ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.15
ᠨᠡᠶᠢᠲᠡᠯᠡᠭᠰᠡᠨ ᠴᠠᠭ᠄ 2025-04-18

ᠠᠷᠠᠳ᠎ᠤᠨ ᠶᠠᠪᠤᠳᠠᠯ᠎ᠤᠨ ᠶᠠᠮᠤᠨ


   ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠬᠠᠮᠲᠤᠷᠠᠨ ᠤᠷᠴᠢᠮ᠎ᠳᠤ 《ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠦᠷᠳᠡᠭᠦᠯᠦᠯ᠎ᠤᠨ ᠪᠡᠯᠡ ᠲᠣᠬᠢᠷᠠᠭᠤᠯᠭ᠎ᠠ ᠵᠢ ᠡᠰᠡᠷᠭᠦᠴᠡᠬᠦ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ᠂ ᠡᠨᠡ᠎ᠨᠢ ᠰᠦᠷᠳᠡᠭᠦᠯᠦᠯ᠎ᠤᠨ ᠪᠡᠯᠡ ᠲᠣᠬᠢᠷᠠᠭᠤᠯᠭ᠎ᠠ ᠪᠠ ᠬᠣᠯᠪᠣᠭᠳᠠᠯ ᠪᠦᠬᠦᠢ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢ ᠤᠷᠢᠳᠴᠢᠯᠠᠨ ᠰᠡᠷᠭᠡᠢ᠌ᠯᠡᠵᠦ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠦᠷᠳᠡᠭᠦᠯᠦᠯ᠎ᠤᠨ ᠪᠡᠯᠡ ᠲᠣᠬᠢᠷᠠᠭᠤᠯᠭ᠎ᠠ ᠵᠢ ᠡᠰᠡᠷᠭᠦᠴᠡᠬᠦ ᠠᠵᠢᠯ᠎ᠢ ᠵᠢᠷᠤᠮᠵᠢᠭᠤᠯᠬᠤ ᠵᠢᠨ ᠲᠥᠯᠥᠭᠡ ᠶᠤᠮ᠃ ᠠᠷᠭ᠎ᠠ ᠵᠢ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠬᠠᠤᠯᠢ ᠶᠣᠰᠣᠭ᠋ᠠᠷ ᠳᠠᠩᠰᠠᠯᠠᠭᠤᠯᠤᠭᠰᠠᠨ᠂ ᠪᠡᠯᠡ ᠮᠥᠩᠭᠥ ᠴᠤᠭᠯᠠᠭᠤᠯᠬᠤ ᠪᠠ ᠬᠡᠷᠡᠭᠯᠡᠬᠦ᠎ᠪᠠᠷ ᠳᠠᠮᠵᠢᠭᠤᠯᠤᠨ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠥᠷᠨᠢᠭᠦᠯᠬᠦ ᠰᠠᠭᠤᠷᠢ ᠮᠥᠩᠭᠥᠨ᠎ᠤ ᠨᠡᠢ᠌ᠭᠡᠮᠯᠢᠭ᠂  ᠨᠡᠢ᠌ᠭᠡᠮ᠎ᠤᠨ ᠪᠦᠯᠬᠦᠮ ᠪᠠ ᠨᠡᠢ᠌ᠭᠡᠮ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠡᠷᠡᠭᠯᠡᠨ᠎ᠡ᠃


