ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.16
ᠨᠡᠶᠢᠲᠡᠯᠡᠭᠰᠡᠨ ᠴᠠᠭ᠄ 2025-04-18

ᠠᠷᠠᠳ᠎ᠤᠨ ᠶᠠᠪᠤᠳᠠᠯ᠎ᠤᠨ ᠶᠠᠮᠤᠨ


    ᠠᠷᠠᠳ᠎ᠤᠨ ᠶᠠᠪᠤᠳᠠᠯ᠎ᠤᠨ ᠶᠠᠮᠤᠨ᠂ ᠪᠥᠬᠥ ᠤᠯᠤᠰ᠎ᠤᠨ ᠨᠠᠰᠤᠲᠠᠢ᠌ᠴᠤᠳ᠎ᠤᠨ ᠠᠵᠢᠯ᠎ᠤᠨ ᠠᠯᠪᠠᠨ ᠭᠡᠷ᠂ ᠳᠤᠮᠳᠠᠳᠤ ᠤᠯᠤᠰ᠎ᠤᠨ ᠨᠠᠰᠤᠲᠠᠢ᠌ᠴᠤᠳ᠎ᠤᠨ ᠨᠡᠢ᠌ᠭᠡᠮᠯᠢᠭ᠎ᠤᠨ᠎ᠬᠢᠨ ᠬᠠᠮᠲᠤᠷᠠᠨ ᠤᠷᠴᠢᠮ᠎ᠳᠤ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ 《ᠪᠤᠭᠤᠷᠤᠯᠴᠤᠳ᠎ᠤᠨ ᠠᠵᠢᠯᠯᠠᠭ᠎ᠠ》 ᠵᠢᠨ ᠢᠯᠡᠳᠬᠡᠮᠵᠢ ᠲᠡᠮᠳᠡᠭ᠂ ᠠᠩᠭᠢ ᠵᠢᠨ ᠲᠣᠭ᠂ ᠤᠷᠢᠶ᠎ᠠ ᠪᠠ ᠤᠬᠠᠭᠤᠯᠭ᠎ᠠ ᠵᠢᠨ ᠬᠡᠷᠡᠭᠯᠡᠭᠡᠨ᠎ᠤ ᠬᠡᠯᠡᠨ᠎ᠤ ᠬᠡᠷᠡᠭᠯᠡᠯᠲᠡ ᠵᠢ ᠤᠬᠠᠭᠤᠯᠤᠨ ᠳᠡᠯᠭᠡᠷᠡᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠪᠠᠢ᠌ᠷᠢᠯᠠᠭᠤᠯᠪᠠ᠃ 《ᠪᠤᠭᠤᠷᠤᠯᠴᠤᠳ᠎ᠤᠨ ᠠᠵᠢᠯᠯᠠᠭ᠎ᠠ》 ᠵᠢᠨ ᠲᠡᠮᠳᠡᠭ᠂ ᠠᠩᠭᠢ ᠵᠢᠨ ᠲᠣᠭ᠂ ᠤᠷᠢᠶ᠎ᠠ ᠪᠠ ᠤᠬᠠᠭᠤᠯᠭ᠎ᠠ ᠵᠢᠨ ᠬᠡᠷᠡᠭᠯᠡᠭᠡᠨ᠎ᠤ ᠬᠡᠯᠡ᠎ᠪᠠᠷ ᠭᠣᠣᠯ ᠰᠡᠳᠦᠪᠲᠦ ᠤᠬᠠᠭᠤᠯᠭ᠎ᠠ ᠵᠢᠨ ᠲᠡᠮᠳᠡᠭ ᠪᠣᠯᠭ᠋ᠠᠵᠤ ᠬᠠᠮᠢᠶ᠎ᠠ ᠪᠦᠬᠦᠢ ᠤᠬᠠᠭᠤᠯᠭ᠎ᠠ ᠵᠢᠨ ᠵᠦᠢ᠍ᠯᠡᠰ᠂ ᠬᠡᠪᠯᠡᠯ᠎ᠤᠨ ᠵᠦᠢ᠍ᠯᠡᠰ᠎ᠲᠤ ᠬᠡᠷᠡᠭᠯᠡᠵᠦ᠂ ᠠᠵᠢᠯᠯᠠᠭ᠎ᠠ ᠵᠢᠨ ᠢᠯᠭ᠋ᠠᠨ ᠲᠠᠨᠢᠬᠤ ᠬᠡᠮᠵᠢᠶ᠎ᠡ ᠪᠠ ᠨᠠᠷᠠᠲᠤ ᠲᠥᠷᠥᠯ ᠲᠡᠮᠳᠡᠭᠲᠦ ᠵᠢᠨ ᠨᠥᠯᠥᠭᠡᠯᠡᠬᠦ ᠬᠦᠴᠦᠨ᠎ᠢ ᠴᠢᠡᠭᠭ᠋ᠠᠷᠠᠭᠤᠯᠬᠤ ᠪᠤᠯᠤᠨ᠎ᠠ᠃
    ᠠᠷᠠᠳ᠎ᠤᠨ ᠶᠠᠪᠤᠳᠠᠯ᠎ᠤᠨ ᠶᠠᠮᠤᠨ ᠵᠡᠷᠭᠡ 11 ᠰᠠᠯᠠᠭ᠎ᠠ ᠮᠥᠴᠢᠷ᠎ᠤᠨ᠎ᠬᠢᠨ ᠬᠠᠮᠲᠤᠷᠠᠨ ᠤᠷᠴᠢᠮ᠎ᠳᠤ 《ᠬᠥᠳᠡᠭᠡ ᠲᠣᠰᠬᠣᠨ᠎ᠤ ᠭᠡᠷ᠎ᠤᠨ ᠮᠤᠬᠤᠷ ᠰᠠᠬᠢᠬᠰᠠᠨ ᠶᠠᠳᠠᠭᠤ ᠬᠦᠴᠢᠷᠳᠡᠯᠲᠡᠢ ᠡᠮᠡᠭᠲᠡᠢ᠌ᠴᠦᠳ᠎ᠢ ᠣᠨᠣᠪᠴᠢᠲᠠᠶ᠎ᠪᠠᠷ ᠬᠠᠯᠠᠮᠵᠢᠯᠠᠨ ᠲᠡᠳᠬᠦᠬᠦ ᠠᠵᠢᠯᠯᠠᠭ᠎ᠠ ᠵᠢᠨ ᠲᠥᠰᠥᠯ》᠎ᠢ ᠳᠠᠷᠤᠮᠠᠯᠯᠠᠨ ᠲᠠᠷᠬᠠᠭ᠋ᠠᠵᠤ ᠬᠥᠳᠡᠭᠡ ᠲᠣᠰᠬᠣᠨ᠎ᠤ ᠭᠡᠷ᠎ᠤᠨ ᠮᠤᠬᠤᠷ ᠰᠠᠬᠢᠬᠰᠠᠨ ᠡᠮᠡᠭᠲᠡᠢ᠌ᠴᠦᠳ᠎ᠤᠨ ᠳᠣᠲᠣᠷᠠᠬᠢ ᠣᠷᠣᠯᠭ᠎ᠠ ᠪᠠᠭ᠎ᠠ ᠡᠮᠡᠭᠲᠡᠢ᠌ᠴᠦᠳ᠂ ᠬᠦᠨᠳᠦ ᠡᠪᠡᠳᠴᠢᠨ᠎ᠲᠠᠢ ᠡᠮᠡᠭᠲᠡᠢ᠌ᠴᠦᠳ᠂ ᠵᠡᠮᠳᠡᠭ ᠡᠮᠡᠭᠲᠡᠢ᠌ᠴᠦᠳ ᠪᠠ ᠬᠠᠤᠯᠢ ᠶᠣᠰᠣᠨ᠎ᠤ ᠡᠷᠬᠡ ᠠᠰᠢᠭ᠎ᠨᠢ ᠬᠠᠯᠳᠠᠯᠭ᠎ᠠ᠎ᠳᠤ ᠤᠴᠠᠷᠠᠭᠰᠠᠨ ᠡᠮᠡᠭᠲᠡᠢ᠌ᠴᠦᠳ ᠵᠡᠷᠭᠡ ᠬᠦᠴᠢᠷᠳᠡᠯᠲᠡᠢ  ᠬᠦᠮᠦᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠲᠡᠳᠡᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠂ ᠡᠷᠬᠡ ᠠᠰᠢᠭ ᠵᠶ᠋ᠠᠨ ᠪᠠᠲᠤᠯᠠᠬᠤ᠂ ᠣᠶᠤᠨ ᠰᠠᠨᠠᠭ᠎ᠠ ᠰᠣᠶᠣᠯ᠎ᠤᠨ ᠠᠮᠢᠳᠤᠷᠠᠯ ᠵᠡᠷᠭᠡ ᠲᠠᠯ᠎ᠠ᠎ᠪᠠᠷ᠎ᠬᠢ ᠲᠣᠪᠣᠢ᠌ᠮ᠎ᠠ ᠬᠦᠴᠢᠷᠳᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠢ᠎ᠪᠠᠷ ᠬᠠᠯᠠᠮᠵᠢᠯᠠᠨ ᠲᠡᠳᠬᠦᠬᠦ ᠠᠵᠢᠯ᠎ᠢ ᠴᠢᠩᠭ᠋ᠠᠳᠬᠠᠬᠤ ᠲᠤᠬᠠᠢ ᠪᠠᠢ᠌ᠷᠢᠯᠠᠭᠤᠯᠤᠬᠰᠠᠨ ᠪᠠᠢ᠌ᠨ᠎ᠠ᠃


ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ 2025 ᠣᠨ᠎ᠤ ᠭᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠡᠰ᠎ᠢ ᠦᠨᠡᠯᠡᠭᠰᠡᠨ ᠦᠷ᠎ᠡ ᠳ᠋ᠦᠩ᠎ᠢ ᠨᠡᠢ᠌ᠲᠡᠯᠡᠪᠡ᠂ ᠪᠠᠢ᠌ᠭᠤᠯᠤᠮᠵᠢ ᠵᠢᠨ ᠰᠦᠯᠵᠢᠶᠡᠨ ᠳᠡᠭᠡᠷᠡᠬᠢ ᠥᠪᠡᠷ᠎ᠤᠨ ᠦᠨᠡᠯᠡᠯᠲᠡ᠂ ᠠᠢ᠌ᠮᠠᠭ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠠᠩᠬᠠᠨ᠎ᠤ ᠬᠢᠨᠠᠯᠲᠠ᠂ ᠲᠤᠰᠬᠠᠢ ᠮᠡᠷᠭᠡᠵᠢᠯᠲᠡᠨ᠎ᠤ ᠲᠤᠬᠠᠢ ᠵᠢᠨ ᠲᠠᠯᠠᠪᠤᠷ᠎ᠤᠨ ᠦᠨᠡᠯᠡᠯᠲᠡ᠂ ᠲᠤᠰᠬᠠᠢ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠬᠤᠷᠠᠯ᠎ᠤᠨ ᠰᠤᠳᠤᠯᠭ᠋ᠠᠨ᠂ ᠵᠠᠷᠯᠠᠨ ᠨᠡᠢ᠌ᠲᠡᠯᠡᠬᠦ ᠵᠡᠷᠭᠡ ᠲᠣᠭᠲᠠᠭ᠋ᠠᠯ᠎ᠤᠨ ᠲᠠᠰ ᠳᠠᠷᠠᠭ᠋ᠠᠯᠠᠯ ᠵᠶ᠋ᠠᠷ ᠳᠡᠮᠵᠢᠨ  3 ᠪᠠᠢ᠌ᠭᠤᠯᠤᠮᠵᠢ 5A ᠲᠠᠰ ᠵᠶ᠋ᠠᠷ ᠦᠨᠡᠯᠡᠭᠳᠡᠵᠦ᠂ 4 ᠪᠠᠢ᠌ᠭᠤᠯᠤᠮᠵᠢ 4A ᠲᠠᠰ ᠵᠶ᠋ᠠᠷ  ᠦᠨᠡᠯᠡᠭᠳᠡᠪᠡ᠃ ᠳᠡᠰ᠎ᠤᠨ ᠬᠦᠴᠦᠨ᠎ᠲᠠᠢ ᠬᠤᠭᠤᠴᠠᠭ᠎ᠠ᠎ᠨᠢ ᠭᠤᠷᠪᠠᠨ ᠵᠢᠯ ᠪᠣᠯᠣᠨ᠎ᠠ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


    ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠵᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢ  ᠵᠢᠷᠤᠮᠵᠢᠭᠤᠯᠵᠤ ᠪᠠᠢ᠌ᠨ᠎ᠠ᠃  ᠬᠦᠬᠡᠬᠤᠳᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠤ ᠬᠢᠨᠠᠨ ᠪᠠᠢ᠌ᠴᠠᠭ᠋ᠠᠭᠰᠠᠨ ᠵᠶ᠋ᠠᠷ 《ᠲᠤᠤ ᠶᠤᠸᠠᠨ ᠨᠡᠢ᠌ᠭᠡᠮᠯᠢᠭ》᠎ᠢ ᠬᠥᠬᠡᠬᠣᠲᠠ᠎ᠳᠤ ᠬᠠᠤᠯᠢ ᠶᠣᠰᠣᠭ᠋ᠠᠷ ᠳᠠᠩᠰᠠᠯᠠᠭᠤᠯᠤᠭᠰᠠᠨ ᠦᠭᠡᠢ᠂ ᠨᠡᠢ᠌ᠭᠡᠮ᠎ᠤᠨ ᠪᠦᠯᠬᠦᠮ᠎ᠤᠨ ᠨᠡᠷ᠎ᠡ᠎ᠪᠠᠷ ᠳᠤᠷ᠎ᠠ᠎ᠪᠠᠷ ᠵᠶ᠋ᠠᠨ ᠠᠵᠢᠯᠯᠠᠭ᠎ᠠ ᠬᠢᠭᠰᠡᠨ ᠪᠤᠯᠬᠤᠷ 《ᠨᠡᠢ᠌ᠭᠡᠮ᠎ᠤᠨ ᠪᠦᠯᠬᠦᠮ᠎ᠤᠨ ᠳᠠᠩᠰᠠᠯᠠᠯᠲᠠ ᠵᠢᠨ ᠬᠠᠮᠢᠶᠠᠷᠤᠯᠲᠠ ᠵᠢᠨ ᠳᠦᠷᠢᠮ》᠎ᠤᠨ ᠭᠤᠴᠢᠨ ᠬᠣᠶᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ 《  ᠲᠤᠤ ᠶᠤᠸᠠᠨ ᠨᠡᠢ᠌ᠭᠡᠮᠯᠢᠭ》᠎ᠢ ᠬᠦᠴᠦᠨ ᠦᠭᠡᠢ ᠪᠣᠯᠭ᠋ᠠᠬᠤ᠎ᠪᠠᠷ ᠲᠣᠭᠲᠠᠪᠠ᠃


  ᠨᠢᠬᠦᠯᠡᠰᠤᠡᠭᠭᠦᠢ ᠵᠢᠨ ᠦᠢ᠍ᠯᠡᠰ  


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 600 ᠭᠠᠷᠤᠢ ᠠᠰᠠᠷᠠᠮᠵᠢ ᠵᠢᠨ  ᠱᠠᠡᠭᠨᠠᠯᠳᠤ ᠰᠤᠭᠤᠯᠤᠯᠠᠭ᠎ᠠ ᠪᠣᠷᠣᠯᠠᠭᠤᠯᠬᠤ ᠥᠷᠲᠡᠭᠡ ᠬᠣᠲᠠ ᠵᠢᠨ ᠠᠰᠠᠷᠠᠮᠵᠢ ᠵᠢᠨ ᠬᠤᠨᠵᠢᠪᠤᠷᠢᠳᠤ ᠰᠤᠭᠤᠯᠤᠯᠠᠭ᠎ᠠ ᠪᠣᠷᠣᠯᠠᠭᠤᠯᠬᠤ ᠲᠥᠪ᠎ᠤᠨ ᠬᠠᠮᠢᠶ᠎ᠠ ᠪᠦᠬᠦᠢ ᠠᠵᠢᠯᠲᠠᠨ᠎ᠢ ᠵᠣᠬᠢᠶᠠᠨ ᠪᠠᠢ᠌ᠭᠤᠯᠵᠤ᠂ ᠪᠥᠬᠥ ᠬᠣᠲᠠ ᠵᠢᠨ ᠠᠰᠠᠷᠠᠮᠵᠢ ᠵᠢᠨ ᠱᠠᠡᠭᠨᠠᠯᠳᠤ ᠰᠤᠭᠤᠯᠤᠯᠠᠭ᠎ᠠ ᠪᠣᠷᠣᠯᠠᠭᠤᠯᠬᠤ ᠥᠷᠲᠡᠭᠡ ᠵᠢᠨ ᠶᠡᠷᠦᠩᠬᠡᠢ᠌ᠯᠡᠭᠰᠡᠨ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ ᠡᠷᠬᠢᠯᠡᠪᠡ᠃ ᠣᠨᠴᠠ ᠤᠷᠢᠭᠰᠠᠨ ᠪᠣᠯᠪᠠᠰᠤᠷᠠᠯ᠎ᠤᠨ ᠯᠧᠺᠲ᠋ᠣᠷ ᠪᠣᠳᠠᠲᠤ ᠪᠠᠢ᠌ᠯᠳᠤᠭ᠋ᠠᠨ᠎ᠤ ᠰᠢᠯᠢᠳᠡᠭ ᠵᠢᠱ᠌ᠢᠶ᠎ᠡ᠂ ᠪᠡᠶ᠎ᠡ᠎ᠪᠠᠨ ᠳᠠᠭ᠋ᠠᠭ᠋ᠠᠵᠤ ᠡᠵᠡᠩᠨᠡᠨ ᠪᠣᠷᠣᠯᠠᠭᠤᠯᠬᠤ ᠤᠷ᠎ᠠ ᠮᠡᠷᠭᠡᠵᠢᠯ ᠪᠠ ᠰᠢᠨ᠎ᠡ ᠵᠠᠭᠤᠴᠢᠯᠠᠭᠤᠷ᠎ᠤᠨ ᠬᠡᠷᠡᠭᠯᠡᠯᠲᠡ ᠵᠡᠷᠭᠡ ᠲᠠᠯ᠎ᠠ᠎ᠲᠠᠢ ᠤᠶᠠᠯᠳᠤᠭᠤᠯᠤᠨ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ 《ᠪᠠᠶᠠᠷ ᠪᠠᠶᠠᠰᠤᠯ 8》 ᠲᠣᠭᠯᠠᠭ᠋ᠠᠮ᠎ᠤᠨ ᠡᠵᠡᠩᠨᠡᠨ ᠪᠣᠷᠣᠯᠠᠭᠤᠯᠤᠯᠲᠠ᠎ᠳᠤ ᠨᠠᠷᠢᠨ ᠲᠠᠢ᠌ᠯᠤᠮᠵᠢ ᠬᠢᠵᠦ᠂ ᠲᠤᠬᠠᠢ ᠵᠢᠨ ᠲᠠᠯᠠᠪᠤᠷ᠎ᠤᠨ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ᠂ ᠰᠦᠯᠵᠢᠶᠡᠨ ᠳᠡᠭᠡᠷᠡᠬᠢ ᠰᠤᠷᠤᠯᠴᠠᠯᠭ᠎ᠠ ᠵᠢᠨ ᠰᠢᠯᠭ᠋ᠠᠯᠲᠠ ᠵᠡᠷᠭᠡ ᠠᠷᠭ᠎ᠠ᠎ᠪᠠᠷ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠴᠢᠩᠭ᠋ᠠᠷᠠᠭᠤᠯᠵᠤ᠂ ᠡᠯ᠎ᠡ ᠪᠣᠷᠤᠯᠠᠭᠤᠯᠭ᠎ᠠ ᠵᠢᠨ ᠥᠷᠲᠡᠭᠡᠨ᠎ᠤ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠂ ᠪᠥᠬᠥ ᠬᠣᠲᠠ ᠵᠢᠨ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠦᠢ᠍ᠯᠡᠰ᠎ᠤᠨ ᠠᠮᠤᠷ ᠲᠦᠪᠰᠢᠨ ᠵᠶ᠋ᠡᠷ ᠠᠵᠢᠯᠯᠠᠬᠤ᠂ ᠡᠷᠡᠭᠦᠯ ᠵᠶ᠋ᠡᠷ ᠬᠥᠭᠵᠢᠬᠦ᠎ᠳᠤ ᠬᠦᠴᠦᠨ ᠨᠡᠮᠡᠷᠢᠯᠡᠪᠡ᠃





   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.17
ᠠᠷᠠᠳ᠎ᠤᠨ ᠶᠠᠪᠤᠳᠠᠯ ᠊ᠤ᠊ ᠰᠢᠭᠤᠷᠬᠠᠢ ᠮᠡᠳᠡᠬᠡ 4.18
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ ᠵᠢᠨ ᠨᠠᠰᠤᠵᠢᠯᠲᠠ ᠵᠢᠨ ᠤᠯᠤᠰ᠎ᠤᠨ ᠪᠠᠶ᠋ᠢᠳᠠᠯ᠎ᠤᠨ ᠬᠥᠮᠦᠵᠢᠯ ᠪᠠ ᠨᠠᠰᠤᠲᠠᠢ᠌ᠴᠤᠳ᠎ᠤᠨ ᠵᠦᠨᠦᠳᠡᠭ ᠭᠡᠮ᠎ᠢ ᠰᠡᠷᠬᠡᠢ᠌ᠯᠡᠬᠦ ᠠᠵᠢᠯ᠎ᠤᠨ ᠪᠣᠯᠪᠠᠰᠤᠷᠠᠯ ᠬᠥᠬᠡᠬᠣᠲᠠ᠎ᠳᠤ ᠶᠠᠪᠤᠭᠳᠠᠪᠠ ᠤᠬᠤᠷ ᠭᠠᠷᠴᠠᠭ᠄ ᠬᠥᠮᠦᠨ ᠠᠮᠠ ᠵᠢᠨ ᠨᠠᠰᠤᠵᠢᠯ᠊
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.21
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.22
 
            