ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ ᠊ᠤ᠊ ᠰᠢᠭᠤᠷᠬᠠᠢ ᠮᠡᠳᠡᠬᠡ 4.18
ᠨᠡᠶᠢᠲᠡᠯᠡᠭᠰᠡᠨ ᠴᠠᠭ᠄ 2025-04-18

ᠠᠷᠠᠳ᠎ᠤᠨ ᠶᠠᠪᠤᠳᠠᠯ᠎ᠤᠨ ᠶᠠᠮᠤᠨ


    ᠠᠷᠠᠳ᠎ᠤᠨ ᠶᠠᠪᠤᠳᠠᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ᠎ᠬᠢᠨ ᠤᠷᠴᠢᠮ᠎ᠳᠤ ᠬᠠᠮᠲᠤᠷᠠᠨ 《ᠨᠠᠰᠤᠵᠢᠯ᠎ᠤᠨ ᠦᠢ᠍ᠯᠡᠴᠢᠯᠡᠭᠡᠨ᠎ᠤ ᠴᠢᠳᠠᠪᠤᠷᠢᠲᠠᠨ᠎ᠤ ᠴᠢᠳᠠᠪᠤᠷᠢ ᠵᠢᠨ ᠳᠡᠰ᠎ᠢ ᠲᠣᠭᠲᠠᠭ᠋ᠠᠬᠤ ᠠᠵᠢᠯ᠎ᠢ  ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠠᠵᠢᠯ᠎ᠤᠨ ᠴᠢᠳᠠᠪᠤᠷᠢ ᠵᠢᠨ ᠳᠡᠰ᠎ᠤᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠵᠢᠯ᠎ᠤᠨ ᠴᠢᠳᠠᠪᠤᠷᠢ ᠵᠢᠨ ᠳᠡᠰ᠎ᠢ ᠲᠣᠭᠲᠠᠭ᠋ᠠᠬᠤ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠪᠠ ᠦᠨᠡᠮᠯᠡᠯ ᠣᠯᠭᠣᠬᠤ ᠵᠢ ᠵᠢᠷᠤᠮᠵᠢᠭᠤᠯᠵᠤ ᠪᠠᠢ᠌ᠩᠭᠤᠵᠢᠭᠤᠯᠤᠭᠰᠠᠨ ᠬᠢᠨᠠᠨ ᠰᠢᠯᠭ᠋ᠠᠵᠤ ᠮᠠᠭ᠋ᠠᠳᠯᠠᠨ ᠲᠣᠭᠲᠠᠭ᠋ᠠᠬᠤ ᠲᠣᠭᠲᠠᠴᠠ ᠵᠢ ᠪᠠᠢ᠌ᠭᠤᠯᠵᠤ ᠠᠵᠢᠯ ᠮᠡᠷᠭᠡᠵᠢᠯ᠎ᠤᠨ ᠰᠤᠳᠤᠯᠭ᠋ᠠᠨ ᠪᠠ ᠪᠠᠷᠢᠮᠵᠢᠶᠠᠲᠤ ᠵᠢᠭ᠋ᠠᠬᠤ ᠮᠠᠲ᠋ᠧᠷᠢᠶᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠲᠣᠭᠲᠠᠭ᠋ᠠᠭᠰᠠᠨ ᠦᠷ᠎ᠡ ᠳ᠋ᠦᠩ ᠪᠠ ᠬᠥᠮᠥᠵᠢᠭᠦᠯᠵᠦ ᠬᠡᠷᠡᠭᠯᠡᠬᠦ ᠬᠠᠷᠠᠭ᠋ᠠᠯᠵᠠᠯ᠎ᠢ ᠬᠠᠷᠢᠯᠴᠠᠨ ᠤᠶᠠᠯᠳᠤᠭᠤᠯᠬᠤ ᠠᠵᠢᠯ᠎ᠢ ᠠᠬᠢᠭᠤᠯᠵᠤ᠂ ᠮᠡᠷᠬᠡᠵᠢᠯ ᠰᠠᠢ᠌ᠳᠠᠢ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠬᠥᠭᠵᠢᠯᠲᠡ ᠵᠢᠨ ᠣᠷᠣᠨ ᠵᠠᠢ ᠵᠢ ᠥᠷᠭᠡᠳᠬᠡᠬᠦ 7 ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠲᠤᠷᠠᠳᠪᠠ᠃ ᠰᠢᠨ᠎ᠡ ᠴᠠᠭ ᠦᠶ᠎ᠡ ᠵᠢᠨ ᠰᠢᠨ᠎ᠡ ᠠᠶᠠᠨ ᠵᠠᠮ᠎ᠳᠤ᠎ᠬᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠳᠡᠮᠵᠢᠬᠦ᠎ᠳᠤ ᠬᠦᠴᠦᠲᠦ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠨ᠎ᠠ᠃


ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


     ᠪᠥᠬᠥ ᠣᠷᠣᠨ᠎ᠤ ᠠᠩᠬᠠᠳᠠᠭᠴᠢ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠡᠩᠨᠡᠭᠡ᠎ᠳᠤ ᠲᠤᠰᠬᠠᠢ᠌ᠯᠠᠨ ᠪᠠᠢ᠌ᠭᠤᠯᠤᠭᠰᠠᠨ ᠰᠠᠭᠤᠷᠢ ᠮᠥᠩᠭᠥ ᠪᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠤᠨ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠲᠤᠰᠬᠠᠢ ᠰᠠᠭᠤᠷᠢ ᠮᠥᠩᠭᠥ ᠵᠢ 4  ᠳ᠋ᠤᠬᠡᠷ ᠰᠠᠷ᠎ᠠ ᠵᠢᠨ 16᠎ᠤ ᠡᠳᠦᠷ  ᠬᠥᠬᠡᠬᠣᠲᠠ᠎ᠳᠤ ᠪᠠᠢ᠌ᠭᠤᠯᠪᠠ᠃ ᠳᠤᠮᠳᠠᠳᠤ ᠤᠯᠤᠰ᠎ᠤᠨ ᠪᠠᠩᠬᠢ ᠵᠢᠨ ᠥᠪᠥᠷ ᠮᠣᠩᠭᠣᠯ᠎ᠳᠤ᠎ᠬᠢ ᠬᠤᠪᠢᠶᠠᠷᠢ ᠪᠠᠩᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠶᠡᠷᠦᠩᠬᠡᠢ ᠡᠪᠯᠡᠯ᠎ᠳᠤ 100 ᠲᠦᠮᠡᠨ ᠲᠥᠭᠥᠷᠢᠭ ᠬᠠᠨᠳᠢᠪᠯᠡᠵᠤ᠂ ᠥᠪᠥᠷ ᠮᠣᠩᠭᠣᠯ᠎ᠤᠨ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠡᠩᠨᠡᠭᠡ ᠵᠢᠨ ᠭᠠᠯ ᠤᠨᠲᠠᠷᠠᠭ᠋ᠠᠵᠤ ᠠᠪᠤᠷᠠᠨ ᠲᠤᠰᠠᠯᠠᠭᠰᠠᠨ᠎ᠤ ᠬᠠᠷᠠᠭ᠎ᠠ᠎ᠪᠠᠷ ᠪᠡᠶ᠎ᠡ ᠦᠷᠡᠭᠳᠡᠭᠰᠡᠨ ᠪᠤᠶᠤ ᠵᠡᠮᠳᠡᠭ ᠪᠣᠯᠤᠭᠰᠠᠨ ᠭᠠᠯ ᠤᠨᠲᠠᠷᠠᠭ᠋ᠠᠬᠤ ᠵᠢᠯᠣᠭᠣᠳᠤᠭᠴᠢ ᠪᠠᠢ᠌ᠯᠳᠤᠭᠴᠢᠳ᠎ᠢ ᠬᠠᠷᠠᠭ᠋ᠠᠯᠵᠠᠬᠤ᠂ ᠲᠣᠬᠣᠨᠢᠭᠤᠯᠬᠤ᠂ ᠠᠪᠤᠷᠠᠨ ᠲᠤᠰᠠᠯᠠᠬᠤ ᠵᠡᠷᠭᠡ ᠠᠵᠢᠯ ᠥᠷᠨᠢᠭᠦᠯᠬᠦ ᠵᠢ ᠳᠡᠮᠵᠢᠬᠦ᠎ᠳᠤ ᠬᠡᠷᠡᠭᠯᠡᠬᠦ ᠪᠤᠯᠤᠨ᠎ᠠ᠃


