ᠴᠢᠬᠤᠯᠠ ᠮᠡᠳᠡᠭᠡ
ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ 2 ᠳ᠋ᠤᠭ᠋ᠠᠷ ᠰᠠᠷ᠎ᠠ ᠵᠢᠨ 27᠎ᠤ ᠡᠳᠦᠷ 2025 ᠣᠨ᠎ᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠠᠵᠢᠯ᠎ᠤᠨ ᠬᠤᠷᠠᠯ ᠬᠤᠷᠠᠯᠳᠤᠭᠤᠯᠵᠤ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠭᠤᠷᠪᠠᠳᠤᠭ᠋ᠠᠷ ᠤᠳᠠᠭ᠋ᠠᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠵᠢᠯ᠎ᠤᠨ ᠬᠤᠷᠠᠯᠳᠤᠭ᠋ᠠᠨ᠂ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠨᠠᠮ᠎ᠤᠨ ᠠᠵᠢᠯ ᠪᠠ ᠰᠠᠬᠢᠯᠭ᠎ᠠ ᠪᠠᠲᠤ ᠪᠠᠢ᠌ᠴᠠᠭ᠋ᠠᠬᠤ ᠠᠵᠢᠯ᠎ᠤᠨ ᠬᠤᠷᠠᠯᠳᠤᠭ᠋ᠠᠨ᠎ᠤ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ 2025 ᠣᠨ᠎ᠳᠤ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠠᠵᠢᠯ᠎ᠢ ᠪᠠᠢ᠌ᠷᠢᠯᠠᠭᠤᠯᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ᠂ ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠱᠦᠵᠢ ᠲᠠᠩ ᠴᠧᠩ ᠫᠧᠢ ᠬᠤᠷᠠᠯ᠎ᠢ ᠡᠷᠭᠢᠯᠡᠪᠡ᠃ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠤᠮᠳᠠᠳᠤ ᠤᠯᠤᠰ᠎ᠤᠨ ᠨᠠᠰᠤᠲᠠᠢ᠌ᠴᠤᠳ᠎ᠤᠨ ᠨᠡᠢ᠌ᠭᠡᠮᠯᠢᠭ᠎ᠤᠨ ᠳᠠᠷᠤᠭ᠎ᠠ ᠯᠢᠦ ᠵᠧᠨ ᠭᠦᠸᠧ ᠬᠤᠷᠠᠯ᠎ᠳᠤ ᠤᠷᠤᠯᠴᠠᠵᠠᠢ᠃