  ᠶᠡᠷᠤᠡᠭᠭᠡᠢ᠌ᠯᠡᠭᠰᠡᠨ ᠠᠵᠢᠯ


     ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠮᠤᠷ ᠲᠦᠪᠰᠢᠨ᠎ᠤ ᠠᠵᠢᠯ᠎ᠢ ᠰᠠᠢ᠌ᠲᠤᠷ ᠬᠢᠬᠦ ᠲᠤᠬᠠᠢ ᠪᠠᠴᠢᠮ ᠮᠡᠳᠡᠭᠳᠡᠯ》 《ᠠᠷᠠᠳ᠎ᠤᠨ ᠶᠠᠪᠤᠳᠠᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠮᠤᠷ ᠲᠦᠪᠰᠢᠨ᠎ᠤ ᠬᠡᠮ ᠰᠣᠭᠣᠭ᠎ᠢ ᠥᠪᠡᠰᠦᠪᠡᠨ ᠪᠠᠢ᠌ᠴᠠᠭ᠋ᠠᠬᠤ ᠲᠣᠳᠣᠷᠬᠠᠢ ᠬᠠᠭᠤᠳᠠᠰᠤ》 ᠵᠢ ᠳᠠᠷᠤᠮᠠᠯᠯᠠᠨ ᠲᠠᠷᠬᠠᠭ᠋ᠠᠵᠤ᠂ ᠪᠥᠬᠥ ᠠᠢ᠌ᠮᠠᠭ᠎ᠤᠨ ᠡᠯ᠎ᠡ ᠬᠣᠰᠢᠭᠤ ᠰᠢᠶᠠᠨ ᠬᠣᠲᠠ (ᠲᠣᠭᠣᠷᠢᠭ) ᠵᠢᠨ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠠᠵᠢᠯ ᠥᠷᠨᠢᠭᠦᠯᠬᠦ ᠵᠢ ᠵᠢᠯᠣᠭᠣᠳᠪᠠ᠃ ᠣᠲᠣ ᠪᠣᠯᠲᠠᠯ᠎ᠠ ᠪᠥᠬᠥ ᠠᠢ᠌ᠮᠠᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ᠂ ᠣᠶᠣᠨ᠎ᠤ ᠡᠷᠡᠭᠦᠯ ᠬᠠᠮᠠᠭ᠋ᠠᠯᠠᠯ᠎ᠤᠨ ᠠᠰᠠᠷᠠᠮᠵᠢ ᠵᠢᠨ ᠪᠠᠢ᠌ᠭᠤᠯᠤᠮᠵᠢ᠂ ᠲᠤᠰᠠᠯᠠᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ ᠴᠥᠮ  ᠡᠪᠬᠡᠨ ᠪᠠᠢ᠌ᠴᠠᠭ᠋ᠠᠬᠰᠠᠨ ᠪᠠᠢ᠌ᠨ᠎ᠠ᠃ ᠡᠭᠦᠨ᠎ᠤ ᠵᠡᠷᠭᠡ᠎ᠳᠤ ᠲᠤᠬᠠᠢ ᠵᠢᠨ ᠭᠠᠵᠠᠷ᠎ᠤᠨ ᠪᠠᠴᠢᠮ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠭᠠᠯ ᠤᠨᠲᠠᠷᠠᠭ᠋ᠠᠬᠤ ᠰᠠᠯᠠᠭ᠎ᠠ ᠮᠥᠴᠢᠷ᠎ᠯᠦᠭᠡ ᠬᠠᠮᠲᠤᠷᠠᠨ ᠠᠶᠤᠯ ᠦᠬᠡᠢ ᠦᠢ᠍ᠯᠡᠳᠪᠦᠷᠢᠯᠡᠯ᠎ᠤᠨ ᠳᠠᠯᠳᠠ ᠬᠡᠮ᠎ᠢ ᠶᠡᠬᠡ᠎ᠪᠠᠷ ᠪᠠᠢ᠌ᠴᠠᠭ᠋ᠠᠬᠤ ᠪᠠ ᠭᠠᠯ ᠤᠨᠲᠠᠷᠠᠭ᠋ᠠᠬᠤ ᠰᠣᠷᠢᠯᠲᠠ ᠵᠢᠨ ᠠᠵᠢᠯ᠎ᠢ 15 ᠤᠳᠠᠭ᠎ᠠ ᠬᠢᠵᠦ᠂ 1600 ᠭᠠᠷᠤᠢ ᠬᠥᠮᠥᠨ ᠤᠳᠠᠭ᠎ᠠ᠎ᠳᠤ ᠣᠷᠣᠭᠤᠯᠵᠠᠢ᠃