  ᠶᠡᠷᠤᠡᠭᠭᠡᠢ᠌ᠯᠡᠭᠰᠡᠨ ᠠᠵᠢᠯ


     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ 《  ᠨᠠᠰᠤᠳᠠᠢ᠌ᠴᠤᠳ ᠬᠡᠤᠬᠡᠳ》᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠡᠯ᠎ᠡ ᠭᠠᠵᠠᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠳ᠎ᠢ ᠵᠣᠬᠢᠶᠠᠨ ᠪᠠᠢ᠌ᠭᠤᠯᠤᠨ ᠲᠣᠭᠲᠠᠮᠠᠯ ᠬᠤᠭᠤᠴᠠᠭ᠎ᠠ᠎ᠲᠠᠢ᠎ᠪᠠᠷ 《ᠲᠠᠪᠤᠨ ᠨᠢᠭᠡ》 ᠵᠢᠨ ᠰᠡᠳᠬᠢᠯ᠎ᠢ ᠳᠤᠯᠠᠭ᠋ᠠᠴᠠᠭᠤᠯᠬᠤ ᠦᠢ᠍ᠯᠡᠴᠢᠯᠡᠭᠡ ᠵᠢ ᠥᠷᠨᠢᠭᠦᠯᠵᠦ᠂  ᠦᠳᠡᠬᠦᠰ᠂ ᠬᠦᠴᠢᠷᠳᠡᠯᠲᠡᠢ ᠪᠠ ᠭᠠᠭᠴᠠᠭ᠋ᠠᠷ ᠰᠠᠭᠤᠭ᠎ᠠ ᠨᠠᠰᠤᠲᠠᠢ᠌ᠴᠤᠳ᠎ᠲᠠᠢ ᠵᠣᠯᠭ᠋ᠠᠵᠤ᠂ ᠠᠷᠢᠭᠤᠨ ᠴᠡᠪᠡᠷ᠂ ᠠᠮᠤᠷ ᠲᠦᠪᠰᠢᠨ᠎ᠢ ᠪᠠᠢ᠌ᠴᠠᠭ᠋ᠠᠬᠤ᠂ ᠣᠷᠣᠯᠠᠨ ᠬᠤᠳᠠᠯᠳᠤᠨ ᠠᠪᠴᠤ ᠣᠷᠣᠯᠠᠨ ᠭᠦᠢ᠍ᠴᠡᠳᠬᠡᠬᠦ᠂ ᠰᠡᠳᠬᠢᠯ ᠰᠠᠨᠠᠭ᠎ᠠ ᠵᠢ ᠲᠠᠢ᠌ᠳᠬᠤᠷᠠᠭᠤᠯᠬᠤ᠂ ᠡᠷᠡᠭᠦᠯ ᠮᠡᠨᠳᠦ ᠵᠢ ᠬᠢᠨᠠᠬᠤ ᠵᠡᠷᠭᠡ ᠦᠢ᠍ᠯᠡᠴᠢᠯᠡᠭᠡ ᠵᠢ ᠬᠠᠡᠭᠭ᠋ᠠᠪᠠ᠃ ᠨᠠᠰᠤᠨ᠎ᠳᠤ ᠥᠯᠥ ᠭᠦᠷᠦᠭᠰᠡᠳ᠎ᠤᠨ 《ᠰᠤᠷᠭ᠋ᠠᠭᠤᠯᠢ + ᠭᠡᠷ ᠪᠦᠯᠢ + ᠨᠡᠢ᠌ᠭᠡᠮ ᠲᠣᠭᠣᠷᠢᠭ》 ᠭᠤᠷᠪᠠᠨ ᠲᠠᠯ᠎ᠠ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠵᠦ ᠬᠠᠯᠠᠮᠵᠢᠯᠠᠨ ᠬᠠᠮᠠᠭ᠋ᠠᠯᠠᠬᠤ ᠠᠵᠢᠯ᠎ᠤᠨ ᠵᠠᠭᠪᠤᠷ᠎ᠢ ᠢᠳᠡᠪᠬᠢᠲᠡᠢ᠎ᠪᠠᠷ ᠰᠦᠪᠡᠭᠴᠢᠯᠡᠵᠦ᠂ ᠡᠯ᠎ᠡ ᠲᠥᠷᠥᠯ᠎ᠤᠨ  ᠠᠶᠤᠯ ᠦᠬᠡᠢ ᠵᠢᠨ ᠬᠠᠮᠠᠭ᠋ᠠᠯᠠᠯᠲᠠ ᠵᠢᠨ ᠮᠡᠳᠡᠯᠭᠡ ᠵᠢ ᠲᠦᠭᠡᠮᠡᠯᠵᠢᠭᠦᠯᠦᠨ  ᠨᠠᠰᠤᠨ᠎ᠳᠤ ᠥᠯᠥ ᠭᠦᠷᠦᠭᠰᠡᠳ᠎ᠤᠨ ᠡᠷᠡᠭᠦᠯ ᠵᠶ᠋ᠡᠷ ᠦᠰᠦᠨ ᠪᠤᠢ᠌ᠵᠢᠯᠳᠠ ᠵᠢ ᠪᠠᠳᠤᠯᠠᠵᠤ ᠪᠠᠢ᠌ᠨ᠎ᠠ᠃


ᠣᠷᠣᠨ  ᠬᠣᠪᠢᠶᠠᠷᠢᠯᠠᠯ ᠭᠠᠵᠠᠷ᠎ᠤᠨ ᠨᠡᠷᠡᠰ


   ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠯᠤᠰ᠎ᠤᠨ ᠭᠠᠵᠠᠷ᠎ᠤᠨ  ᠨᠡᠷᠡᠰ᠎ᠤᠨ ᠮᠡᠳᠡᠭᠡ ᠵᠠᠩᠭᠢ ᠵᠢᠨ ᠬᠥᠮᠥᠷᠭᠡ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠡᠯ᠎ᠡ ᠬᠣᠰᠢᠭᠤ ᠰᠢᠶᠠᠨ ᠲᠣᠭᠣᠷᠢᠭ᠎ᠢ ᠵᠣᠬᠢᠶᠠᠨ ᠪᠠᠢ᠌ᠭᠤᠯᠤᠨ ᠬᠥᠮᠥᠷᠭᠡ᠎ᠳᠤ ᠣᠷᠣᠭᠤᠯᠤᠭ᠋ᠠᠳᠤᠢ ᠪᠠᠷᠢᠯᠭ᠎ᠠ᠂ ᠵᠠᠮ ᠵᠡᠭᠡᠯᠢ ᠭᠤᠳᠤᠮᠵᠢ ᠵᠢᠨ ᠪᠠᠷᠢᠮᠵᠢᠶᠠᠲᠤ ᠨᠡᠷᠡᠢ᠌ᠳᠦᠯ᠂ ᠲᠥᠷᠥᠯ ᠢᠯᠭ᠋ᠠᠯ᠂ ᠢᠷᠡᠯᠲᠡ᠂ ᠤᠳᠬ᠎ᠠ ᠰᠠᠨᠠᠭ᠎ᠠ᠂ ᠲᠡᠦᠬᠡ ᠵᠢᠨ ᠤᠯᠠᠷᠢᠯ ᠬᠤᠪᠢᠰᠤᠯ᠂ ᠭᠠᠵᠠᠷ ᠵᠦᠢ ᠵᠢᠨ ᠪᠠᠢ᠌ᠷᠢᠯᠠᠯ᠂ ᠣᠯᠠᠨ ᠵᠠᠭᠤᠴᠢᠯᠠᠭᠤᠷ᠎ᠤᠨ ᠮᠡᠳᠡᠭᠡ ᠵᠠᠩᠭᠢ ᠵᠡᠷᠭᠡ ᠵᠢ ᠵᠤᠷᠪᠤᠰ ᠳᠠᠷᠠᠭ᠋ᠠᠯᠠᠨ ᠬᠠᠷᠭᠤᠭᠤᠯᠤᠨ ᠪᠠᠢ᠌ᠴᠠᠭ᠋ᠠᠵᠤ᠂ ᠰᠢᠨᠡᠳᠬᠡᠨ ᠲᠡᠭᠦᠯᠳᠡᠷᠵᠢᠭᠦᠯᠵᠦ᠂ ᠭᠠᠵᠠᠷ᠎ᠤᠨ ᠨᠡᠷᠡᠰ᠎ᠤᠨ ᠬᠥᠮᠥᠷᠭᠡ ᠵᠢᠨ ᠲᠣᠭ᠎ᠠ ᠪᠠᠷᠢᠮᠲᠠ ᠵᠢᠨ ᠵᠢᠷᠤᠮᠵᠢᠯᠳᠤ ᠴᠢᠨᠠᠷ ᠪᠠ ᠴᠠᠭ ᠬᠤᠭᠤᠴᠠᠭ᠋ᠠᠲᠤ ᠴᠢᠨᠠᠷ᠎ᠢ ᠲᠠᠰᠤᠷᠠᠯᠲᠠ ᠦᠭᠡᠢ ᠴᠢᠡᠭᠭ᠋ᠠᠳᠬᠠᠪᠠ᠃ 4 ᠰᠠᠷ᠎ᠠ ᠪᠣᠯᠲᠠᠯ᠎ᠠ ᠪᠥᠬᠥ ᠬᠣᠲᠠ᠎ᠳᠤ 215 ᠭᠠᠵᠠᠷ᠎ᠤᠨ ᠨᠡᠷᠡᠰ᠎ᠤᠨ ᠲᠣᠭ᠎ᠠ ᠪᠠᠷᠢᠮᠲᠠ ᠵᠢ ᠪᠠᠢ᠌ᠴᠠᠭ᠋ᠠᠵᠤ᠂ 157  ᠭᠠᠵᠠᠷ᠎ᠤᠨ  ᠨᠡᠷᠡᠰ᠎ᠤᠨ ᠲᠣᠭ᠎ᠠ ᠪᠠᠷᠢᠮᠲᠠ ᠵᠢ ᠲᠡᠭᠦᠯᠳᠡᠷᠵᠢᠭᠦᠯᠦᠨ ᠬᠥᠮᠥᠷᠭᠡ᠎ᠳᠤ ᠤᠷᠤᠭᠤᠯᠤᠬᠰᠠᠨ᠎ᠤ ᠲᠤᠳᠤᠷ᠎ᠠ ᠵᠡᠭᠡᠯᠢ ᠭᠤᠳᠤᠮᠵᠢ 152᠂  ᠬᠤᠷᠢᠶᠠᠯᠠᠯ ᠪᠠ  ᠠᠰᠠᠷ ᠲᠠᠭᠲᠤ 5 ᠪᠣᠶ᠃


ᠨᠠᠰᠤᠵᠢᠯ᠎ᠤᠨ ᠦᠢ᠍ᠯᠡᠴᠢᠯᠡᠭᠡ


     ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《ᠪᠥᠬᠥ ᠠᠢ᠌ᠮᠠᠭ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠭᠠᠯ ᠤᠨᠲᠠᠷᠠᠭ᠋ᠠᠬᠤ ᠠᠵᠢᠯ᠎ᠢ ᠦᠨᠡᠨ ᠬᠦ᠌ ᠴᠢᠩᠭ᠋ᠠᠳᠬᠠᠬᠤ ᠲᠤᠬᠠᠢ ᠪᠠᠴᠢᠮ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠲᠣᠪᠴᠢᠶ᠎ᠠ ᠵᠢᠨ ᠤᠳᠤᠷᠢᠳᠬᠤ ᠪᠠᠭ᠎ᠤᠨ ᠪᠦᠷᠢᠯᠳᠦᠭᠦᠨ ᠬᠢᠭᠡᠳ ᠬᠣᠰᠢᠭᠤ ᠰᠢᠶᠠᠨ᠎ᠤ ᠠᠶᠤᠯ ᠦᠬᠡᠢ ᠦᠢ᠍ᠯᠡᠳᠪᠦᠷᠢᠯᠡᠯ᠎ᠤᠨ ᠳᠠᠭ᠋ᠠᠭ᠋ᠠᠴᠢᠯᠠᠨ ᠬᠣᠯᠪᠣᠭ᠋ᠠᠯᠠᠬᠤ ᠲᠣᠭᠲᠠᠴᠠ ᠵᠢ ᠪᠠᠢ᠌ᠭᠤᠯᠵᠤ᠂ ᠤᠳᠤᠷᠢᠳᠬᠤ ᠪᠠᠭ᠎ᠤᠨ ᠪᠦᠷᠢᠯᠳᠦᠭᠦᠨ᠎ᠠᠴᠠ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠭᠠᠯ ᠤᠨᠲᠠᠷᠠᠭ᠋ᠠᠬᠤ ᠠᠵᠢᠯ᠎ᠢ ᠬᠡᠰᠡᠭ ᠬᠤᠪᠢᠶᠠᠨ ᠬᠠᠷᠢᠭᠤᠴᠠᠨ᠎ᠠ᠃ ᠪᠠᠢ᠌ᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ ᠭᠠᠷᠠᠭ᠎ᠤᠨ ᠲᠣᠬᠢᠷᠠᠭᠤᠯᠤᠯᠲᠠ ᠵᠢ ᠬᠡᠷᠡᠭᠵᠢᠭᠦᠯᠵᠦ᠂ ᠳᠠᠷᠤᠢ᠌ᠬᠠᠨ  ᠴᠡᠭᠴᠡᠯᠡᠵᠤ ᠳᠡᠶ᠋ᠢᠯᠬᠦ ᠠᠰᠠᠭᠤᠳᠠᠯ᠎ᠢ ᠳᠠᠷᠤᠢ᠌ᠬᠠᠨ ᠰᠠᠢ᠌ᠵᠢᠷᠠᠭᠤᠯᠵᠤ᠂ ᠲᠦᠷ ᠰᠠᠢ᠌ᠵᠢᠷᠠᠭᠤᠯᠬᠤ᠎ᠳᠤ ᠬᠦᠴᠢᠷᠲᠡᠢ ᠠᠰᠠᠭᠤᠳᠠᠯ᠎ᠢ ᠬᠣᠰᠢᠭᠤ ᠰᠢᠶᠠᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ 《ᠨᠢᠭᠡ᠎ᠳᠤ ᠨᠢᠭᠡ ᠵᠢ ᠳᠠᠭ᠋ᠠᠭ᠋ᠠᠯᠭ᠋ᠠᠭᠰᠠᠨ》 ᠳᠠᠭ᠋ᠠᠭ᠋ᠠᠴᠢᠯᠠᠯᠲᠠ ᠵᠢᠨ ᠬᠠᠷᠢᠶ᠎ᠠ ᠭᠠᠵᠠᠷ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠵᠢᠯᠣᠭᠣᠳᠤᠨ ᠱᠠᠯᠠᠪᠳᠠᠭᠤᠯᠤᠨ  ᠰᠢᠢ᠍ᠳᠪᠦᠷᠢᠯᠡᠭᠦᠯᠵᠦ᠂ ᠴᠡᠭᠴᠡᠯᠡᠨ ᠰᠠᠢ᠌ᠵᠢᠷᠠᠭᠤᠯᠬᠤ ᠬᠠᠷᠢᠭᠤᠴᠠᠯᠭ᠎ᠠ ᠵᠢ ᠴᠢᠩᠭ᠎ᠠ ᠪᠣᠳᠠᠲᠠᠢ᠌ᠵᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃



 

   

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ ᠵᠢᠨ ᠨᠠᠰᠤᠵᠢᠯᠲᠠ ᠵᠢᠨ ᠤᠯᠤᠰ᠎ᠤᠨ ᠪᠠᠶ᠋ᠢᠳᠠᠯ᠎ᠤᠨ ᠬᠥᠮᠦᠵᠢᠯ ᠪᠠ ᠨᠠᠰᠤᠲᠠᠢ᠌ᠴᠤᠳ᠎ᠤᠨ ᠵᠦᠨᠦᠳᠡᠭ ᠭᠡᠮ᠎ᠢ ᠰᠡᠷᠬᠡᠢ᠌ᠯᠡᠬᠦ ᠠᠵᠢᠯ᠎ᠤᠨ ᠪᠣᠯᠪᠠᠰᠤᠷᠠᠯ ᠬᠥᠬᠡᠬᠣᠲᠠ᠎ᠳᠤ ᠶᠠᠪᠤᠭᠳᠠᠪᠠ ᠤᠬᠤᠷ ᠭᠠᠷᠴᠠᠭ᠄ ᠬᠥᠮᠦᠨ ᠠᠮᠠ ᠵᠢᠨ ᠨᠠᠰᠤᠵᠢᠯ᠊
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.21
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.22
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.3
 
            