ᠠᠷᠠᠳ᠎ᠤᠨ ᠶᠠᠪᠤᠳᠠᠯ᠎ᠤᠨ ᠶᠠᠮᠤᠨ
ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ 2 ᠰᠠᠷ᠎ᠠ ᠵᠢᠨ 19᠎ᠤ ᠡᠳᠦᠷ 《ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠤᠨ ᠦᠬᠡᠢ ᠪᠤᠯᠭ᠋ᠠᠬᠤ ᠠᠷᠭ᠎ᠠ》 ᠵᠢ ᠨᠡᠢ᠌ᠳᠡᠯᠡᠯᠡ᠃ ᠡᠨᠡ ᠬᠦ᠌ ᠠᠷᠭ᠎ᠠ ᠵᠢ ᠡᠨᠡ ᠵᠢᠯ᠎ᠤᠨ 5 ᠰᠠᠷ᠎ᠠ ᠵᠢᠨ 1᠎ᠤ ᠡᠳᠦᠷ᠎ᠠᠴᠠ ᠬᠡᠷᠡᠭᠵᠢᠬᠦᠯᠬᠦ ᠪᠤᠯᠤᠨ᠎ᠠ᠂ ᠡᠭᠦᠨ᠎ᠤ ᠵᠣᠷᠢᠯᠭ᠎ᠠ᠎ᠨᠢ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠣᠨᠣᠪᠴᠢᠲᠠᠶ ᠴᠣᠬᠢᠯᠲᠠ ᠥᠭᠴᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠮᠢ ᠠᠬᠤᠢ ᠵᠢᠨ ᠡᠷᠡᠭᠦᠯ ᠵᠶ᠋ᠡᠷ ᠬᠥᠭᠵᠢᠬᠦ ᠵᠢ ᠬᠠᠮᠠᠭ᠋ᠠᠯᠠᠬᠤ ᠵᠢᠨ ᠲᠥᠯᠥᠭᠡ ᠶᠤᠮ᠃ 《ᠠᠷᠭ᠎ᠠ》᠎ᠳᠤ ᠭᠤᠷᠪᠠᠨ ᠲᠥᠷᠥᠯ᠎ᠤᠨ ᠭᠣᠣᠯᠳᠠᠯᠭ᠎ᠠ᠎ᠲᠠᠢ ᠴᠣᠬᠢᠯᠲᠠ ᠥᠭᠬᠦ ᠡᠲᠡᠭᠡᠳ᠎ᠢ ᠲᠣᠳᠣᠷᠬᠠᠢ᠌ᠯᠠᠵᠤ᠂ ᠳᠠᠩᠰᠠᠯᠠᠭᠤᠯᠤᠭᠰᠠᠨ ᠦᠭᠡᠢ᠎ᠪᠠᠷ ᠳᠤᠷ᠎ᠠ᠎ᠪᠠᠷ ᠵᠶ᠋ᠠᠨ ᠨᠡᠢ᠌ᠭᠡᠮ᠎ᠤᠨ ᠪᠦᠯᠬᠦᠮ᠂ ᠰᠠᠭᠤᠷᠢ ᠮᠥᠩᠭᠥᠨ᠎ᠤ ᠨᠡᠢ᠌ᠭᠡᠮᠯᠢᠭ᠂ ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ ᠨᠢᠬᠡᠴᠢ ᠵᠢᠨ ᠨᠡᠷ᠎ᠡ᠎ᠪᠠᠷ ᠠᠵᠢᠯᠯᠠᠭ᠎ᠠ ᠬᠢᠭᠰᠡᠨ᠂ ᠨᠡᠢ᠌ᠭᠡᠮ᠎ᠤᠨ ᠪᠦᠯᠬᠦᠮ᠎ᠤᠨ ᠪᠡᠯᠡᠳᠬᠡᠯ ᠠᠵᠢᠯ᠎ᠤᠨ ᠬᠤᠭᠤᠴᠠᠭ᠋ᠠᠨ᠎ᠳᠤ ᠪᠡᠯᠡᠳᠬᠡᠯ ᠠᠵᠢᠯ᠎ᠠᠴᠠ ᠭᠠᠳᠠᠨᠠᠬᠢ ᠠᠵᠢᠯᠯᠠᠭ᠎ᠠ ᠥᠷᠨᠢᠭᠦᠯᠦᠭᠰᠡᠨ᠂ ᠳᠠᠩᠰᠠᠯᠠᠯᠲᠠ ᠵᠢ᠎ᠨᠢ ᠬᠦᠴᠦᠨ ᠦᠭᠡᠢ ᠪᠤᠯᠭ᠋ᠠᠬᠰᠠᠨ᠂ ᠳᠠᠩᠰᠠᠯᠠᠯᠲᠠ ᠵᠢᠨ ᠦᠨᠡᠮᠯᠡᠯ ᠵᠶ᠋ᠡᠨ ᠬᠤᠷᠢᠶᠠᠯᠭ᠋ᠠᠬᠰᠠᠨᠤ ᠲᠠᠷᠠᠭ᠎ᠠ ᠦᠷᠭᠦᠯᠵᠢᠯᠡᠨ ᠨᠡᠢ᠌ᠭᠡᠮ᠎ᠤᠨ ᠪᠦᠯᠬᠦᠮ᠂ ᠰᠠᠭᠤᠷᠢ ᠮᠥᠩᠭᠥᠨ᠎ᠤ ᠨᠡᠢ᠌ᠭᠡᠮᠯᠢᠭ᠂ ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ ᠨᠢᠬᠡᠴᠢ ᠵᠢᠨ ᠨᠡᠷ᠎ᠡ᠎ᠪᠠᠷ ᠠᠵᠢᠯᠯᠠᠭ᠎ᠠ ᠬᠢᠭᠰᠡᠨ ᠵᠡᠷᠭᠡ ᠭᠤᠷᠪᠠᠨ ᠲᠥᠷᠥᠯ᠎ᠤᠨ ᠪᠠᠢ᠌ᠳᠠᠯ᠎ᠲᠠᠢ ᠵᠣᠬᠢᠶᠠᠨ ᠪᠠᠢ᠌ᠭᠤᠯᠤᠯᠲᠠ ᠵᠢ ᠴᠣᠬᠢᠯᠲᠠ ᠥᠭᠴᠦ ᠴᠡᠭᠴᠡᠯᠡᠨ ᠵᠠᠰᠠᠬᠤ ᠡᠲᠡᠭᠡᠳ ᠪᠣᠯᠭ᠋ᠠᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ
ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠬᠣᠶᠠᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ ᠤᠳᠠᠭ᠋ᠠᠨ᠎ᠤ ᠬᠡᠷᠡᠭ ᠡᠷᠬᠢᠯᠡᠭᠴᠢᠳ᠎ᠤᠨ ᠬᠤᠷᠠᠯ (ᠬᠣᠶᠠᠳᠤᠭ᠋ᠠᠷ ᠬᠤᠭᠤᠴᠠᠭ᠋ᠠᠨ᠎ᠤ ᠳᠥᠷᠪᠡᠳᠦᠭᠡᠷ ᠤᠳᠠᠭ᠋ᠠᠨ᠎ᠤ ᠪᠠᠢ᠌ᠩᠭᠤ ᠵᠢᠨ ᠬᠡᠷᠡᠭ ᠡᠷᠬᠢᠯᠡᠭᠴᠢᠳ᠎ᠤᠨ ᠬᠤᠷᠠᠯ) 2 ᠳ᠋ᠤᠭ᠋ᠠᠷ ᠰᠠᠷ᠎ᠠ ᠵᠢᠨ 19᠎ᠤ ᠡᠳᠦᠷ ᠬᠥᠬᠡᠬᠣᠲᠠ᠎ᠳᠤ ᠬᠤᠷᠠᠯᠳᠤᠪᠠ᠃ ᠬᠤᠷᠠᠯ ᠲᠡᠬᠡᠷ᠎ᠡ ᠥᠩᠭᠡᠷᠡᠭᠰᠡᠨ ᠨᠢᠭᠡ ᠵᠢᠯ᠎ᠳᠤ᠎ᠬᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ ᠨᠠᠮ᠎ᠤᠨ ᠪᠠᠢ᠌ᠭᠤᠯᠤᠯᠲᠠ᠂ ᠨᠢᠭᠦᠯᠡᠰᠦᠩᠭᠦᠢ ᠵᠢᠨ ᠲᠤᠰᠠᠯᠠᠮᠵᠢ᠂ ᠪᠡᠯᠡ ᠮᠥᠩᠭᠥ ᠴᠤᠭᠯᠠᠭᠤᠯᠬᠤ᠂ ᠨᠢᠭᠦᠯᠡᠰᠦᠩᠭᠦᠢ ᠵᠢᠨ ᠤᠬᠠᠭᠤᠯᠭ᠎ᠠ᠂ ᠴᠢᠳᠠᠪᠤᠷᠢ ᠵᠢᠨ ᠪᠠᠢ᠌ᠭᠤᠯᠤᠯᠲᠠ ᠵᠡᠷᠭᠡ ᠲᠠᠯ᠎ᠠ᠎ᠪᠠᠷ᠎ᠬᠢ ᠠᠷᠭ᠎ᠠ ᠵᠢᠨ ᠦᠷ᠎ᠡ ᠪᠦᠲᠦᠮᠵᠢ ᠵᠢ ᠪᠦᠬᠦ ᠲᠠᠯ᠎ᠠ ᠪᠠᠷ ᠳ᠋ᠦᠩᠨᠡᠵᠦ᠂ ᠡᠳ᠋᠎ᠤᠨ ᠶᠠᠪᠤᠳᠠᠯ᠎ᠤᠨ ᠠᠵᠢᠯ᠎ᠤᠨ ᠮᠡᠳᠡᠭᠦᠯᠦᠯᠲᠡ ᠪᠠ ᠬᠡᠰᠡᠭ ᠨᠢᠭᠦᠯᠡᠰᠦᠩᠭᠦᠢ ᠵᠢᠨ ᠵᠦᠢ᠍ᠯᠡᠰ᠎ᠤᠨ ᠰᠡᠳᠦᠪ ᠲᠣᠭᠲᠠᠭ᠋ᠠᠭᠰᠠᠨ ᠪᠠᠢ᠌ᠳᠠᠯ᠎ᠤᠨ ᠲᠤᠬᠠᠢ ᠲᠣᠳᠣᠷᠬᠠᠢ᠌ᠯᠠᠯᠲᠠ ᠵᠢ ᠬᠢᠨᠠᠮᠠᠭ᠋ᠠᠢ ᠰᠣᠨᠣᠰᠴᠤ ᠳᠣᠲᠣᠭ᠋ᠠᠳᠤ᠎ᠳᠤ᠎ᠪᠠᠨ ᠲᠣᠬᠢᠷᠠᠭᠤᠯᠤᠭᠰᠠᠨ ᠰᠠᠯᠠᠭ᠎ᠠ ᠮᠥᠴᠢᠷ᠎ᠢ ᠰᠢᠨ᠎ᠡ᠎ᠪᠠᠷ ᠨᠡᠮᠡᠭᠳᠡᠭᠦᠯᠬᠦ᠂ ᠠᠵᠢᠯ᠎ᠳᠤ ᠭᠠᠷᠬᠤ ᠵᠢ ᠰᠢᠯᠭ᠋ᠠᠬᠤ ᠳᠦᠷᠢᠮ᠎ᠢ ᠪᠠᠶ᠋ᠢᠭᠤᠯᠬᠤ᠂ ᠭᠡᠰᠢᠭᠦᠨ᠎ᠢ ᠨᠡᠮᠡᠵᠦ ᠨᠥᠬᠥᠪᠦᠷᠢᠯᠡᠬᠦ ᠪᠤᠯᠤᠨ ᠠᠵᠢᠯᠲᠠᠨ᠎ᠢ ᠲᠤᠰᠢᠶᠠᠯ᠎ᠳᠤ ᠲᠣᠮᠢᠯᠠᠵᠤ ᠲᠤᠰᠢᠶᠠᠯ᠎ᠠᠴᠠ ᠪᠠᠭᠤᠯᠭ᠋ᠠᠬᠤ ᠵᠡᠷᠭᠡ ᠵᠥᠪᠯᠡᠯᠭᠡ ᠵᠢ ᠬᠢᠨᠠᠨ ᠶᠠᠷᠢᠯᠴᠠᠵᠤ ᠪᠠᠲᠤᠯᠠᠬᠤ ᠵᠢᠨ ᠬᠠᠮᠲᠤ 2025 ᠣᠨ᠎ᠤ ᠭᠣᠣᠯᠳᠠᠯᠭ᠎ᠠ᠎ᠲᠠᠢ ᠠᠵᠢᠯ᠎ᠢ ᠲᠥᠯᠥᠪᠵᠢᠭᠦᠯᠦᠨ ᠪᠠᠢ᠌ᠷᠢᠯᠠᠭᠤᠯᠪᠠ᠃ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠬᠡᠷᠡᠭ ᠡᠷᠬᠢᠯᠡᠭᠴᠢ᠂ ᠬᠢᠨᠠᠭᠴᠢ 47 ᠬᠥᠮᠥᠨ ᠬᠤᠷᠠᠯ᠎ᠳᠤ ᠣᠷᠣᠯᠴᠠᠵᠠᠢ᠃
ᠨᠡᠢ᠌ᠭᠡᠮ᠎ᠤᠨ ᠲᠤᠰᠠᠯᠠᠮᠵᠢ
ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠰᠠᠭᠤᠷᠢ ᠵᠢ ᠦᠨᠡᠨ ᠬᠦ᠌ ᠪᠠᠲᠤᠯᠠᠬᠤ᠂ ᠰᠠᠭᠤᠷᠢ ᠵᠢ ᠤᠨᠤᠪᠴᠢᠳᠠᠢ ᠪᠠᠲᠤᠯᠠᠬᠤ᠂ ᠰᠠᠭᠤᠷᠢ ᠵᠢ ᠰᠠᠢ᠌ᠲᠤᠷ ᠪᠠᠲᠤᠯᠠᠬᠤ》 ᠲᠤᠰᠠᠯᠠᠮᠵᠢ ᠵᠢᠨ ᠬᠠᠷᠠᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠢ᠍ᠯᠡᠴᠢᠯᠡᠭᠡᠨ᠎ᠤ ᠲᠥᠷᠥᠯ᠎ᠤᠨ ᠨᠡᠢ᠌ᠭᠡᠮ᠎ᠤᠨ ᠲᠤᠰᠠᠯᠠᠮᠵᠢ ᠵᠢᠨ ᠪᠦᠲᠦᠮᠵᠢᠲᠡᠶ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠬᠡᠳ ᠲᠣᠭ᠎ᠠ ᠪᠠᠷᠢᠮᠲᠠ᠎ᠪᠠᠷ ᠡᠨᠧᠷᠭᠢ ᠣᠯᠭᠣᠬᠤ᠂ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠬᠦ᠂ ᠨᠠᠷᠢᠯᠢᠭ ᠣᠨᠣᠴᠠᠲᠠᠢ ᠦᠨᠡᠯᠡᠬᠦ᠂ ᠦᠢ᠍ᠯᠡᠴᠢᠯᠡᠭᠡ ᠵᠢ ᠲᠡᠭᠦᠯᠳᠡᠷᠵᠢᠭᠦᠯᠬᠦ᠂ ᠬᠢᠨᠠᠯᠲᠠ ᠲᠠᠯᠪᠢᠬᠤ ᠵᠢ ᠴᠢᠩᠭ᠋ᠠᠳᠬᠠᠬᠤ ᠵᠡᠷᠭᠡ ᠠᠷᠭ᠎ᠠ᠎ᠪᠠᠷ ᠳᠠᠮᠵᠢᠭᠤᠯᠤᠨ᠂ ᠨᠡᠢ᠌ᠭᠡᠮ᠎ᠤᠨ ᠲᠤᠰᠠᠯᠠᠮᠵᠢ ᠵᠢ ᠲᠠᠩ ᠭᠠᠭᠴᠠ ᠪᠣᠳᠠᠰ᠎ᠤᠨ ᠲᠤᠰᠠᠯᠠᠮᠵᠢ᠎ᠠᠴᠠ 《ᠪᠣᠳᠠᠰ + ᠦᠢ᠍ᠯᠡᠴᠢᠯᠡᠭᠡ + ᠣᠶᠤᠨ ᠰᠠᠨᠠᠭ᠎ᠠ》 ᠵᠢᠨ ᠶᠡᠷᠦᠩᠬᠡᠢ᠌ᠯᠡᠭᠰᠡᠨ ᠲᠤᠰᠠᠯᠠᠮᠵᠢ ᠲᠡᠢ᠌ᠰᠢ ᠬᠤᠪᠢᠷᠠᠭᠤᠯᠬᠤ ᠠᠵᠢᠯ᠎ᠢ ᠠᠬᠢᠭᠤᠯᠪᠠ᠃ ᠬᠦᠯᠤᠨ ᠪᠤᠢ᠌ᠷ ᠬᠣᠲᠠ᠎ᠳᠤ ᠤᠳᠤ ᠪᠤᠯᠳᠠᠯ᠎ᠠ ᠣᠨᠴᠠ ᠬᠦᠴᠢᠷᠳᠡᠯᠲᠡᠢ 3029 ᠣᠯᠠᠨ ᠲᠦᠮᠡᠨ᠎ᠳᠤ ᠠᠮᠢᠳᠤᠷᠠᠯ᠎ᠤᠨ ᠬᠠᠷᠠᠭ᠋ᠠᠯᠵᠠᠯ᠂ ᠡᠷᠡᠭᠦᠯᠵᠢᠯ᠎ᠤᠨ ᠪᠣᠯᠪᠠᠰᠤᠷᠠᠯ᠂ ᠡᠮᠨᠡᠯᠭᠡ᠎ᠳᠤ ᠬᠦᠷᠭᠡᠵᠦ ᠰᠤᠪᠢᠯᠠᠭᠤᠯᠬᠤ ᠪᠠ ᠭᠡᠷ᠎ᠤᠨ ᠶᠠᠪᠤᠳᠠᠯ᠎ᠤᠨ ᠴᠡᠪᠡᠷᠯᠡᠭᠡ ᠵᠡᠷᠭᠡ ᠨᠠᠷᠢᠯᠢᠭᠵᠢᠭᠤᠯᠤᠭᠰᠠᠨ ᠦᠢ᠍ᠯᠡᠴᠢᠯᠡᠭᠡ ᠬᠠᠩᠭ᠋ᠠᠵᠤ ᠪᠠᠢ᠌ᠨ᠎ᠠ᠃
ᠨᠡᠢ᠌ᠭᠡᠮ᠎ᠤᠨ ᠶᠠᠪᠤᠳᠠᠯ
ᠬᠥᠬᠡᠬᠣᠲᠠ ᠵᠢᠨ᠎ᠬᠢᠨ 《ᠬᠥᠬᠡᠬᠣᠲᠠ ᠵᠢᠨ ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠳᠦᠷᠢᠮ》᠎ᠳᠤ ᠵᠠᠰᠠᠪᠤᠷᠢ ᠣᠷᠣᠭᠤᠯᠬᠤ᠎ᠪᠠᠷ 2025 ᠣᠨ᠎ᠤ ᠬᠠᠤᠯᠢ ᠲᠣᠭᠲᠠᠭ᠋ᠠᠬᠤ ᠲᠥᠯᠥᠪᠯᠡᠭᠡ᠎ᠳᠤ ᠣᠷᠣᠭᠤᠯᠵᠤ᠂ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠬᠥᠬᠡᠬᠣᠲᠠ ᠵᠢᠨ ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠨᠢ ᠨᠡᠶ᠋ᠢᠲᠡ 6 ᠪᠦᠯᠦᠭ 56 ᠵᠤᠷᠪᠤᠰ᠎ᠲᠠᠢ᠂ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ ᠵᠢ ᠤᠯᠠᠮ ᠲᠣᠳᠣᠷᠬᠠᠢ᠌ᠯᠠᠵᠤ᠂ ᠨᠡᠶ᠋ᠢᠲᠡ ᠵᠢᠨ ᠠᠰᠠᠷᠠᠮᠵᠢ ᠵᠢᠨ ᠰᠢᠨᠵᠢ ᠴᠢᠨᠠᠷ᠎ᠢ ᠲᠣᠪᠤᠢ᠌ᠯᠭ᠋ᠠᠨ᠂ ᠭᠠᠵᠠᠷ ᠠᠷᠪᠢᠯᠠᠬᠤ ᠠᠮᠢ ᠠᠬᠤᠢ ᠵᠢᠨ ᠣᠷᠣᠰᠢᠭᠤᠯᠭ᠎ᠠ ᠵᠢ ᠬᠡᠷᠡᠭᠵᠢᠭᠦᠯᠬᠦ᠂ ᠭᠠᠵᠠᠷ ᠰᠢᠷᠣᠢ ᠵᠢ ᠪᠠᠭ᠎ᠠ ᠡᠵᠡᠯᠡᠬᠦ ᠪᠤᠶᠤ ᠥᠯᠥ ᠡᠵᠡᠯᠡᠬᠦ ᠠᠮᠢ ᠠᠬᠤᠢ ᠵᠢᠨ ᠣᠷᠣᠰᠢᠭᠤᠯᠭ᠎ᠠ ᠵᠢᠨ ᠠᠷᠭ᠎ᠠ ᠵᠢ ᠰᠠᠨᠠᠭ᠋ᠠᠴᠢᠯᠠᠬᠤ᠂ ᠭᠠᠵᠠᠷ ᠠᠷᠪᠢᠯᠠᠬᠤ ᠠᠮᠢ ᠠᠬᠤᠢ ᠵᠢᠨ ᠣᠷᠣᠰᠢᠭᠤᠯᠭ᠎ᠠ ᠵᠢᠨ ᠱᠠᠩᠨᠠᠯ ᠨᠥᠬᠥᠪᠦᠷᠢ ᠵᠢᠨ ᠳᠦᠷᠢᠮ᠎ᠢ ᠪᠠᠶ᠋ᠢᠭᠤᠯᠬᠤ ᠵᠡᠷᠭᠡ ᠠᠭᠤᠯᠭ᠎ᠠ ᠵᠢ ᠨᠡᠮᠡᠪᠡ᠃ ᠣᠳᠣᠬᠠᠨ᠎ᠳᠤ 《ᠳᠦᠷᠢᠮ (ᠵᠠᠰᠠᠪᠤᠷᠢ ᠣᠷᠣᠭᠤᠯᠤᠭᠰᠠᠨ ᠲᠥᠰᠥᠯ)》᠎ᠢ ᠬᠦᠬᠡᠬᠤᠳᠠ ᠵᠢᠨ ᠠᠷᠪᠠᠨ ᠵᠢᠷᠭᠤᠳᠤᠭ᠋ᠠᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠬᠣᠷᠢᠨ ᠲᠠᠪᠤᠳᠤᠭ᠋ᠠᠷ ᠬᠤᠷᠠᠯᠳᠤᠭ᠋ᠠᠨ᠎ᠠᠴᠠ ᠬᠢᠨᠠᠨ ᠶᠠᠷᠢᠯᠴᠠᠵᠤ ᠪᠠᠲᠤᠯᠠᠪᠠ᠃