ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.17
ᠨᠡᠶᠢᠲᠡᠯᠡᠭᠰᠡᠨ ᠴᠠᠭ᠄ 2025-04-18

ᠴᠢᠬᠤᠯᠠ ᠮᠡᠳᠡᠭᠡ
    
     ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ 4 ᠰᠠᠷ᠎ᠠ ᠵᠢᠨ 14᠎ᠤ ᠡᠳᠦᠷ 2025 ᠣᠨ᠎ᠤ ᠬᠣᠶᠠᠳᠤᠭ᠋ᠠᠷ ᠤᠯᠠᠷᠢᠯ᠎ᠤᠨ ᠲᠣᠭᠲᠠᠮᠠᠯ ᠬᠤᠭᠤᠴᠠᠭ᠋ᠠᠲᠤ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠪᠡ᠃ ᠠᠷᠠᠳ᠎ᠤᠨ ᠶᠠᠪᠤᠳᠠᠯ᠎ᠤᠨ ᠶᠠᠮᠤᠨ᠎ᠤ ᠰᠣᠨᠢᠨ ᠮᠡᠳᠡᠭᠡᠨ᠎ᠤ ᠥᠭᠦᠯᠡᠭᠴᠢ᠂ ᠠᠯᠪᠠᠨ ᠲᠢᠩᠬᠢᠮ (ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠤᠷᠭ᠋ᠠᠨ)᠎ᠤᠨ ᠳᠡᠳ᠋ ᠡᠷᠬᠢᠯᠡᠭᠴᠢ ᠯᠢ ᠸᠠᠨ ᠯᠢ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠡᠷᠭᠢᠯᠡᠭᠰᠡᠨ ᠪᠥᠭᠡᠳ ᠨᠢᠭᠡᠳᠦᠭᠡᠷ ᠤᠯᠠᠷᠢᠯ᠎ᠤᠨ ᠠᠷᠠᠳ᠎ᠤᠨ ᠶᠠᠪᠤᠳᠠᠯ᠎ᠤᠨ ᠭᠣᠣᠯᠳᠠᠯᠭ᠎ᠠ᠎ᠲᠠᠢ ᠠᠵᠢᠯ᠎ᠤᠨ ᠠᠬᠢᠴᠠ ᠵᠢᠨ ᠪᠠᠢ᠌ᠳᠠᠯ ᠪᠠ ᠲᠠᠷᠠᠭ᠋ᠠᠴᠢ ᠵᠢᠨ ᠠᠵᠢᠯ᠎ᠤᠨ ᠲᠣᠬᠢᠷᠠᠭᠤᠯᠤᠯᠲᠠ ᠵᠢ ᠵᠠᠷᠯᠠᠨ ᠮᠡᠳᠡᠭᠳᠡᠪᠡ᠃ ᠪᠠᠢ᠌ᠭᠤᠯᠭ᠎ᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠠᠵᠢᠯᠲᠠᠨ᠎ᠤ ᠶᠠᠪᠤᠳᠠᠯ᠎ᠤᠨ ᠵᠤᠷᠭ᠋ᠠᠨ᠎ᠤ ᠳᠡᠳ᠋ ᠳᠠᠷᠤᠭ᠎ᠠ ᠵᠠᠩ ᠢᠦᠢ ᠰᠢᠩ 《ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠠᠨᠠᠯ》᠎ᠢ ᠲᠠᠨᠢᠯᠴᠠᠭᠤᠯᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠵᠤᠷᠭ᠋ᠠᠨ᠎ᠤ ᠳᠡᠳ᠋ ᠳᠠᠷᠤᠭ᠎ᠠ ᠯᠢ ᠶᠦᠩ ᠰᠢᠨ 《ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠮᠡᠷᠭᠡᠰᠢᠯᠳᠦ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠴᠢᠳᠠᠪᠤᠷᠢ ᠵᠢᠨ ᠳᠡᠰ᠎ᠢ ᠲᠣᠭᠲᠠᠭ᠋ᠠᠬᠤ ᠠᠵᠢᠯ᠎ᠢ ᠲᠦᠷᠭᠡᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》 ᠎ᠢ ᠲᠠᠨᠢᠯᠴᠠᠭᠤᠯᠵᠤ ᠣᠷᠣᠨ ᠬᠤᠪᠢᠶᠠᠷᠢᠯᠠᠯ ᠭᠠᠵᠠᠷ᠎ᠤᠨ ᠨᠡᠷᠡᠰ᠎ᠤᠨ ᠵᠤᠷᠭ᠋ᠠᠨ᠎ᠤ ᠳᠡᠳ᠋ ᠳᠠᠷᠤᠭ᠎ᠠ ᠸᠠᠩ ᠰᠢᠶᠣᠣ ᠳ᠋ᠦᠩ 《ᠣᠷᠣᠨ ᠨᠤᠲᠤᠭ᠎ᠤᠨ ᠰᠢᠤᠳᠠᠨ᠎ᠤ ᠬᠠᠮᠵᠢᠯᠴᠠᠭ᠎ᠠ ᠵᠢ ᠴᠢᠩᠭ᠋ᠠᠳᠬᠠᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠲᠤᠬᠠᠢ ᠮᠡᠳᠡᠭᠳᠡᠯ》 ᠎ᠤᠨ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠤᠬᠰᠠᠨ᠎ᠤ ᠬᠠᠮᠲᠤ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠢ᠃


ᠠᠷᠠᠳ᠎ᠤᠨ ᠶᠠᠪᠤᠳᠠᠯ᠎ᠤᠨ ᠶᠠᠮᠤᠨ


    ᠠᠷᠠᠳ᠎ᠤᠨ ᠶᠠᠪᠤᠳᠠᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ᠎ᠬᠢᠨ ᠬᠠᠮᠲᠤᠷᠠᠨ ᠤᠷᠴᠢᠮ᠎ᠳᠤ 《ᠰᠢᠨ᠎ᠡ ᠴᠠᠭ ᠦᠶ᠎ᠡ ᠵᠢᠨ ᠠᠷᠠᠳ᠎ᠤᠨ ᠶᠠᠪᠤᠳᠠᠯ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠴᠢᠳᠠᠪᠤᠷᠢᠲᠠᠨ᠎ᠢ ᠬᠥᠮᠥᠵᠢᠭᠦᠯᠬᠦ ᠰᠢᠰᠲ᠋ᠧᠮ᠎ᠢ ᠪᠦᠷᠢᠨᠰᠢᠭᠦᠯᠬᠦ᠂ ᠴᠢᠳᠠᠪᠤᠷᠢᠲᠠᠨ᠎ᠢ ᠬᠡᠷᠡᠭᠯᠡᠬᠦ ᠳᠦᠷᠢᠮ᠎ᠢ ᠲᠡᠭᠦᠯᠳᠡᠷᠵᠢᠭᠦᠯᠬᠦ᠂ ᠴᠢᠳᠠᠪᠤᠷᠢᠲᠠᠨ᠎ᠢ ᠦᠨᠡᠯᠡᠬᠦ ᠵᠠᠮ᠎ᠢ ᠰᠠᠭ᠋ᠠᠳ ᠦᠭᠡᠢ ᠨᠡᠪᠲᠡᠷᠡᠭᠦᠯᠬᠦ᠂ ᠴᠢᠳᠠᠪᠤᠷᠢᠲᠠᠨ᠎ᠢ ᠤᠷᠮᠠᠰᠢᠭᠤᠯᠬᠤ ᠲᠣᠭᠲᠠᠴᠠ ᠵᠢ ᠲᠡᠬᠦᠯᠳᠡᠷᠵᠢᠬᠦᠯᠬᠦ ᠵᠡᠷᠭᠡ ᠲᠠᠯ᠎ᠠ ᠵᠢᠨ ᠪᠣᠳᠠᠲᠠᠢ ᠠᠷᠭ᠎ᠠ ᠵᠢ ᠲᠣᠭᠲᠠᠭ᠋ᠠᠪᠠ᠃