ᠨᠠᠰᠤᠲᠠᠢ᠌ᠴᠤᠳ᠎ᠤᠨ ᠠᠵᠢᠯ


   ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠦᠳᠡᠬᠦᠰ᠎ᠤᠨ ᠨᠦᠬᠦᠪᠤᠷᠢ ᠵᠢ ᠣᠯᠭᠣᠬᠤ ᠬᠠᠮᠢᠶᠠᠷᠤᠯᠲᠠ ᠵᠢᠨ ᠰᠢᠰᠲ᠋ᠧᠮ᠎ᠢ ᠭᠦᠢ᠍ᠴᠡᠳ ᠠᠰᠢᠭᠯᠠᠨ᠂ 《ᠲᠣᠮᠣ ᠳ᠋ᠠᠢ᠌ᠲ᠋ᠠ +》 ᠰᠢᠨ᠎ᠡ ᠵᠠᠭᠪᠤᠷ ᠵᠶ᠋ᠠᠷ ᠦᠳᠡᠬᠦᠰ᠎ᠤᠨ ᠨᠦᠬᠦᠪᠤᠷᠢ ᠵᠢ ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠭᠡᠷᠡᠴᠢᠯᠡᠬᠦ ᠪᠥᠬᠥ ᠰᠦᠯᠵᠢᠶ᠎ᠡ᠎ᠪᠠᠷ ᠠᠵᠢᠯᠯᠠᠭᠤᠯᠬᠤ ᠵᠢ ᠪᠡᠶᠡᠯᠡᠭᠦᠯᠵᠦ᠂ ᠨᠢᠭᠡ ᠯᠡ ᠤᠳᠠᠭ᠎ᠠ᠎ᠳᠤ ᠭᠦᠢ᠍ᠴᠡᠳᠬᠡᠵᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠪᠦᠲᠦᠮᠵᠢᠲᠡᠶ᠎ᠪᠠᠷ ᠬᠥᠩᠭᠡᠷᠡᠭᠦᠯᠵᠦ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠤᠯᠠᠭ᠋ᠠᠨᠴᠠᠪ ᠬᠣᠲᠠ᠎ᠨᠢ ᠪᠥᠬᠥ ᠣᠷᠣᠨ᠎ᠤ 《ᠲᠣᠭ᠋ᠠᠴᠢᠯᠠᠭᠰᠠᠨ ᠠᠷᠠᠳ᠎ᠤᠨ ᠶᠠᠪᠤᠳᠠᠯ》᠎ᠤᠨ ᠥᠨᠳᠥᠷ ᠨᠠᠰᠤᠨ᠎ᠤ ᠨᠡᠮᠡᠭᠦᠷᠢ ᠣᠯᠭᠣᠬᠤ ᠬᠠᠮᠢᠶᠠᠷᠤᠯᠲᠠ ᠵᠢᠨ ᠰᠢᠰᠲ᠋ᠧᠮ᠎ᠢ ᠳᠡᠯᠭᠡᠷᠡᠭᠦᠯᠦᠨ ᠠᠵᠢᠯᠯᠠᠭᠤᠯᠬᠤ ᠲᠤᠷᠰᠢᠯᠲᠠ ᠵᠢᠨ ᠭᠠᠵᠠᠷ ᠣᠷᠣᠨ ᠪᠣᠯᠤᠭᠰᠠᠨ᠎ᠤ ᠬᠤᠪᠢ᠎ᠳᠤ᠂ ᠰᠢᠨ᠎ᠡ ᠰᠢᠰᠲ᠋ᠧᠮ᠎ᠤᠨ ᠰᠦᠯᠵᠢᠶᠡᠨ᠎ᠳᠤ ᠭᠠᠷᠴᠤ ᠠᠵᠢᠯᠯᠠᠬᠤ᠎ᠳᠤ ᠶᠡᠬᠡ ᠬᠡᠮᠵᠢᠶᠡᠨ᠎ᠤ ᠪᠣᠳᠠᠲᠤ ᠲᠠᠮᠢᠷ᠎ᠤᠨ ᠰᠢᠯᠭ᠋ᠠᠯᠲᠠ ᠵᠢᠨ ᠲᠣᠭ᠎ᠠ ᠪᠠᠷᠢᠮᠲᠠ ᠵᠢ ᠬᠠᠩᠭ᠋ᠠᠵᠤ 《ᠲᠣᠭ᠎ᠠ ᠪᠠᠷᠢᠮᠲᠠ ᠵᠢ ᠢᠯᠡᠭᠦᠦ ᠶᠠᠪᠤᠭᠤᠯᠵᠤ᠂ ᠣᠯᠠᠨ ᠲᠦᠮᠡᠨ᠎ᠢ ᠳᠤᠲᠠᠭᠤ ᠭᠦᠶᠦᠯᠭᠡᠬᠦ》 ᠵᠢ ᠦᠨᠡᠨ ᠬᠦ᠌ ᠪᠡᠶᠡᠯᠡᠭᠦᠯᠦᠨ᠎ᠡ᠃