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ
ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 2 ᠳ᠋ᠤᠭ᠋ᠠᠷ ᠰᠠᠷ᠎ᠠ ᠵᠢᠨ 27᠎ᠤ ᠡᠳᠦᠷ᠂ ᠪᠥᠬᠥ ᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠨ᠎ᠤ ᠪᠠᠢ᠌ᠴᠠᠭ᠋ᠠᠯᠲᠠ ᠵᠢᠨ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠬᠡᠳ ᠣᠨ᠎ᠤ ᠪᠠᠢ᠌ᠴᠠᠭ᠋ᠠᠯᠲᠠ ᠵᠢᠨ ᠲᠥᠷᠥ ᠵᠢᠨ ᠪᠣᠳᠣᠯᠭ᠎ᠠ ᠬᠠᠤᠯᠢ ᠴᠠᠭ᠋ᠠᠵᠠ ᠵᠢᠨ ᠦᠨᠳᠦᠰᠦᠯᠡᠯ᠂ ᠰᠢᠰᠲ᠋ᠧᠮ᠎ᠤᠨ ᠠᠵᠢᠯᠯᠠᠭ᠋ᠠᠨ᠎ᠤ ᠶᠠᠪᠤᠴᠠ᠂ ᠣᠨ᠎ᠤ ᠪᠠᠢ᠌ᠴᠠᠭ᠋ᠠᠯᠲᠠ ᠵᠢᠨ ᠳ᠋ᠦᠩᠨᠡᠯᠲᠡ ᠵᠢ ᠨᠥᠯᠥᠭᠡᠯᠡᠭᠰᠡᠨ ᠪᠠᠢ᠌ᠳᠠᠯ ᠪᠠ ᠣᠨ᠎ᠤ ᠪᠠᠢ᠌ᠴᠠᠭ᠋ᠠᠯᠲᠠ ᠵᠢᠨ ᠲᠠᠭᠯᠠᠨ ᠮᠡᠳᠡᠭᠦᠯᠬᠦ᠎ᠳᠤ ᠠᠩᠬᠠᠷᠬᠤ ᠵᠦᠢ᠍ᠯᠡᠰ ᠵᠡᠷᠭᠡ ᠵᠢ ᠨᠢᠭᠡᠳ ᠨᠢᠭᠡ᠎ᠪᠠᠷ ᠲᠠᠢ᠌ᠯᠪᠤᠷᠢᠯᠠᠪᠠ᠃ ᠬᠦᠯᠤᠨ ᠪᠤᠢ᠌ᠷ ᠬᠣᠲᠠ ᠵᠢᠨ ᠨᠡᠶ᠋ᠢᠲᠡ 333 ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠰᠦᠯᠵᠢᠶ᠎ᠡ᠎ᠪᠠᠷ ᠪᠤᠯᠪᠠᠰᠤᠷᠠᠯ᠎ᠤᠨ ᠬᠤᠷᠠᠯ᠎ᠳᠤ ᠣᠷᠣᠯᠴᠠᠵᠠᠢ᠃
ᠨᠡᠢ᠌ᠭᠡᠮ᠎ᠤᠨ ᠲᠤᠰᠠᠯᠠᠮᠵᠢ
ᠬᠥᠬᠡᠬᠣᠲᠠ ᠵᠢᠨ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ᠎ᠬᠢᠨ ᠥᠪᠥᠷ ᠮᠣᠩᠭᠣᠯ᠎ᠤᠨ ᠵᠢᠷᠦᠬᠡ ᠲᠠᠷᠢᠬᠢᠨ᠎ᠤ ᠴᠢᠰᠤᠨ ᠰᠤᠳᠠᠯ᠎ᠤᠨ ᠡᠮᠨᠡᠯᠭᠡ ᠵᠢᠨ ᠬᠣᠷᠢᠶ᠎ᠠ ᠵᠢᠨ᠎ᠬᠢᠨ᠎ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ ᠨᠡᠢ᠌ᠭᠡᠮ᠎ᠤᠨ ᠠᠰᠠᠷᠠᠮᠵᠢ ᠵᠢᠨ ᠬᠦᠷᠢᠶᠡᠯᠡᠩ᠎ᠳᠤ 24 ᠴᠠᠭ᠎ᠤᠨ ᠪᠣᠬᠢᠷᠲᠤᠯ ᠦᠭᠡᠢ ᠡᠪᠡᠳᠴᠢᠨ ᠦᠵᠡᠭᠦᠯᠬᠦ ᠵᠠᠮ᠂ ᠲᠦᠷᠭᠡᠨ ᠡᠮᠨᠡᠬᠦ ᠲᠦᠷᠭᠡᠨ ᠠᠪᠤᠷᠠᠯᠳᠠ ᠵᠢᠨ ᠰᠠᠭ᠋ᠠᠳ ᠦᠭᠡᠢ ᠨᠡᠪᠲᠡᠷᠡᠬᠦ ᠵᠠᠮ᠂ ᠲᠤᠰᠬᠠᠢ ᠬᠥᠮᠥᠨ ᠲᠣᠬᠢᠷᠠᠭᠤᠯᠤᠨ ᠪᠠᠢ᠌ᠴᠠᠭ᠋ᠠᠯᠭ᠋ᠠᠬᠤ᠂ ᠣᠨᠴᠠ ᠬᠦᠴᠢᠷᠳᠡᠯᠲᠡᠢ ᠬᠥᠮᠥᠰ᠎ᠢ ᠰᠦᠢ᠍ᠳᠬᠡᠯ ᠬᠤᠷᠢᠶᠠᠬᠤ ᠦᠭᠡᠢ᠎ᠪᠠᠷ ᠲᠤᠰᠴᠤ ᠬᠦᠷᠭᠡᠵᠦ ᠡᠮᠨᠡᠭᠦᠯᠬᠦ᠂ ᠣᠨᠴᠠ ᠬᠦᠴᠢᠷᠳᠡᠯᠲᠡᠢ ᠬᠥᠮᠥᠰ ᠡᠮᠨᠡᠯᠭᠡ᠎ᠳᠤ ᠰᠠᠭᠤᠵᠤ ᠪᠣᠬᠢᠷᠲᠤᠯ ᠦᠭᠡᠢ VIP ᠥᠷᠥᠭᠡ ᠡᠳ᠋ᠯᠡᠬᠦ ᠵᠡᠷᠭᠡ ᠵᠢ ᠪᠠᠭᠲᠠᠭ᠋ᠠᠭᠰᠠᠨ ᠲᠤᠰᠬᠠᠢ 《ᠰᠠᠭ᠋ᠠᠳ ᠦᠭᠡᠢ ᠵᠠᠮ》 ᠨᠡᠭᠡᠭᠡᠵᠦ ᠥᠭᠴᠡᠢ᠃ ᠡᠭᠦᠨ᠎ᠠᠴᠠ ᠭᠠᠳᠠᠨ᠎ᠠ᠂ ᠡᠮᠴᠢᠯᠡᠭᠡᠨ᠎ᠤ ᠵᠥᠪᠯᠡᠯᠭᠡ ᠥᠭᠬᠦ᠂ ᠡᠷᠡᠭᠦᠯ ᠮᠡᠨᠳᠦ ᠵᠢᠨ ᠬᠥᠮᠦᠵᠢᠯ ᠪᠣᠯᠪᠠᠰᠤᠷᠠᠯ ᠵᠡᠷᠭᠡ ᠲᠠᠯ᠎ᠠ᠎ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠣᠨᠴᠠ ᠬᠦᠴᠢᠷᠳᠡᠯ᠎ᠲᠠᠢ ᠬᠥᠮᠥᠰ᠎ᠤᠨ ᠡᠷᠡᠭᠦᠯ ᠮᠡᠨᠳᠦ ᠵᠢ ᠭᠠᠷ ᠬᠣᠯᠪᠣᠨ ᠬᠠᠮᠠᠭ᠋ᠠᠯᠠᠵᠤ᠂ ᠣᠨᠴᠠ ᠬᠦᠴᠢᠷᠳᠡᠯ᠎ᠲᠠᠢ ᠬᠥᠮᠥᠰ᠎ᠤᠨ ᠡᠪᠡᠳᠴᠢᠨ ᠦᠵᠡᠭᠦᠯᠬᠦ᠎ᠳᠤ ᠤᠯᠠᠮ ᠲᠥᠬᠥᠮ ᠦᠵᠡᠬᠦᠯᠦᠭᠰᠡᠨ ᠪᠦᠬᠡᠳ ᠤᠯᠠᠨ ᠲᠦᠮᠡᠨ᠎ᠤ ᠡᠷᠡᠭᠦᠯ ᠮᠡᠨᠳᠦ᠎ᠳᠤ ᠨᠡᠡᠭ ᠰᠠᠢ᠌ᠨ ᠦᠢ᠍ᠯᠡᠴᠢᠯᠡᠪᠡ᠃
