠭ᠎ᠠ᠎ᠪᠠᠷ ᠢᠳᠡᠪᠬᠢᠲᠡᠢ ᠲᠡᠭᠦᠯᠳᠡᠷᠵᠢᠭᠦᠯᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠨᠢ ᠵᠢᠯ ᠪᠦᠷᠢ ᠬᠡᠦᠬᠡᠳ᠎ᠤᠨ ᠡᠷᠬᠢᠯᠡᠭᠴᠢ ᠵᠢᠨ ᠠᠵᠢᠯ᠎ᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠦᠨᠳᠦᠰᠦᠯᠡᠨ ᠵᠣᠬᠢᠬᠤ ᠨᠥᠬᠥᠪᠦᠷᠢ ᠣᠯᠭᠣᠵᠤ᠂ ᠬᠡᠦᠬᠡᠳ᠎ᠤᠨ ᠠᠵᠢᠯᠲᠠᠨ᠎ᠤ ᠢᠳᠡᠪᠬᠢᠵᠢᠯ᠎ᠢ ᠪᠦᠲᠦᠮᠵᠢᠲᠡᠶ ᠲᠠᠢ᠌ᠴᠢᠯᠠᠬᠰᠠᠨᠤ ᠬᠠᠮᠲᠤ ᠨᠠᠮ᠎ᠤᠨ ᠪᠠᠢ᠌ᠭᠤᠯᠤᠯᠲᠠ ᠵᠢᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠨᠠᠮ᠎ᠤᠨ ᠭᠡᠰᠢᠭᠦᠨ ᠰᠠᠢ᠌ᠨ ᠲᠤᠷᠠᠴᠤᠤᠯ᠎ᠤᠨ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠲᠣᠭᠲᠠᠮᠠᠯ ᠬᠤᠭᠤᠴᠠᠭ᠎ᠠ᠎ᠲᠠᠢ᠎ᠪᠠᠷ ᠭᠡᠷ᠎ᠲᠤ᠎ᠨᠢ ᠬᠦᠷᠴᠦ ᠰᠤᠷᠪᠤᠯᠵᠢᠯᠠᠬᠤ᠂ ᠤᠲᠠᠰᠤ᠎ᠪᠠᠷ ᠬᠠᠷᠢᠭᠤ ᠰᠤᠷᠪᠤᠯᠵᠢᠯᠠᠬᠤ ᠪᠠ ᠲᠠᠢ᠌ᠳᠬᠤᠷᠠᠭᠤᠯᠬᠤ ᠵᠡᠷᠭᠡ ᠳᠣᠲᠣᠨᠣ ᠦᠢ᠍ᠯᠡᠴᠢᠯᠡᠭᠡ ᠬᠠᠩᠭ᠋ᠠᠬᠤ᠎ᠪᠠᠷ ᠲᠡᠳᠡᠨ ᠠᠪᠴᠢᠷᠠᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠵᠣᠯ ᠵᠢᠷᠭ᠋ᠠᠯᠲᠤ ᠲᠦᠷᠦᠭᠳᠡᠯ ᠪᠠ ᠬᠦᠷᠲᠡᠮᠵᠢ ᠵᠢᠨ ᠲᠥᠷᠥᠭᠳᠡᠯ᠎ᠢ ᠨᠡᠮᠡᠭᠳᠡᠭᠦᠯᠵᠦ᠂ ᠣᠲᠣ ᠪᠣᠯᠲᠠᠯ᠎ᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ 70 ᠭᠠᠷᠤᠢ ᠤᠳᠠᠭ᠎ᠠ ᠦᠢ᠍ᠯᠡᠴᠢᠯᠡᠭᠰᠡᠨ ᠪᠠᠢ᠌ᠨ᠎ᠠ᠃