ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.5
ᠨᠡᠶᠢᠲᠡᠯᠡᠭᠰᠡᠨ ᠴᠠᠭ᠄ 2025-03-05

ᠠᠷᠠᠳ᠎ᠤᠨ ᠶᠠᠪᠤᠳᠠᠯ᠎ᠤᠨ ᠶᠠᠮᠤᠨ


  ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠦᠪᠯᠡᠯ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ 8 ᠰᠠᠯᠠᠭ᠎ᠠ ᠮᠥᠴᠢᠷ ᠬᠠᠮᠲᠤᠷᠠᠨ ᠤᠷᠴᠢᠮ᠎ᠳᠤ 《ᠲᠦᠭᠡᠮᠡᠯ ᠬᠠᠷᠠᠭ᠋ᠠᠯᠵᠠᠯᠲᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠬᠤ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ᠂ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠬᠡᠪᠴᠢᠶ᠎ᠡ ᠵᠢ ᠥᠷᠭᠡᠳᠬᠡᠬᠦ ᠵᠢ ᠠᠬᠢᠭᠤᠯᠬᠤ᠂ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠣᠢ᠌ᠵᠢᠭᠤᠯᠤᠨ ᠬᠥᠭᠵᠢᠭᠦᠯᠬᠦ᠂ ᠦᠯᠡᠳᠡᠭᠡᠯ ᠡᠳ᠋ ᠬᠥᠷᠥᠩᠭᠡ ᠵᠢ ᠨᠢᠭᠡᠳᠦᠯᠲᠡᠢ ᠲᠥᠯᠥᠪᠯᠡᠨ ᠠᠰᠢᠭᠯᠠᠬᠤ᠂ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠦᠨ᠎ᠡ ᠬᠠᠩᠰᠢ ᠵᠢᠨ ᠪᠦᠷᠢᠯᠳᠦᠬᠦ ᠲᠣᠭᠲᠠᠴᠠ ᠵᠢ  ᠲᠡᠬᠦᠯᠳᠡᠷᠵᠢᠬᠦᠯᠬᠦ᠂ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠪᠠ ᠦᠢ᠍ᠯᠡᠴᠢᠯᠡᠭᠡ ᠵᠢ ᠰᠢᠯᠢᠳᠡᠭᠵᠢᠭᠦᠯᠬᠦ᠂ ᠬᠦᠭᠵᠢᠬᠦᠯᠤᠯᠳᠡ ᠵᠢᠨ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠶ ᠪᠣᠯᠭ᠋ᠠᠬᠤ ᠵᠡᠷᠭᠡ ᠵᠢᠷᠭᠤᠭ᠋ᠠᠨ ᠲᠠᠯ᠎ᠠ ᠵᠢᠨ ᠠᠷᠭ᠎ᠠ ᠵᠢ  ᠲᠤᠷᠠᠳᠤᠯ᠎ᠠ᠃


   ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠣᠶᠠᠷ ᠡᠳᠦᠷ᠎ᠤᠨ ᠬᠤᠭᠤᠴᠠᠭ᠎ᠠ ᠎ᠲᠠᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ ᠡᠷᠭᠢᠯᠡᠵᠦ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠫᠷᠤᠹᠸᠰᠰᠤᠷ ᠪᠠ ᠪᠡᠭᠡᠵᠢᠩ᠂ ᠬᠠᠩᠵᠧᠦ ᠵᠡᠷᠭᠡ ᠭᠠᠵᠠᠷ ᠣᠷᠣᠨ᠎ᠤ ᠠᠵᠢᠯ ᠲᠥᠷᠥᠯ᠎ᠤᠨ ᠳᠣᠲᠣᠷᠠᠬᠢ ᠨᠡᠷ᠎ᠡ ᠬᠦᠨᠳᠦᠲᠦ ᠲᠤᠰᠬᠠᠢ ᠮᠡᠷᠭᠡᠵᠢᠯᠲᠡᠨ᠎ᠢ ᠲᠤᠰᠬᠠᠢ᠌ᠯᠠᠨ ᠤᠷᠢᠵᠤ ᠲᠤᠰᠬᠠᠢ ᠰᠡᠳᠦᠪ ᠵᠶ᠋ᠡᠷ ᠬᠢᠴᠢᠶᠡᠯᠯᠡᠭᠦᠯᠵᠦ᠂ ᠨᠠᠮ᠎ᠤᠨ ᠪᠠᠢ᠌ᠭᠤᠯᠤᠯᠲᠠ᠎ᠪᠠᠷ ᠳᠠᠭ᠋ᠠᠭᠤᠯᠬᠤ᠂ ᠬᠠᠮᠢᠶᠠᠷᠤᠯᠲᠠ ᠵᠢᠨ ᠲᠠᠯ᠎ᠠ᠎ᠪᠠᠷ ᠰᠢᠨ᠎ᠡ ᠵᠢ ᠡᠭᠦᠳᠬᠦ᠂ ᠦᠢ᠍ᠯᠡᠴᠢᠯᠡᠭᠡ ᠵᠢ ᠥᠷᠭᠡᠳᠬᠡᠬᠦ ᠵᠡᠷᠭᠡ ᠠᠭᠤᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠲᠤᠰᠬᠠᠢ ᠰᠡᠳᠦᠪ ᠵᠶ᠋ᠡᠷ ᠵᠢᠯᠤᠭᠣᠳᠬᠤ᠂ ᠬᠡᠷᠡᠭ᠎ᠤᠨ ᠵᠢᠱ᠌ᠢᠶ᠎ᠡ ᠵᠢ ᠰᠤᠳᠤᠯᠤᠨ ᠶᠠᠷᠢᠯᠴᠠᠬᠤ᠂ ᠲᠤᠷᠰᠢᠯᠭ᠎ᠠ᠎ᠪᠠᠨ ᠰᠣᠯᠢᠯᠴᠠᠬᠤ᠂ ᠲᠤᠬᠠᠢ ᠵᠢᠨ ᠲᠠᠯᠠᠪᠤᠷ᠎ᠲᠤ ᠬᠠᠷᠢᠯᠴᠠᠨ ᠬᠥᠳᠡᠯᠦᠯᠴᠡᠬᠦ ᠵᠡᠷᠭᠡ ᠬᠡᠯᠪᠡᠷᠢ᠎ᠪᠠᠷ ᠳᠠᠮᠵᠢᠭᠤᠯᠤᠨ᠂ ᠰᠤᠷᠤᠭᠴᠢᠳ᠎ᠤᠨ ᠬᠠᠷᠠᠭ᠎ᠠ᠎ᠪᠠᠨ ᠥᠷᠭᠡᠳᠬᠡᠬᠦ᠂ ᠴᠢᠳᠠᠪᠤᠷᠢ᠎ᠪᠠᠨ ᠨᠡᠮᠡᠭᠳᠡᠭᠦᠯᠬᠦ᠎ᠳᠤ ᠬᠦᠴᠦᠨ ᠨᠡᠮᠡᠷᠢᠯᠡᠪᠡ᠃ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠬᠣᠲᠠ ᠵᠢᠨ ᠲᠣᠰ ᠱᠠᠲᠤᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠡᠷᠭᠡ ᠨᠡᠶ᠋ᠢᠲᠡ 390 ᠬᠥᠮᠥᠨ ᠪᠣᠯᠪᠠᠰᠤᠷᠠᠯ᠎ᠳᠤ ᠣᠷᠣᠯᠴᠠᠵᠠᠢ᠃


ᠨᠠᠰᠤᠵᠢᠯ᠎ᠤᠨ ᠦᠢ᠍ᠯᠡᠴᠢᠯᠡᠭᠡ


   ᠰᠢᠯᠢ ᠵᠢᠨ ᠭᠣᠣᠯ ᠠᠢ᠌ᠮᠠᠭ᠎ᠤᠨ᠎ᠬᠢᠨ ᠤᠷᠴᠢᠮ᠎ᠳᠤ ᠠᠩᠬᠠᠳᠠᠭᠴᠢ ᠠᠢ᠌ᠮᠠᠭ᠎ᠤᠨ ᠲᠠᠰ᠎ᠤᠨ ᠡᠷᠡᠭᠦᠯᠵᠢᠯ᠎ᠳᠤ ᠲᠤᠰᠠᠯᠠᠬᠤ ᠪᠠᠭ᠋ᠠᠵᠢ  ᠪᠠ ᠨᠠᠰᠤᠵᠢᠯᠲᠠ᠎ᠳᠤ ᠲᠣᠬᠢᠷᠠᠬᠤ ᠦᠢ᠍ᠯᠡᠳᠬᠦᠨ᠎ᠢ ᠳᠡᠯᠭᠡᠨ ᠦᠵᠡᠭᠦᠯᠵᠦ ᠪᠡᠶᠡᠴᠢᠯᠡᠨ ᠣᠢ᠌ᠯᠠᠭ᠋ᠠᠬᠤ ᠲᠥᠪ᠎ᠢ  ᠠᠵᠢᠯ ᠡᠬᠢᠯᠡᠬᠦᠯᠪᠡ᠃ ᠠᠮᠢᠳᠤᠷᠠᠯ᠎ᠤᠨ ᠲᠤᠰᠠᠯᠠᠬᠤ ᠪᠠᠭ᠋ᠠᠵᠢ ᠵᠢᠨ ᠲᠥᠷᠥᠯ᠂ ᠡᠷᠡᠭᠦᠯᠵᠢᠯ᠎ᠤᠨ ᠲᠥᠷᠥᠯ᠂ ᠲᠤᠰᠠᠯᠠᠬᠤ ᠲᠥᠷᠥᠯ᠎ᠤᠨ ᠲᠥᠷᠥᠯ ᠵᠡᠷᠭᠡ ᠵᠢᠷᠭᠤᠭ᠋ᠠᠨ ᠶᠡᠬᠡ ᠲᠥᠷᠥᠯ ᠵᠦᠢ᠍ᠯ᠎ᠢ ᠬᠠᠮᠤᠷᠴᠤ᠂ ᠰᠤᠪᠢᠯᠠᠯᠲᠠ ᠵᠢᠨ ᠣᠷᠣ᠂ ᠤᠬᠢᠶᠠᠯᠭ᠎ᠠ ᠵᠢᠨ ᠰᠠᠨᠳᠠᠯᠢ᠂ ᠣᠢ᠌ᠴᠢᠬᠤ᠎ᠠᠴᠠ ᠰᠡᠷᠬᠡᠢ᠌ᠯᠡᠨ ᠬᠢᠨᠠᠬᠤ ᠷᠠᠳᠠᠷ ᠵᠡᠷᠭᠡ 150 ᠭᠠᠷᠤᠢ ᠵᠦᠢ᠍ᠯ᠎ᠤᠨ ᠦᠢ᠍ᠯᠡᠳᠬᠦᠨ᠎ᠳᠤ ᠬᠣᠯᠪᠣᠭᠳᠠᠨ᠎ᠠ᠃ ᠣᠲᠣ ᠪᠣᠯᠲᠠᠯ᠎ᠠ᠂ ᠪᠥᠬᠥ ᠠᠢ᠌ᠮᠠᠭ᠎ᠤᠨ᠎ᠬᠢᠨ ᠡᠷᠡᠭᠦᠯᠵᠢᠯ᠎ᠤᠨ ᠲᠤᠰᠠᠯᠠᠬᠤ ᠪᠠᠭ᠋ᠠᠵᠢ ᠪᠠ ᠨᠠᠰᠤᠵᠢᠯᠲᠠ᠎ᠳᠤ ᠲᠣᠬᠢᠷᠠᠬᠤ ᠦᠢ᠍ᠯᠡᠳᠬᠦᠨ᠎ᠢ ᠨᠡᠢ᠌ᠭᠡᠮ ᠲᠣᠭᠣᠷᠢᠭ᠎ᠲᠤ ᠣᠷᠣᠭᠤᠯᠬᠤ 30 ᠲᠥᠷᠥᠯ ᠵᠦᠢ᠍ᠯ᠎ᠢ ᠪᠡᠶᠡᠯᠡᠭᠦᠯᠵᠦ᠂ 79% ᠵᠢᠨ ᠵᠡᠭᠡᠯᠢ ᠭᠤᠳᠤᠮᠵᠢ ᠬᠡᠷᠡᠭ ᠡᠷᠬᠢᠯᠡᠬᠦ ᠭᠠᠵᠠᠷ᠎ᠤᠨ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠬᠠᠮᠤᠷᠴᠤ᠂ ᠨᠠᠰᠤᠲᠠᠢ᠌ᠴᠤᠳ᠎ᠲᠤ ᠡᠷᠡᠭᠦᠯᠵᠢᠯ᠎ᠳᠤ ᠲᠤᠰᠠᠯᠠᠬᠤ ᠪᠠᠭ᠋ᠠᠵᠢ ᠬᠡᠷᠡᠭᠰᠡᠯ᠎ᠤᠨ ᠪᠣᠳᠠᠲᠠᠢ ᠰᠢᠯᠭ᠋ᠠᠨ ᠪᠠᠢ᠌ᠴᠠᠭ᠋ᠠᠬᠤ ᠦᠢ᠍ᠯᠡᠴᠢᠯᠡᠭᠡ ᠵᠢ 1523 ᠬᠥᠮᠥᠨ ᠤᠳᠠᠭ᠎ᠠ ᠬᠠᠩᠭ᠋ᠠᠵᠤ᠂ ᠨᠠᠰᠤᠲᠠᠢ᠌ᠴᠤᠳ᠎ᠤᠨ ᠣᠯᠠᠨ ᠶᠠᠩᠵᠤ ᠵᠢᠨ᠂ ᠣᠯᠠᠨ ᠲᠠᠰ ᠳᠠᠪᠬᠤᠷᠭ᠎ᠠ ᠵᠢᠨ ᠡᠷᠡᠭᠦᠯᠵᠢᠯ᠎ᠳᠤ ᠲᠤᠰᠠᠯᠠᠬᠤ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠯᠲᠠ ᠵᠢᠨ ᠦᠢ᠍ᠯᠡᠴᠢᠯᠡᠭᠡᠨ᠎ᠤ ᠬᠡᠷᠡᠭᠴᠡᠭᠡ ᠵᠢ ᠲᠠᠰᠤᠷᠠᠯᠲᠠ ᠦᠭᠡᠢ ᠬᠠᠩᠭ᠋ᠠᠵᠤ ᠪᠠᠢ᠌ᠨ᠎ᠠ᠃
    ᠠᠯᠠᠱ᠌ᠠ ᠠᠢ᠌ᠮᠠᠭ᠎ᠤᠨ ᠨᠠᠰᠤᠲᠠᠢ᠌ᠴᠤᠳ᠎ᠲᠤ ᠬᠠᠮᠤᠭ᠎ᠠᠴᠠ ᠱᠠᠭ᠋ᠠᠷᠳᠠᠬᠳᠠᠬᠤ 《ᠨᠢᠭᠡ ᠴᠠᠭ᠎ᠤᠨ ᠬᠠᠯᠠᠭᠤᠨ ᠬᠣᠭᠣᠯᠠ 》 ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠲᠤᠬᠢᠷᠠᠭᠤᠯᠤᠨ᠂ ᠦᠳᠡᠯᠤᠬᠡ ᠪᠤᠭᠤᠷᠤᠯᠴᠤᠳ᠎ᠤᠨ ᠬᠣᠭᠣᠯᠠᠨ ᠭᠡᠷ ᠵᠶ᠋ᠡᠷ ᠲᠦᠰᠢᠭ ᠪᠣᠯᠭ᠋ᠠᠭᠰᠠᠨ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡᠨ᠎ᠤ ᠰᠢᠨ᠎ᠡ ᠠᠷᠭ᠎ᠠ ᠵᠠᠮ᠎ᠢ ᠰᠦᠪᠡᠭᠴᠢᠯᠡᠨ 《ᠦᠨᠳᠦᠰᠦᠨ ᠪᠠᠳᠤᠯᠠᠭ᠎ᠠ + ᠲᠦᠭᠡᠮᠡᠯ ᠬᠠᠷᠠᠭ᠋ᠠᠯᠵᠠᠯ + ᠣᠯᠠᠨ ᠡᠰᠢᠲᠦ》 ᠬᠣᠭᠣᠯᠠ ᠤᠮᠳᠠ᠎ᠳᠤ ᠲᠤᠰᠠᠯᠠᠬᠤ ᠦᠢ᠍ᠯᠡᠴᠢᠯᠡᠭᠡᠨ᠎ᠤ ᠲᠤᠤᠷᠵᠢᠯ᠎ᠢ ᠠᠯᠬᠤᠮ ᠠᠯᠬᠤᠮ ᠵᠶ᠋ᠠᠷ ᠪᠣᠶ ᠪᠣᠯᠭ᠋ᠠᠵᠤ᠂ ᠪᠥᠬᠥ ᠠᠢ᠌ᠮᠠᠭ ᠵᠶ᠋ᠠᠷ ᠵᠶ᠋ᠠᠨ 26 ᠦᠳᠡᠯᠤᠬᠡ ᠪᠤᠭᠤᠷᠤᠯᠴᠤᠳ᠎ᠤᠨ ᠬᠣᠭᠣᠯᠠᠨ ᠭᠡᠷ᠎ᠢ ᠪᠠᠢ᠌ᠭᠤᠯᠵᠤ᠂ ᠨᠠᠰᠤᠲᠠᠢ᠌ᠴᠤᠳ᠎ᠤᠨ ᠬᠣᠭᠣᠯᠠ ᠤᠮᠳᠠ᠎ᠳᠤ ᠲᠤᠰᠠᠯᠠᠬᠤ ᠬᠣᠭᠣᠯᠠᠨ ᠭᠡᠷ᠎ᠢ13  ᠪᠠᠢ᠌ᠭᠤᠯᠵᠤ ᠥᠭᠪᠡ᠃ 2024 ᠣᠨ᠎ᠳᠤ 7000 ᠭᠠᠷᠤᠢ ᠬᠥᠮᠥᠨ ᠤᠳᠠᠭ᠎ᠠ᠎ᠳᠤ ᠦᠢ᠍ᠯᠡᠴᠢᠯᠡᠵᠦ᠂ 1.6 ᠲᠦᠮᠡ ᠭᠠᠷᠤᠢ ᠲᠥᠭᠥᠷᠢᠭ᠎ᠤᠨ ᠨᠥᠬᠥᠪᠦᠷᠢ ᠣᠯᠭᠣᠵᠠᠢ᠃
 
ᠬᠡᠦᠬᠡᠳ᠎ᠤᠨ ᠠᠰᠠᠷᠠᠮᠵᠢ


    ᠤᠷᠴᠢᠮ᠎ᠳᠤ ᠬᠤᠷᠠᠯᠳᠤᠬᠰᠠᠨ ᠪᠥᠬᠥ ᠤᠯᠤᠰ᠎ᠤᠨ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠎ᠤᠨ᠎ᠬᠢᠨ᠎ᠤ ᠬᠥᠬᠢᠭᠦᠯᠦᠨ ᠰᠠᠢ᠌ᠰᠢᠶᠠᠬᠤ ᠶᠡᠬᠡ ᠬᠤᠷᠠᠯ  ᠲᠡᠬᠡᠷ᠎ᠡ ᠪᠤᠭᠤᠲᠤ ᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ 2024 ᠣᠨ᠎ᠤ ᠪᠥᠬᠥ ᠤᠯᠤᠰ᠎ᠤᠨ ᠭᠤᠷᠪᠠᠨ ᠰᠠᠷ᠎ᠠ ᠵᠢᠨ ᠨᠠᠢ᠍ᠮᠠᠨ᠎ᠤ ᠤᠯᠠᠭ᠋ᠠᠨ ᠲᠤᠬ᠍ᠴᠢ ᠵᠢᠨ ᠬᠠᠮᠲᠤ ᠵᠢᠨ ᠴᠣᠯᠠ ᠵᠢ ᠭᠥᠷᠳᠡᠪᠡ᠃ ᠠᠰᠠᠷᠠᠮᠵᠢ ᠵᠢᠨ ᠬᠦᠷᠢᠶᠡᠯᠡᠩ᠎ᠢ 1950 ᠣᠨ᠎ᠳᠤ ᠡᠬᠢᠯᠡᠨ ᠪᠠᠢ᠌ᠭᠤᠯᠵᠤ᠂ ᠡᠮᠡᠭᠲᠡᠢ ᠠᠵᠢᠯᠲᠠᠨ ᠠᠵᠢᠯᠴᠢᠨ᠎ᠤ ᠡᠵᠡᠯᠡᠬᠦ ᠬᠠᠷᠢᠴᠠᠯ᠎ᠨᠢ ᠠᠷᠪᠠᠨ᠎ᠤ ᠨᠠᠢ᠍ᠮᠠᠨ ᠬᠤᠪᠢ ᠵᠢ ᠳᠠᠪᠠᠵᠤ᠂ ᠠᠵᠢᠯ᠎ᠤᠨ ᠳᠤᠮᠳᠠᠬᠢ ᠲᠤᠯᠭ᠋ᠠᠭᠤᠷᠢ ᠬᠦᠴᠤ ᠪᠣᠯᠵᠠᠢ᠃ ᠲᠡᠳᠡ ᠬᠡᠦᠬᠡᠳ᠎ᠢ ᠥᠰᠬᠡᠨ ᠬᠥᠮᠥᠵᠢᠭᠦᠯᠬᠦ᠂ ᠡᠮ ᠡᠮᠨᠡᠯᠭᠡ ᠡᠷᠡᠭᠦᠯᠵᠢᠯ᠂ ᠣᠨᠴᠠᠭ᠋ᠠᠢ ᠰᠤᠷᠭ᠋ᠠᠨ ᠬᠥᠮᠦᠵᠢᠯ ᠵᠡᠷᠭᠡ ᠲᠠᠯ᠎ᠠ᠎ᠪᠠᠷ ᠭᠠᠷᠮᠠᠭ᠋ᠠᠢ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ ᠵᠶ᠋ᠠᠨ ᠢᠯᠡᠷᠡᠭᠦᠯᠵᠦ᠂ ᠠᠰᠠᠷᠠᠨ ᠲᠡᠵᠢᠭᠡᠬᠦ ᠬᠥᠮᠥᠰ᠎ᠤᠨ ᠵᠣᠯ ᠵᠢᠷᠭ᠋ᠠᠯᠲᠤ ᠠᠮᠢᠳᠤᠷᠠᠯ᠎ᠳᠤ ᠠᠮᠢᠵᠢᠷᠠᠯ ᠨᠡᠮᠡᠷᠢᠯᠡᠵᠦ ᠪᠤᠭᠤᠲᠤ ᠬᠤᠳᠠ ᠵᠢᠨ᠎ᠬᠢᠨ᠎ᠤ ᠠᠰᠠᠷᠠᠮᠵᠢ ᠵᠢᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠤᠬᠰᠠᠨ ᠪᠠᠢ᠌ᠨ᠎ᠠ᠃




        


   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.6
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.7
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.10
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.14
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠨ ᠵᠢᠨ ᠲᠢᠩᠬᠢᠮ᠎ᠤᠨ᠎ᠬᠢᠨ ᠮᠠᠨ᠎ᠤ ᠲᠢᠩᠬᠢᠮ᠎ᠳᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠢ᠌ᠴᠠᠭ᠋ᠠᠨ ᠰᠤᠳᠤᠯᠪᠠ
 
            