ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.4
ᠨᠡᠶᠢᠲᠡᠯᠡᠭᠰᠡᠨ ᠴᠠᠭ᠄ 2025-03-05

ᠴᠢᠬᠤᠯᠠ ᠮᠡᠳᠡᠭᠡ


    ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ᠎ᠤᠨ᠎ᠬᠢᠨ ᠤᠷᠴᠢᠮ᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠥᠷᠥ ᠵᠢᠨ ᠪᠣᠳᠣᠯᠭ᠎ᠠ ᠵᠢᠨ ᠲᠣᠭᠲᠠᠮᠠᠯ ᠬᠤᠭᠤᠴᠠᠭ᠋ᠠᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠠᠷᠠᠳ᠎ᠤᠨ ᠶᠠᠪᠤᠳᠠᠯ᠎ᠤᠨ ᠶᠠᠮᠤᠨ᠎ᠤ ᠳᠡᠳ᠋ ᠰᠠᠢ᠌ᠳ ᠲᠠᠩ ᠴᠧᠩ ᠫᠧᠢ ᠬᠤᠷᠠᠯ᠎ᠳᠤ ᠣᠷᠣᠯᠴᠠᠵᠤ᠂ 2024 ᠣᠨ᠎ᠳᠤ ᠠᠷᠠᠳ᠎ᠤᠨ ᠶᠠᠪᠤᠳᠠᠯ᠎ᠤᠨ ᠶᠠᠮᠤᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠵᠢᠨ ᠰᠠᠨᠠᠭᠤᠯᠭ᠎ᠠ ᠪᠠ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠰᠠᠨᠠᠯ ᠳᠤᠷᠠᠳᠤᠯᠭ᠎ᠠ ᠵᠢ ᠰᠢᠢ᠍ᠳᠪᠦᠷᠢᠯᠡᠭᠰᠡᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠬ᠍ᠴᠢ ᠵᠢᠨ ᠠᠰᠠᠭᠤᠯᠳᠠ ᠵᠢ ᠬᠠᠷᠢᠭᠤᠯᠪᠠ᠃


  ᠠᠷᠠᠳ᠎ᠤᠨ ᠶᠠᠪᠤᠳᠠᠯ᠎ᠤᠨ ᠶᠠᠮᠤᠨ


    ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ ᠪᠥᠬᠥ ᠤᠯᠤᠰ᠎ᠤᠨ ᠬᠥᠳᠡᠭᠡ ᠲᠣᠰᠬᠣᠨ᠎ᠤ ᠭᠠᠵᠠᠷ᠎ᠤᠨ ᠨᠡᠷᠡᠰ᠎ᠤᠨ ᠪᠠᠢ᠌ᠭᠤᠯᠤᠯᠲᠠ ᠵᠢᠨ ᠪᠣᠯᠪᠠᠰᠤᠷᠠᠯ ᠡᠷᠬᠢᠯᠡᠬᠦ᠎ᠳᠤ᠎ᠪᠠᠨ᠄ 《ᠵᠠᠰᠠᠬᠤ᠎ᠠᠴᠠ ᠦᠷ᠎ᠡ ᠪᠦᠲᠦᠮᠵᠢ ᠣᠯᠬᠤ ᠵᠢ ᠪᠠᠷᠢᠮᠲᠠᠯᠠᠵᠤ᠂ ᠭᠠᠵᠠᠷ᠎ᠤᠨ  ᠨᠡᠷᠡᠰ᠎ᠤᠨ ᠬᠠᠮᠢᠶᠠᠷᠤᠯᠲᠠ ᠵᠢᠨ ᠳᠦᠷᠢᠮ᠎ᠤᠨ ᠪᠠᠷᠢᠮᠵᠢᠶ᠎ᠠ ᠵᠢᠨ 〈ᠲᠣᠭᠲᠠᠭ᠋ᠠᠬᠤ᠂ ᠥᠭᠡᠷᠡᠴᠢᠯᠡᠬᠦ᠂ ᠬᠦᠴᠦᠨ ᠦᠭᠡᠢ ᠪᠣᠯᠭ᠋ᠠᠬᠤ〉 ᠵᠢ ᠠᠬᠢᠭᠤᠯᠬᠤ ᠬᠡᠷᠡᠭᠲᠡᠢ᠃ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠠᠴᠠ ᠬᠥᠳᠡᠯᠭᠡᠬᠦ ᠬᠦᠴᠦᠨ ᠣᠯᠬᠤ ᠵᠢ ᠪᠠᠷᠢᠮᠲᠠᠯᠠᠵᠤ᠂ ᠭᠠᠵᠠᠷ᠎ᠤᠨ ᠨᠡᠷᠡᠰ᠎ᠤᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠨᠦᠬᠡᠴᠨ ᠵᠢ ᠭᠦᠢ᠍ᠴᠡᠳ ᠠᠭᠤᠳᠠᠯᠤᠨ ᠠᠰᠢᠭᠯᠠᠬᠤ ᠬᠡᠷᠡᠭᠲᠡᠢ᠃ ᠰᠣᠶᠣᠯ᠎ᠠᠴᠠ ᠠᠮᠢᠵᠢᠷᠠᠯ᠎ᠤᠨ ᠬᠦᠴᠦᠨ ᠣᠯᠬᠤ ᠵᠢ ᠪᠠᠷᠢᠮᠲᠠᠯᠠᠵᠤ᠂ ᠭᠠᠵᠠᠷ᠎ᠤᠨ ᠨᠡᠷᠡᠰ᠎ᠤᠨ ᠰᠣᠶᠣᠯ᠎ᠤᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠬᠥᠳᠡᠭᠡ ᠲᠣᠰᠬᠣᠨ᠎ᠤ ᠰᠠᠢ᠌ᠨ ᠭᠠᠵᠠᠷ᠎ᠤᠨ ᠨᠡᠷᠡᠰ᠎ᠢ ᠢᠯᠡᠭᠦᠬᠡᠨ ᠡᠭᠦᠳᠴᠦ᠂ ᠬᠥᠳᠡᠭᠡ ᠲᠣᠰᠬᠣᠨ᠎ᠤ ᠬᠡᠪ ᠰᠤᠷᠲᠠᠯ ᠪᠣᠯᠪᠠᠰᠤᠨ᠎ᠤ ᠲᠦᠪᠰᠢᠨ᠎ᠢ ᠳᠡᠭᠡᠭᠰᠢᠯᠡᠭᠦᠯᠬᠦ᠎ᠳᠤ ᠬᠦᠴᠦᠨ  ᠨᠡᠮᠡᠷᠢᠯᠡᠬᠦ ᠬᠡᠷᠡᠭᠳᠡᠢ᠃ ᠳᠣᠲᠣᠭ᠋ᠠᠳᠤ ᠬᠦᠴᠦᠨ᠎ᠠᠴᠠ ᠲᠣᠭᠲᠠᠯ ᠬᠦᠴᠦᠨ ᠣᠯᠬᠤ ᠵᠢ ᠪᠠᠷᠢᠮᠲᠠᠯᠠᠵᠤ᠂ 《ᠮᠢᠩᠭ᠋ᠠᠨ ᠲᠦᠮᠨ ᠵᠢᠨ ᠢᠨᠵᠧᠨᠧᠷᠢᠩ》 ᠎ᠤᠨ ᠲᠤᠷᠰᠢᠯᠭ᠎ᠠ ᠵᠢ ᠰᠠᠢ᠌ᠲᠤᠷ ᠰᠤᠷᠤᠯᠴᠠᠨ ᠬᠡᠷᠡᠭᠯᠡᠵᠦ᠂ 〈ᠬᠥᠳᠡᠭᠡ ᠲᠣᠰᠬᠣᠨ᠎ᠤ ᠠᠯᠳᠠᠷᠲᠤ ᠠᠵᠢᠯᠯᠠᠭ᠎ᠠ〉 ᠵᠢᠨ ᠰᠢᠨ᠎ᠡ ᠪᠠᠢ᠌ᠳᠠᠯ᠎ᠢ ᠲᠠᠰᠤᠷᠠᠯᠲᠠ ᠦᠭᠡᠢ ᠡᠭᠦᠳᠬᠦ ᠬᠡᠷᠡᠭᠲᠡᠢ》 ᠭᠡᠵᠤ ᠴᠢᠬᠤᠯᠠᠴᠢᠯᠠᠪᠠ᠃