ᠨᠡᠢ᠌ᠭᠡᠮ᠎ᠤᠨ ᠶᠠᠪᠤᠳᠠᠯ


     ᠬᠦᠴᠦᠲᠦ ᠬᠦᠢ᠍ᠲᠡᠨ ᠤᠷᠤᠰᠬᠠᠯ᠎ᠠᠴᠠ ᠪᠤᠯᠵᠤ ᠲᠡᠭᠷᠢ ᠬᠦᠢ᠍ᠳᠡᠷᠡᠭᠰᠡᠨ ᠪᠠᠢ᠌ᠳᠠᠯ᠎ᠳᠤ ᠬᠠᠷ᠎ᠠ ᠰᠠᠯᠬᠢ᠂ ᠴᠠᠰᠤ ᠪᠣᠷᠣᠭ᠋ᠠᠨ ᠪᠠ ᠴᠠᠰᠤ ᠰᠢᠭᠤᠷᠭ᠋ᠠᠨ᠎ᠤ ᠴᠠᠭ ᠠᠭ᠋ᠠᠷ᠎ᠢ ᠠᠷᠭ᠋ᠠᠴᠠᠭ᠋ᠠᠬᠤ ᠵᠢᠨ ᠲᠥᠯᠥᠭᠡ ᠠᠮᠢᠳᠤᠷᠠᠯ᠎ᠳᠤ᠎ᠪᠠᠨ ᠵᠥᠪ ᠦᠭᠡᠢ ᠲᠡᠨᠦᠭᠦᠯ ᠭᠤᠢ᠌ᠷᠠᠨᠴᠢᠳ᠎ᠤᠨ ᠦᠨᠳᠦᠰᠦᠨ ᠡᠷᠬᠡ ᠠᠰᠢᠭ᠎ᠢ ᠦᠨᠡᠨ ᠬᠦ᠌ ᠪᠠᠲᠤᠯᠠᠵᠤ᠂ ᠰᠢᠯᠢ ᠵᠢᠨ ᠭᠣᠣᠯ ᠠᠢ᠌ᠮᠠᠭ᠎ᠤᠨ ᠨᠡᠢ᠌ᠭᠡᠮ᠎ᠤᠨ ᠲᠤᠰᠠᠯᠠᠮᠵᠢ ᠵᠢᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠥᠪ᠎ᠤᠨ᠎ᠬᠢᠨ ᠣᠨᠴᠠᠭ᠋ᠠᠶ ᠴᠠᠭ ᠠᠭᠤᠷ᠎ᠤᠨ ᠲᠤᠰᠬᠠᠢ ᠲᠥᠷᠥᠯ᠎ᠤᠨ ᠵᠡᠭᠡᠯᠢ ᠭᠤᠳᠤᠮᠵᠢ᠎ᠪᠠᠷ ᠲᠣᠭᠣᠷᠢᠨ ᠪᠠᠢ᠌ᠴᠠᠭ᠋ᠠᠬᠤ ᠠᠵᠢᠯᠯᠠᠭ᠎ᠠ ᠥᠷᠨᠢᠭᠦᠯᠵᠦ 《ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠬᠤ + ᠭᠣᠣᠯᠳᠠᠯᠭ᠎ᠠ᠎ᠲᠠᠢ ᠲᠤᠰᠠᠯᠠᠬᠤ》 ᠠᠷᠭ᠎ᠠ᠎ᠪᠠᠷ ᠬᠣᠲᠠ ᠵᠢᠨ ᠲᠣᠭᠣᠷᠢᠭ᠎ᠤᠨ ᠬᠥᠭᠥᠷᠭᠡ ᠵᠢᠨ ᠭᠤᠯᠳᠤᠩ ᠠᠭᠤᠢ᠂ ᠬᠠᠶᠠᠭᠳᠠᠮᠠᠯ ᠭᠡᠷ ᠪᠠᠢ᠌ᠰᠢᠩ᠂ ᠪᠠᠷᠢᠯᠭ᠎ᠠ ᠵᠢᠨ ᠠᠵᠢᠯ᠎ᠤᠨ ᠭᠠᠵᠠᠷ ᠵᠡᠷᠭᠡ ᠲᠡᠨᠦᠭᠦᠴᠢᠯᠡᠵᠦ ᠪᠠᠢ᠌ᠭ᠎ᠠ ᠬᠥᠮᠥᠰ᠎ᠤᠨ ᠬᠤᠷᠭᠤᠳᠠᠵᠤ ᠮᠡᠳᠡᠬᠦ ᠣᠷᠣᠨ ᠪᠦᠰᠡ ᠵᠢ ᠪᠥᠬᠥ ᠲᠠᠯ᠎ᠠ᠎ᠪᠠᠷ ᠪᠠᠢ᠌ᠴᠠᠭ᠋ᠠᠬᠰᠠᠨ᠎ᠤ ᠬᠠᠮᠲᠤ ᠲᠥᠬᠥᠮ ᠠᠪᠰᠠᠷᠬᠠᠨ ᠭᠡᠷ ᠪᠠᠢ᠌ᠰᠢᠩ ᠪᠠᠷᠢᠵᠤ ᠪᠠᠢ᠌ᠭ᠎ᠠ 1 ᠡᠷᠦᠬᠡ ᠬᠦᠴᠢᠷᠳᠡᠯᠲᠡᠢ ᠣᠯᠠᠨ ᠲᠦᠮᠡᠨ᠎ᠤ ᠭᠡᠷ᠎ᠲᠤ ᠬᠦᠷᠴᠦ ᠲᠤᠬᠠᠢ ᠵᠢᠨ ᠭᠠᠵᠠᠷ᠎ᠲᠤ᠎ᠨᠢ ᠰᠤᠷᠪᠤᠯᠵᠢᠯᠠᠭ᠋ᠠᠳ ᠬᠡᠷᠡᠭᠴᠡᠭᠡ ᠱᠠᠭ᠋ᠠᠷᠳᠠᠯᠭ᠎ᠠ ᠵᠢ ᠣᠢ᠌ᠯᠠᠭ᠋ᠠᠨ ᠡᠵᠡᠮᠰᠢᠵᠦ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠰᠡᠷᠭᠡᠢ᠌ᠯᠡᠯᠲᠡ ᠵᠢᠨ ᠱᠤᠭᠤᠮ᠎ᠢ ᠪᠠᠲᠤ ᠪᠠᠢ᠌ᠭᠤᠯᠵᠤ ᠪᠠᠢ᠌ᠨ᠎ᠠ᠃ 