ᠨᠠᠰᠤᠵᠢᠯ᠎ᠤᠨ ᠦᠢ᠍ᠯᠡᠴᠢᠯᠡᠭᠡ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠪᠥᠬᠥ ᠬᠣᠲᠠ ᠵᠢᠨ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠷᠥ ᠵᠢᠨ ᠪᠤᠳᠤᠯᠭ᠎ᠠ ᠵᠢᠨ ᠪᠣᠯᠪᠠᠰᠤᠷᠠᠯ᠎ᠨᠢ ᠳᠡᠭᠡᠳᠦ ᠱᠠᠲᠤᠨ᠎ᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠲᠠᠢ ᠨᠢᠭᠲᠠ ᠤᠶᠠᠯᠳᠤᠭᠤᠯᠤᠨ᠂ ᠨᠠᠰᠤᠵᠢᠯ᠎ᠤᠨ ᠠᠰᠠᠷᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠭᠣᠣᠯᠳᠠᠯᠭ᠎ᠠ᠎ᠲᠠᠢ ᠨᠠᠰᠤᠵᠢᠯ᠎ᠤᠨ ᠠᠰᠠᠷᠠᠮᠵᠢ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠠᠵᠢᠯ᠎ᠳᠤ ᠴᠢᠭᠯᠡᠭᠦᠯᠦᠨ ᠨᠠᠷᠢᠨ ᠲᠠᠢ᠌ᠯᠤᠮᠵᠢ ᠬᠢᠵᠦ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠂ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ ᠴᠡᠭ᠎ᠤᠨ ᠲᠠᠰ᠎ᠢ ᠦᠨᠡᠯᠡᠨ ᠲᠣᠭᠲᠠᠭ᠋ᠠᠬᠤ ᠪᠠᠷᠢᠮᠵᠢᠶ᠎ᠠ᠂ ᠶᠠᠪᠤᠴᠨ᠎ᠳᠤ ᠴᠢᠭᠯᠡᠭᠦᠯᠦᠨ ᠭᠦᠨᠵᠡᠭᠡᠢ ᠲᠠᠢ᠌ᠯᠤᠮᠵᠢ ᠬᠢᠵᠦ᠂ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠠᠵᠢᠯᠲᠠᠨ᠎ᠤ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ᠎ᠢ ᠲᠡᠭᠡᠭᠰᠢᠯᠡᠬᠦᠯᠦᠭᠰᠡᠨ ᠪᠦᠬᠡᠳ ᠪᠥᠬᠥ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠪᠰᠢᠨ᠎ᠢ ᠰᠢᠨ᠎ᠡ ᠳᠡᠭᠲᠡᠷ᠎ᠲᠤ ᠭᠠᠷᠭ᠋ᠠᠬᠤ᠎ᠪᠠᠷ ᠵᠣᠷᠢᠯᠭ᠎ᠠ ᠪᠣᠯᠭ᠋ᠠᠭᠰᠠᠨ ᠶᠤᠮ᠃
ᠬᠡᠦᠬᠡᠳ᠎ᠤᠨ ᠠᠰᠠᠷᠠᠮᠵᠢ