ᠨᠡᠢ᠌ᠭᠡᠮ᠎ᠤᠨ ᠲᠤᠰᠠᠯᠠᠮᠵᠢ


     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠰᠠᠭᠤᠭ᠋ᠠᠯᠢ ᠠᠷᠠᠳ᠎ᠤᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ 《ᠨᠡᠢ᠌ᠭᠡᠮ᠎ᠤᠨ ᠲᠤᠰᠠᠯᠠᠮᠵᠢ ᠵᠢᠨ ᠬᠠᠷᠭᠤᠭᠤᠯᠬᠤ ᠠᠵᠢᠯ᠎ᠢ ᠤᠯᠠᠮ ᠲᠡᠭᠦᠯᠳᠡᠷᠵᠢᠭᠦᠯᠬᠦ ᠲᠤᠬᠠᠢ ᠤᠯᠠᠭ᠋ᠠᠨᠴᠠᠪ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ᠎ᠬᠢᠨ᠎ᠤ ᠮᠡᠳᠡᠭᠳᠡᠯ》᠎ᠢ ᠲᠣᠭᠲᠠᠭ᠋ᠠᠨ ᠳᠠᠷᠤᠮᠠᠯᠯᠠᠨ ᠲᠠᠷᠬᠠᠭ᠋ᠠᠵᠤ᠂ 《ᠥᠪᠡᠷᠲᠡᠭᠡᠨ ᠵᠠᠰᠠᠬᠤ ᠣᠷᠣᠨ᠂ ᠬᠣᠲᠠ᠂ ᠰᠢᠶᠠᠨ》 ᠭᠤᠷᠪᠠᠨ ᠱᠠᠲᠤᠨ᠎ᠤ ᠰᠦᠯᠵᠢᠶ᠎ᠡ ᠵᠢ ᠨᠡᠪᠲᠡᠷᠡᠭᠦᠯᠦᠭᠰᠡᠨ᠂ 24 ᠰᠠᠯᠠᠭ᠎ᠠ ᠮᠥᠴᠢᠷ᠎ᠯᠦᠭᠡ 49 ᠲᠥᠷᠥᠯ᠎ᠤᠨ ᠲᠣᠭ᠎ᠠ ᠪᠠᠷᠢᠮᠲᠠ ᠵᠢ ᠬᠥᠨᠳᠡᠯᠡᠨ ᠵᠶ᠋ᠡᠷ ᠬᠠᠮᠳᠤ᠎ᠪᠠᠷ ᠡᠳ᠋ᠯᠡᠭᠰᠡᠨ  ᠲᠤᠰᠠᠯᠠᠮᠵᠢ ᠬᠦᠷᠳᠡᠭᠰᠡᠳ᠎ᠤᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠢ ᠬᠠᠷᠭᠤᠭᠤᠯᠬᠤ ᠲᠠᠪᠴᠠᠩ᠎ᠢ ᠪᠠᠢ᠌ᠭᠤᠯᠵᠤ᠂ ᠬᠡᠯᠡᠵᠦ ᠥᠭᠬᠦ ᠠᠮᠠᠯᠠᠯᠲᠠ ᠵᠢᠨ ᠡᠷᠬᠡ ᠣᠯᠭᠣᠯᠲᠠ ᠵᠢ ᠬᠠᠷᠭᠤᠭᠤᠯᠬᠤ ᠲᠣᠭᠲᠠᠴᠠ ᠵᠢ ᠢᠳᠡᠪᠬᠢᠲᠡᠢ ᠬᠡᠷᠡᠭᠵᠢᠭᠦᠯᠦᠨ᠂ ᠰᠢᠨ᠎ᠡ᠎ᠪᠠᠷ ᠲᠤᠰᠠᠯᠠᠮᠵᠢ  ᠭᠤᠶᠤᠴᠢᠯᠠᠬᠰᠠᠳ᠎ᠢ 《ᠬᠡᠷᠡᠭ᠎ᠤᠨ ᠡᠮᠦᠨ᠎ᠡ ᠬᠠᠷᠭᠤᠭᠤᠯᠬᠤ》 ᠪᠠ ᠲᠤᠰᠠᠯᠠᠮᠵᠢ ᠬᠦᠷᠳᠡᠭᠰᠡᠳ᠎ᠢ 《ᠲᠣᠭᠲᠠᠮᠠᠯ ᠬᠤᠭᠤᠴᠠᠭ᠎ᠠ᠎ᠲᠠᠢ᠎ᠪᠠᠷ ᠬᠠᠷᠭᠤᠭᠤᠯᠬᠤ》 ᠵᠢ ᠪᠥᠬᠥ ᠲᠠᠯ᠎ᠠ᠎ᠪᠠᠷ ᠪᠡᠶᠡᠯᠡᠬᠦᠯᠤᠬᠡᠳ ᠤᠷᠴᠢᠮ᠎ᠤᠨ ᠲᠠᠪᠤᠨ ᠵᠢᠯ᠎ᠳᠤ 439 ᠲᠦᠮᠡᠨ ᠤᠳᠠᠭ᠎ᠠ ᠵᠢ ᠬᠠᠷᠭᠤᠭᠤᠯᠤᠭᠰᠠᠨ ᠪᠠᠢ᠌ᠨ᠎ᠠ᠃


ᠨᠠᠰᠤᠵᠢᠯ᠎ᠤᠨ ᠦᠢ᠍ᠯᠡᠴᠢᠯᠡᠭᠡ


     ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ 《ᠪᠠᠴᠢᠮ ᠲᠦᠭᠰᠢᠭᠦᠷᠢ ᠵᠢ ᠮᠡᠳᠡᠭᠦᠯᠬᠦ ᠰᠢᠰᠲ᠋ᠧᠮ》᠎ᠤᠨ ᠲᠣᠨᠣᠭᠯᠠᠯ᠎ᠢ ᠤᠭᠰᠠᠷᠠᠬᠤ ᠠᠵᠢᠯ᠎ᠢ ᠢᠳᠡᠪᠬᠢᠲᠡᠢ ᠠᠬᠢᠭᠤᠯᠵᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠬᠢᠭᠡᠳ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠤᠨ ᠬᠣᠭᠣᠷᠣᠨᠳᠣᠬᠢ 《ᠵᠠᠢ》 ᠵᠢ ᠪᠣᠭᠣᠨᠢᠰᠬᠠᠵᠤ᠂ ᠲᠦᠭᠰᠢᠭᠦᠷᠢ ᠮᠡᠳᠡᠭᠦᠯᠬᠦ ᠤᠳᠠᠰᠤ᠎ᠲᠠᠢ ᠰᠢᠭᠤᠳ ᠬᠣᠯᠪᠣᠯᠳᠤᠭᠤᠯᠤᠨ ᠨᠡᠪᠲᠡᠷᠡᠯᠴᠡᠭᠦᠯᠬᠦ᠂ ᠥᠨᠳᠥᠷ ᠪᠦᠲᠦᠮᠵᠢᠲᠡᠶ᠎ᠪᠠᠷ ᠵᠣᠯᠭ᠋ᠠᠭᠤᠯᠬᠤ ᠵᠢ ᠪᠡᠶᠡᠯᠡᠭᠦᠯᠵᠦ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠪᠠ᠃ ᠣᠲᠣ ᠬᠦᠯᠤᠨ ᠪᠤᠢ᠌ᠷ ᠬᠤᠳᠠ ᠵᠢᠨ 87 ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠨᠢᠭᠡᠨᠲᠡ ᠪᠦᠬᠦᠨ᠎ᠢ ᠤᠭᠰᠠᠷᠠᠨ ᠬᠡᠷᠡᠭᠯᠡᠵᠦ ᠪᠠᠢ᠌ᠨ᠎ᠠ᠃