ᠨᠠᠰᠤᠲᠠᠢ᠌ᠴᠤᠳ᠎ᠤᠨ ᠠᠵᠢᠯ


    ᠬᠥᠬᠡᠬᠣᠲᠠ  ᠵᠢᠨ᠎ᠬᠢᠨ 2025 ᠣᠨ᠎ᠤ ᠬᠥᠮᠥᠨ ᠠᠮᠠ ᠵᠢᠨ ᠨᠠᠰᠤᠵᠢᠯᠲᠠ ᠵᠢᠨ ᠤᠯᠤᠰ᠎ᠤᠨ ᠪᠠᠢ᠌ᠳᠠᠯ᠎ᠤᠨ ᠬᠥᠮᠦᠵᠢᠯ ᠪᠠ ᠪᠤᠭᠤᠷᠤᠯᠴᠤᠳ᠎ᠤᠨ ᠠᠵᠤ ᠠᠬᠤᠢ ᠵᠢᠨ ᠪᠣᠯᠪᠠᠰᠤᠷᠠᠯ᠎ᠤᠨ ᠬᠤᠷᠠᠯ ᠡᠷᠭᠢᠯᠡᠵᠦ᠂ 《ᠳᠤᠮᠳᠠ ᠵᠡᠷᠭᠡ ᠵᠢᠨ ᠨᠠᠰᠤᠵᠢᠯ᠎ᠤᠨ ᠠᠬᠤᠢ ᠪᠠᠢ᠌ᠳᠠᠯ᠎ᠳᠤ᠎ᠬᠢ ᠪᠤᠭᠤᠷᠤᠯᠴᠤᠳ᠎ᠤᠨ ᠠᠵᠤ ᠠᠬᠤᠢ ᠵᠢᠨ ᠬᠥᠭᠵᠢᠯᠲᠡ ᠵᠢᠨ ᠠᠷᠭ᠎ᠠ ᠵᠠᠮ ᠬᠢᠭᠡᠳ ᠭᠣᠣᠯᠳᠠᠯᠭ᠎ᠠ》 ᠭᠡᠬᠦ ᠰᠡᠳᠦᠪ ᠵᠶ᠋ᠡᠷ ᠲᠤᠰᠬᠠᠢ ᠰᠡᠳᠦᠪᠲᠦ ᠲᠠᠢ᠌ᠯᠤᠮᠵᠢ᠎ᠪᠠᠷ ᠳᠠᠮᠵᠢᠭᠤᠯᠤᠨ᠂ ᠪᠥᠬᠥ ᠤᠯᠤᠰ᠎ᠤᠨ ᠨᠠᠰᠤᠲᠠᠢ᠌ᠴᠤᠳ᠎ᠤᠨ ᠨᠥᠬᠥᠷᠰᠡᠭ ᠬᠡᠯᠪᠡᠷᠢ ᠵᠢᠨ ᠵᠢᠱ᠌ᠢᠶ᠎ᠡ ᠨᠡᠢ᠌ᠭᠡᠮ ᠲᠣᠭᠣᠷᠢᠭ᠎ᠤᠨ ᠠᠵᠢᠯ᠂ ᠦᠳᠡᠬᠦᠰ᠎ᠤᠨ ᠨᠦᠬᠦᠪᠤᠷᠢ ᠵᠢᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠲᠠᠢ᠌ᠯᠪᠤᠷᠢᠯᠠᠯᠲᠠ᠂ ᠨᠠᠰᠤᠲᠠᠢ᠌ᠴᠤᠳ᠎ᠤᠨ ᠡᠨᠳᠡᠯ᠎ᠤᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠡᠷᠭᠡ ᠵᠢ ᠡᠭᠦᠳᠦᠨ ᠪᠠᠢ᠌ᠭᠤᠯᠵᠤ᠂  ᠨᠠᠰᠤᠲᠠᠢ᠌ᠴᠤᠳ᠎ᠤᠨ ᠤᠯᠠᠨ ᠵᠦᠢ᠍ᠯ᠎ᠤᠨ ᠠᠵᠢᠯ᠎ᠢ ᠪᠠᠢ᠌ᠷᠢᠯᠠᠭᠤᠯᠵᠤ᠂ ᠪᠥᠬᠥ ᠬᠣᠲᠠ ᠵᠢᠨ ᠨᠠᠰᠤᠲᠠᠢ᠌ᠴᠤᠳ᠎ᠤᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠪᠠ ᠶᠡᠷᠦᠩᠬᠡᠢ᠌ᠯᠡᠭᠰᠡᠨ ᠬᠡᠪ ᠴᠢᠨᠠᠷ᠎ᠢ ᠪᠥᠬᠥ ᠲᠠᠯ᠎ᠠ᠎ᠪᠠᠷ ᠲᠡᠭᠡᠭᠰᠢᠯᠡᠬᠦᠯᠬᠦ᠎ᠪᠠᠷ ᠴᠢᠷᠮᠠᠢ᠌ᠪᠠ᠃ ᠡᠯ᠎ᠡ ᠬᠣᠰᠢᠭᠤ ᠰᠢᠶᠠᠨ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠨᠠᠰᠤᠲᠠᠢ᠌ᠴᠤᠳ᠎ᠤᠨ ᠠᠵᠢᠯ᠎ᠢ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ᠂ ᠡᠯ᠎ᠡ ᠨᠡᠢ᠌ᠭᠡᠮ ᠲᠣᠭᠣᠷᠢᠭ᠎ᠤᠨ ᠨᠠᠰᠤᠲᠠᠢ᠌ᠴᠤᠳ᠎ᠤᠨ ᠠᠵᠢᠯ᠎ᠤᠨ ᠬᠠᠷᠢᠭᠤᠴᠠᠯᠭ᠋ᠠᠲᠠᠨ 200 ᠭᠠᠷᠤᠢ ᠬᠥᠮᠥᠨ ᠪᠣᠯᠪᠠᠰᠤᠷᠠᠯ᠎ᠳᠤ ᠣᠷᠣᠯᠴᠠᠵᠠᠢ᠃