ᠠᠯᠠᠱ᠌ᠠ ᠠᠢ᠌ᠮᠠᠭ᠎ᠤᠨ᠎ᠬᠢᠨ ᠨᠡᠭᠦᠳᠡᠯ ᠬᠡᠦᠬᠡᠳ ᠪᠠ ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠪᠠᠢ᠌ᠴᠠᠭ᠋ᠠᠨ ᠰᠢᠯᠭ᠋ᠠᠵᠤ ᠪᠠᠢ᠌ᠴᠠᠭ᠋ᠠᠨ ᠭᠠᠷᠭ᠋ᠠᠬᠤ ᠠᠵᠢᠯ᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ 8652 ᠨᠡᠭᠦᠳᠡᠯ ᠬᠡᠦᠬᠡᠳ᠂ 17 ᠭᠡᠷ᠎ᠲᠤ᠎ᠪᠠᠨ ᠬᠣᠴᠣᠷᠤᠭᠰᠠᠨ ᠬᠡᠦᠬᠡᠳ᠎ᠢ ᠪᠠᠢ᠌ᠴᠠᠭ᠋ᠠᠨ ᠭᠠᠷᠭ᠋ᠠᠵᠤ᠂ ᠣᠲᠣ ᠨᠢᠭᠡᠨᠲᠡ 《ᠪᠥᠬᠥ ᠤᠯᠤᠰ᠎ᠤᠨ ᠬᠡᠦᠬᠡᠳ᠎ᠤᠨ ᠠᠰᠠᠷᠠᠮᠵᠢ ᠵᠢᠨ ᠮᠡᠳᠡᠭᠡ ᠵᠠᠩᠭᠢ ᠵᠢᠨ ᠰᠢᠰᠲ᠋ᠧᠮ》᠎ᠳᠤ ᠪᠦᠬᠦᠨ᠎ᠢ ᠣᠷᠣᠭᠤᠯᠤᠭᠰᠠᠨ᠎ᠤ ᠬᠠᠮᠲᠤ᠂ ᠭᠡᠷ ᠪᠦᠯᠢ ᠵᠢᠨ ᠠᠮᠢᠳᠤᠷᠠᠯ᠎ᠨᠢ ᠬᠦᠴᠢᠷᠲᠡᠢ᠂ ᠥᠪᠡᠷ᠎ᠤᠨ ᠪᠡᠶ᠎ᠡ᠎ᠨᠢ ᠵᠡᠮᠳᠡᠭ᠂ ᠬᠠᠷᠠᠭ᠋ᠠᠯᠵᠠᠨ ᠬᠠᠮᠠᠭ᠋ᠠᠯᠠᠯᠲᠠ᠎ᠨᠢ ᠳᠤᠲᠠᠮᠠᠭ ᠵᠡᠷᠭᠡ ᠪᠠᠢ᠌ᠳᠠᠯ᠎ᠲᠠᠢ 72 ᠨᠡᠭᠦᠳᠡᠯ ᠬᠡᠦᠬᠡᠳ ᠪᠠ ᠭᠡᠷ ᠲᠤ᠎ᠪᠠᠨ ᠬᠣᠴᠣᠷᠤᠭᠰᠠᠨ ᠬᠡᠦᠬᠡᠳ᠎ᠢ ᠬᠢᠨᠠᠨ ᠰᠢᠯᠭ᠋ᠠᠵᠤ ᠣᠢ᠌ᠯᠠᠭ᠋ᠠᠨ ᠵᠢᠭᠰᠠᠭ᠋ᠠᠬᠤ᠎ᠳᠤ ᠭᠣᠣᠯᠳᠠᠯᠭ᠎ᠠ᠎ᠲᠠᠢ ᠬᠠᠯᠠᠮᠵᠢᠯᠠᠬᠤ ᠴᠢᠬᠤᠯᠠᠳᠠᠢ ᠦᠢ᠍ᠯᠡᠴᠢᠯᠡᠬᠡ ᠬᠦᠷᠳᠡᠭᠰᠡᠳ᠎ᠤᠨ ᠮᠡᠳᠡᠭᠡ ᠵᠠᠩᠭᠢ ᠵᠢᠨ ᠡᠬᠡ ᠲᠠᠩᠰᠠ ᠵᠢ ᠪᠠᠢ᠌ᠭᠤᠯᠵᠤ᠂ ᠬᠢᠨᠠᠨ ᠬᠡᠮᠵᠢᠵᠦ ᠣᠢ᠌ᠯᠠᠭ᠋ᠠᠨ ᠵᠢᠭᠰᠠᠭ᠋ᠠᠬᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠂ ᠬᠠᠯᠠᠮᠵᠢᠯᠠᠬᠤ ᠦᠢ᠍ᠯᠡᠴᠢᠯᠡᠭᠡ ᠵᠡᠷᠬᠡ ᠭᠤᠷᠪᠠ ᠵᠢ ᠨᠢᠭᠡ ᠴᠣᠭᠴᠠᠵᠢᠭᠤᠯᠤᠭᠰᠠᠨ᠂ ᠬᠠᠷᠢᠯᠴᠠᠨ ᠠᠬᠢᠭᠤᠯᠤᠭᠰᠠᠨ ᠰᠠᠢ᠌ᠨ ᠰᠠᠢ᠌ᠬᠠᠨ ᠠᠵᠢᠯ᠎ᠤᠨ ᠪᠠᠢ᠌ᠳᠠᠯ᠎ᠢ ᠪᠣᠶ ᠪᠤᠯᠭ᠋ᠠᠵᠤ ᠪᠠᠢ᠌ᠨ᠎ᠠ ᠃