ᠨᠠᠰᠤᠵᠢᠯ᠎ᠤᠨ ᠦᠢ᠍ᠯᠡᠴᠢᠯᠡᠭᠡ


   ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠰᠢᠲᠠᠮᠠᠬᠠᠢ ᠬᠡᠢ ᠵᠢᠨ ᠲᠥᠪ ᠵᠡᠷᠭᠡ ᠰᠠᠯᠠᠭ᠎ᠠ ᠮᠥᠴᠢᠷ  ᠨᠢᠬᠡᠴᠢ ᠵᠢᠨ᠎ᠬᠢᠨ᠎ᠲᠠᠢ ᠬᠠᠮᠲᠤᠷᠠᠨ᠂ ᠪᠦᠬᠦ ᠬᠤᠳᠠ ᠵᠢᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠠᠶᠤᠯ ᠦᠬᠡᠢ ᠦᠢ᠍ᠯᠡᠳᠪᠦᠷᠢᠯᠡᠯ᠎ᠤᠨ ᠬᠠᠮᠲᠤᠷᠠᠭᠰᠠᠨ ᠪᠠᠢ᠌ᠴᠠᠭ᠋ᠠᠯᠲᠠ ᠥᠷᠨᠢᠭᠦᠯᠵᠦ ᠭᠠᠯ᠎ᠤᠨ ᠭᠠᠮᠰᠢᠭ᠂ ᠢᠳᠡᠭᠡᠨ᠎ᠤ ᠠᠮᠤᠷ ᠲᠦᠪᠰᠢᠨ᠎ᠤ ᠭᠡᠮ ᠰᠣᠭᠣᠭ᠎ᠢ ᠪᠦᠬᠦ ᠲᠠᠯ᠎ᠠ᠎ᠪᠠᠷ ᠪᠠᠢ᠌ᠴᠠᠭ᠋ᠠᠨ ᠠᠷᠢᠯᠭ᠋ᠠᠵᠤ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠪᠡᠬᠢᠵᠢᠭᠦᠯᠵᠦ ᠾᠸᠪᠸᠢ ᠮᠤᠵᠢ ᠵᠢᠨ ᠴᠧᠩᠳᠧ ᠵᠢᠨ 《4 · 8》᠎ᠤ ᠨᠠᠰᠤᠲᠠᠢ᠌ᠴᠤᠳ᠎ᠤᠨ ᠨᠡᠶ᠋ᠢᠲᠡ ᠵᠢᠨ ᠪᠠᠢ᠌ᠷᠢ ᠵᠢᠨ ᠬᠦᠨᠳᠦ ᠶᠡᠬᠡ ᠭᠠᠯ᠎ᠤᠨ ᠠᠶᠤᠯ᠎ᠤᠨ ᠰᠤᠷᠭ᠋ᠠᠮᠵᠢ ᠵᠢ ᠭᠦᠨᠵᠡᠭᠡᠢ ᠰᠢᠩᠭᠡᠬᠡᠨ ᠨᠠᠰᠤᠲᠠᠢ᠌ᠴᠤᠳ᠎ᠤᠨ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠠᠲᠤᠯᠠᠵᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ  ᠠᠶᠤᠯ ᠦᠬᠡᠢ ᠵᠢᠨ ᠬᠠᠮᠠᠭ᠋ᠠᠯᠠᠯᠲᠠ ᠵᠢᠨ ᠲᠤᠤᠷᠵᠢᠯ᠎ᠢ ᠨᠢᠭᠲᠠ ᠰᠦᠯᠵᠢᠯ᠎ᠡ᠃