ᠨᠠᠰᠤᠵᠢᠯ᠎ᠤᠨ ᠦᠢ᠍ᠯᠡᠴᠢᠯᠡᠭᠡ


   ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠠᠴᠢᠮ ᠎ᠢ  ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠵᠢᠨ᠎ᠬᠢᠨ᠎ᠲᠠᠢ ᠬᠠᠮᠲᠤᠷᠠᠨ 4 ᠳ᠋ᠤᠬᠡᠷ ᠰᠠᠷ᠎ᠠ ᠵᠢᠨ 4᠎ᠠᠴᠠ ᠪᠥᠬᠥ ᠠᠢ᠌ᠮᠠᠭ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠠᠶᠤᠯ ᠦᠬᠡᠢ ᠦᠢ᠍ᠯᠡᠳᠪᠦᠷᠢᠯᠡᠯ᠎ᠤᠨ ᠨᠡᠢ᠌ᠳᠡᠮ ᠪᠠᠢ᠌ᠴᠠᠭ᠋ᠠᠯᠲᠠ ᠵᠢ ᠦᠷᠨᠢᠬᠦᠯᠪᠡ᠃ 13᠎ᠠᠴᠠ 16᠎ᠤ ᠡᠳᠦᠷ ᠪᠣᠯᠲᠠᠯ᠎ᠠ ᠵᠢᠭᠰᠠᠭ᠋ᠠᠨ ᠪᠠᠢ᠌ᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ 《ᠡᠷᠬᠢᠨ ᠬᠠᠷᠠᠬᠤ》 ᠠᠵᠢᠯᠯᠠᠭ᠎ᠠ ᠥᠷᠨᠢᠭᠦᠯᠵᠦ᠂ ᠴᠡᠭᠴᠡᠯᠡᠬᠦ ᠠᠵᠢᠯ᠎ᠤᠨ ᠦᠷᠭᠦᠯᠵᠢᠯᠡᠨ ᠥᠨᠳᠥᠷ ᠪᠦᠲᠦᠮᠵᠢᠲᠡᠶ ᠨᠠᠢ᠌ᠳᠠᠪᠤᠷᠢᠵᠢᠭᠤᠯᠤᠭᠳᠠᠬᠤ ᠵᠢ ᠦᠨᠡᠨ ᠬᠦ᠌ ᠪᠠᠲᠤᠯᠠᠪᠠ᠃  ᠤᠳᠤ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢᠨ 25% ᠵᠢ ᠪᠡᠶᠡᠯᠡᠭᠦᠯᠵᠦ᠂ ᠪᠤᠰᠤᠳ ᠬᠡᠮ ᠰᠣᠭᠣᠭ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠶᠠᠭ ᠡᠮᠬᠢ ᠵᠢᠷᠤᠮ᠎ᠲᠠᠢ᠎ᠪᠠᠷ  ᠠᠬᠢᠭᠤᠯᠵᠤ ᠪᠠᠢ᠌ᠨ᠎ᠠ᠃



  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ ᠊ᠤ᠊ ᠰᠢᠭᠤᠷᠬᠠᠢ ᠮᠡᠳᠡᠬᠡ 4.18
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ ᠵᠢᠨ ᠨᠠᠰᠤᠵᠢᠯᠲᠠ ᠵᠢᠨ ᠤᠯᠤᠰ᠎ᠤᠨ ᠪᠠᠶ᠋ᠢᠳᠠᠯ᠎ᠤᠨ ᠬᠥᠮᠦᠵᠢᠯ ᠪᠠ ᠨᠠᠰᠤᠲᠠᠢ᠌ᠴᠤᠳ᠎ᠤᠨ ᠵᠦᠨᠦᠳᠡᠭ ᠭᠡᠮ᠎ᠢ ᠰᠡᠷᠬᠡᠢ᠌ᠯᠡᠬᠦ ᠠᠵᠢᠯ᠎ᠤᠨ ᠪᠣᠯᠪᠠᠰᠤᠷᠠᠯ ᠬᠥᠬᠡᠬᠣᠲᠠ᠎ᠳᠤ ᠶᠠᠪᠤᠭᠳᠠᠪᠠ ᠤᠬᠤᠷ ᠭᠠᠷᠴᠠᠭ᠄ ᠬᠥᠮᠦᠨ ᠠᠮᠠ ᠵᠢᠨ ᠨᠠᠰᠤᠵᠢᠯ᠊
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.21
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.22
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.23
 
            