ᠬᠡᠦᠬᠡᠳ᠎ᠤᠨ ᠠᠰᠠᠷᠠᠮᠵᠢ


    ᠦᠬᠠᠢ ᠬᠣᠲᠠ ᠵᠢᠨ᠎ᠬᠢᠨ ᠤᠷᠴᠢᠮ᠎ᠳᠤ 《ᠨᠡᠭᠦᠳᠡᠯ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯᠯᠠᠭ᠎ᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ᠃ ᠲᠥᠰᠥᠯ᠎ᠳᠤ 2035 ᠣᠨ ᠪᠣᠯᠲᠠᠯ᠎ᠠ ᠨᠡᠭᠦᠳᠡᠯ ᠬᠡᠦᠬᠡᠳ᠎ᠢ ᠬᠠᠯᠠᠮᠵᠢᠯᠠᠨ ᠬᠠᠮᠠᠭ᠋ᠠᠯᠠᠬᠤ ᠠᠵᠢᠯ᠎ᠳᠤ ᠢᠯᠡᠳᠲᠡ ᠦᠷ᠎ᠡ ᠪᠦᠲᠦᠮᠵᠢ ᠣᠯᠵᠤ᠂ ᠬᠠᠯᠠᠮᠵᠢᠯᠠᠨ ᠬᠠᠮᠠᠭ᠋ᠠᠯᠠᠬᠤ ᠰᠢᠰᠲ᠋ᠧᠮ᠎ᠢ ᠪᠥᠬᠥ ᠲᠠᠯ᠎ᠠ᠎ᠪᠠᠷ  ᠲᠡᠬᠦᠯᠳᠡᠷᠵᠢᠬᠦᠯᠤᠬᠡᠳ ᠨᠡᠭᠦᠳᠡᠯ ᠬᠡᠦᠬᠡᠳ᠎ᠤᠨ ᠪᠡᠶ᠎ᠡ ᠰᠡᠳᠬᠢᠯ᠎ᠤᠨ ᠡᠷᠡᠭᠦᠯ ᠦᠰᠤᠨ ᠪᠤᠢ᠌ᠵᠢᠯᠳᠠ ᠵᠢᠨ ᠡᠷᠬᠡ ᠠᠰᠢᠭ᠎ᠢ ᠪᠥᠬᠥ ᠲᠠᠯ᠎ᠠ᠎ᠪᠠᠷ ᠪᠠᠲᠤᠯᠠᠬᠤ ᠵᠢᠨ ᠬᠠᠮᠲᠤ ᠨᠡᠭᠦᠳᠡᠯ ᠬᠡᠦᠬᠡᠳ᠎ᠤᠨ ᠣᠷᠣᠰᠢᠨ ᠰᠠᠭᠤᠭ᠎ᠠ ᠭᠠᠵᠠᠷ᠎ᠲᠤ᠎ᠪᠠᠨ ᠡᠳ᠋ᠯᠡᠬᠦ  ᠬᠠᠯᠠᠮᠵᠢᠯᠠᠬᠤ ᠦᠢ᠍ᠯᠡᠴᠢᠯᠡᠭᠡᠨ᠎ᠤ 20 ᠰᠠᠭᠤᠷᠢ ᠨᠠᠷᠢᠨ ᠲᠠᠩᠰᠠ ᠵᠢ ᠨᠠᠷᠢᠬ᠍ᠵᠢᠭᠤᠯᠤᠨ᠎ᠠ ᠭᠡᠵᠤ ᠲᠤᠷᠠᠳᠤᠬᠰᠠᠨ ᠪᠠᠢ᠌ᠨ᠎ᠠ᠃




 


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.5
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.6
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.7
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 3.10
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.14
 
            