ᠬᠡᠦᠬᠡᠳ᠎ᠤᠨ ᠠᠰᠠᠷᠠᠮᠵᠢ


     ᠤᠯᠠᠭ᠋ᠠᠨᠬᠠᠳᠠ ᠬᠣᠲᠠ ᠵᠢᠨ᠎ᠬᠢᠨ ᠤᠷᠴᠢᠮ᠎ᠳᠤ ᠨᠡᠭᠦᠳᠡᠯ ᠬᠡᠦᠬᠡᠳ ᠪᠠ ᠭᠡᠷ ᠎ᠲᠤ᠎ᠪᠠᠨ ᠬᠣᠴᠣᠷᠤᠭᠰᠠᠨ ᠬᠡᠦᠬᠡᠳ᠎ᠢ ᠬᠢᠨᠠᠬᠤ ᠪᠠ ᠪᠠᠢ᠌ᠴᠠᠭ᠋ᠠᠬᠤ ᠠᠵᠢᠯ᠎ᠤᠨ ᠲᠣᠬᠢᠷᠠᠭᠤᠯᠤᠯᠲᠠ ᠵᠢ ᠠᠬᠢᠭᠤᠯᠬᠤ ᠸᠢᠳᠢᠤ᠋ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ᠄ 《ᠡᠯ᠎ᠡ ᠰᠠᠯᠠᠭ᠎ᠠ ᠮᠥᠴᠢᠷ᠎ᠤᠨ᠎ᠬᠢᠨ ᠵᠣᠬᠢᠴᠠᠭᠤᠯᠤᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠤᠨᠢᠨ ᠳᠡᠭᠡᠷ᠎ᠡ᠎ᠨᠢ ᠬᠢᠨᠠᠵᠤ ᠪᠠᠢ᠌ᠴᠠᠭ᠋ᠠᠨ ᠲᠣᠳᠣᠯᠠᠬᠤ ᠠᠵᠢᠯ᠎ᠢ ᠥᠷᠨᠢᠭᠦᠯᠬᠦ ᠵᠢᠨ ᠬᠠᠮᠲᠤ ᠦᠢ᠍ᠯᠡᠴᠢᠯᠡᠭᠡᠨ᠎ᠤ ᠡᠬᠢ ᠪᠠᠶᠠᠯᠢᠭ᠎ᠢ ᠬᠠᠨᠳᠤᠯᠭ᠎ᠠ᠎ᠲᠠᠢ ᠬᠣᠯᠪᠣᠵᠤ ᠤᠨᠢᠨ ᠳᠡᠭᠡᠷ᠎ᠡ᠎ᠨᠢ ᠲᠡᠳᠬᠦᠬᠦ ᠬᠡᠷᠡᠭᠲᠡᠢ᠃ ᠣᠲᠣ ᠪᠣᠯᠲᠠᠯ᠎ᠠ ᠪᠥᠬᠥ ᠬᠣᠲᠠ ᠵᠢᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠡᠶ᠋ᠢᠲᠡ 2674 ᠰᠦᠯᠵᠢᠶᠡᠨ᠎ᠤ ᠠᠵᠢᠯᠲᠠᠨ᠂ ᠬᠡᠦᠬᠡᠳ᠎ᠤᠨ ᠡᠷᠬᠢᠯᠡᠭᠴᠢ᠂ ᠬᠡᠦᠬᠡᠳ᠎ᠤᠨ ᠬᠢᠨᠠᠨ ᠵᠢᠯᠣᠭᠣᠳᠤᠭᠴᠢ ᠵᠢ ᠳᠠᠶ᠋ᠢᠴᠢᠯᠠᠨ᠂ 10 ᠲᠦᠮᠡ ᠭᠠᠷᠤᠢ ᠤᠳᠠᠭ᠎ᠠ ᠵᠢ ᠰᠤᠷᠪᠤᠯᠵᠢᠯᠠᠨ ᠪᠠᠢ᠌ᠴᠠᠭ᠋ᠠᠬᠤ ᠠᠵᠢᠯ᠎ᠢ ᠥᠷᠨᠢᠭᠦᠯᠪᠡ᠃





  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.16
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.17
ᠠᠷᠠᠳ᠎ᠤᠨ ᠶᠠᠪᠤᠳᠠᠯ ᠊ᠤ᠊ ᠰᠢᠭᠤᠷᠬᠠᠢ ᠮᠡᠳᠡᠬᠡ 4.18
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ ᠵᠢᠨ ᠨᠠᠰᠤᠵᠢᠯᠲᠠ ᠵᠢᠨ ᠤᠯᠤᠰ᠎ᠤᠨ ᠪᠠᠶ᠋ᠢᠳᠠᠯ᠎ᠤᠨ ᠬᠥᠮᠦᠵᠢᠯ ᠪᠠ ᠨᠠᠰᠤᠲᠠᠢ᠌ᠴᠤᠳ᠎ᠤᠨ ᠵᠦᠨᠦᠳᠡᠭ ᠭᠡᠮ᠎ᠢ ᠰᠡᠷᠬᠡᠢ᠌ᠯᠡᠬᠦ ᠠᠵᠢᠯ᠎ᠤᠨ ᠪᠣᠯᠪᠠᠰᠤᠷᠠᠯ ᠬᠥᠬᠡᠬᠣᠲᠠ᠎ᠳᠤ ᠶᠠᠪᠤᠭᠳᠠᠪᠠ ᠤᠬᠤᠷ ᠭᠠᠷᠴᠠᠭ᠄ ᠬᠥᠮᠦᠨ ᠠᠮᠠ ᠵᠢᠨ ᠨᠠᠰᠤᠵᠢᠯ᠊
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.21
 
            