ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.23
ᠨᠡᠶᠢᠲᠡᠯᠡᠭᠰᠡᠨ ᠴᠠᠭ᠄ 2025-04-23

ᠴᠢᠬᠤᠯᠠ ᠮᠡᠳᠡᠭᠡ


     ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠤᠷᠴᠢᠮ᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠪᠠ᠃ ᠬᠤᠷᠠᠯ ᠲᠡᠬᠡᠷ᠎ᠡ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠨᠡᠢ᠌ᠭᠡᠮ᠎ᠤᠨ  ᠲᠤᠰᠠᠯᠠᠮᠵᠢ ᠵᠢᠨ ᠬᠠᠤᠯᠢ (ᠲᠥᠰᠥᠯ)》 ᠵᠢ ᠶᠠᠷᠢᠯᠴᠠᠵᠤ ᠵᠠᠷᠴᠢᠮ ᠳᠡᠭᠡᠷ᠎ᠡ᠎ᠪᠠᠨ ᠪᠠᠲᠤᠯᠠᠵᠤ᠂ ᠲᠥᠰᠥᠯ᠎ᠢ ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠳᠤ ᠳᠡᠪᠰᠢᠭᠦᠯᠵᠦ ᠬᠢᠨᠠᠨ ᠶᠠᠷᠢᠯᠴᠠᠭᠤᠯᠬᠤ᠎ᠪᠠᠷ ᠲᠣᠭᠲᠠᠪᠠ᠃ ᠬᠤᠷᠠᠯ ᠲᠡᠬᠡᠷ᠎ᠡ᠄ 《ᠨᠡᠢ᠌ᠭᠡᠮ᠎ᠤᠨ  ᠲᠤᠰᠠᠯᠠᠮᠵᠢ ᠪᠣᠯ ᠨᠡᠢ᠌ᠭᠡᠮ᠎ᠤᠨ ᠪᠠᠲᠤᠯᠠᠪᠤᠷᠢ ᠵᠢᠨ  ᠰᠢᠰᠲᠸᠮ᠎ᠳᠤ᠎ᠬᠢ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ᠂ ᠰᠠᠭᠤᠷᠢ ᠴᠢᠨᠠᠷᠲᠠᠢ ᠳᠦᠷᠢᠮ᠎ᠤᠨ ᠲᠣᠬᠢᠷᠠᠭᠤᠯᠤᠯᠲᠠ ᠪᠣᠯᠣᠨ᠎ᠠ᠂ ᠴᠢᠳᠠᠯ᠎ᠤᠨ ᠬᠢᠷᠢ᠎ᠪᠠᠷ ᠵᠶ᠋ᠡᠨ ᠬᠢᠵᠦ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠠᠢ᠌ᠳᠠᠯ᠎ᠢ ᠦᠨᠳᠦᠰᠦᠯᠡᠨ ᠲᠤᠰᠠᠯᠠᠮᠵᠢ ᠵᠢᠨ ᠲᠦᠪᠰᠢᠨ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠵᠤ᠂ ᠨᠡᠢ᠌ᠭᠡᠮ᠎ᠤᠨ ᠬᠦᠴᠦᠨ᠎ᠤ ᠣᠷᠣᠯᠴᠠᠬᠤ ᠵᠢ ᠭᠦᠢ᠍ᠴᠡᠳ ᠳᠠᠢ᠍ᠢ᠍ᠴᠢᠯᠠᠵᠤ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠪᠠᠳᠤᠯᠠᠭ᠎ᠠ ᠵᠢᠨ ᠬᠦᠴᠦᠷᠬᠡᠭ  ᠬᠠᠮ ᠬᠦᠴᠦᠨ᠎ᠢ ᠪᠦᠷᠢᠯᠳᠦᠭᠦᠯᠬᠦ ᠬᠡᠷᠡᠭᠲᠡᠢ》 ᠬᠡᠯ᠎ᠡ᠃
    ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ ᠪᠥᠬᠥ ᠤᠯᠤᠰ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠥᠭᠵᠢᠯᠲᠡ ᠵᠢ ᠭᠦᠨᠵᠡᠭᠡᠢ᠌ᠷᠡᠭᠦᠯᠬᠦ ᠠᠵᠢᠯ᠎ᠤᠨ ᠪᠠᠢ᠌ᠷᠢᠯᠠᠭᠤᠯᠤᠯᠲᠠ ᠵᠢᠨ ᠲᠧᠯᠸᠢᠰ ᠤᠳᠠᠰᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ 《ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠭᠡᠷᠡᠴᠢᠯᠡᠯᠲᠡ ᠬᠥᠭᠵᠢᠯᠲᠡ ᠵᠢ ᠭᠦᠨᠵᠡᠭᠡᠢ᠌ᠷᠡᠭᠦᠯᠬᠦ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠤᠨ ᠡᠭᠦᠷᠭᠡ ᠱᠠᠭ᠋ᠠᠷᠳᠠᠯᠭ᠎ᠠ ᠵᠢ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠶᠠᠮᠤᠨ᠎ᠤ ᠰᠠᠢ᠌ᠳ ᠯᠦ᠍ ᡁᠢ ᠶᠤᠸᠠᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠬᠤ᠌ ᠬᠠᠢ ᠹᠧᠩ ᠬᠤᠷᠠᠯ ᠡᠷᠭᠢᠯᠡᠪᠡ᠃


ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ 《ᠵᠠᠰᠠᠭ᠎ᠤᠨ ᠣᠷᠳᠣᠨ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠵᠢ ᠬᠤᠳᠠᠯᠳᠤᠨ ᠠᠪᠴᠤ ᠨᠡᠢ᠌ᠭᠡᠮ᠎ᠤᠨ ᠠᠵᠢᠯ᠎ᠤᠨ ᠥᠷᠲᠡᠭᠡ ᠵᠢᠨ ᠵᠢᠷᠤᠮᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠬᠤ ᠵᠢ ᠳᠡᠮᠵᠢᠬᠦ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠪᠠ᠃ ᠬᠡᠷᠡᠭᠵᠢᠭᠦᠯᠬᠦ ᠲᠥᠰᠥᠯ᠎ᠳᠤ ᠨᠡᠢ᠌ᠭᠡᠮ᠎ᠤᠨ ᠠᠵᠤ ᠦᠢ᠍ᠯᠡᠳᠪᠦᠷᠢ ᠵᠢᠨ ᠥᠷᠲᠡᠭᠡ ᠵᠢᠨ ᠵᠢᠷᠤᠮᠵᠢᠭᠤᠯᠤᠨ ᠪᠠᠶ᠋ᠢᠭᠤᠯᠬᠤ ᠵᠢ ᠴᠢᠩᠭ᠋ᠠᠳᠬᠠᠬᠤ ᠪᠣᠳᠠᠲᠠᠢ ᠠᠷᠭ᠎ᠠ ᠵᠢ ᠳᠤᠷᠠᠳᠴᠤ᠂ ᠵᠠᠰᠠᠭ᠎ᠤᠨ ᠣᠷᠳᠣᠨ᠎ᠤ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡ ᠬᠤᠳᠠᠯᠳᠤᠨ ᠠᠪᠬᠤ ᠲᠣᠭᠲᠠᠴᠠ ᠵᠢ ᠭᠦᠢ᠍ᠴᠡᠳ ᠠᠰᠢᠭᠯᠠᠵᠤ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠥᠷᠲᠡᠭᠡ᠂ ᠨᠠᠰᠤᠵᠢᠯ᠎ᠤᠨ ᠦᠢ᠍ᠯᠡᠴᠢᠯᠡᠭᠡᠨ᠎ᠤ ᠥᠷᠲᠡᠭᠡ᠂ ᠨᠠᠰᠤᠨ᠎ᠳᠤ ᠥᠯᠥ ᠬᠦᠷᠦᠭᠰᠡᠳ᠎ᠢ ᠬᠠᠮᠠᠭ᠋ᠠᠯᠠᠬᠤ ᠠᠵᠢᠯ᠎ᠤᠨ ᠥᠷᠲᠡᠭᠡ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠡᠪᠴᠢᠭᠦᠯᠬᠦ ᠰᠠᠭᠤᠷᠢᠨ ᠭᠠᠵᠠᠷ᠂ ᠨᠢᠭᠦᠯᠡᠰᠦᠩᠭᠦᠢ ᠵᠢᠨ ᠦᠢ᠍ᠯᠡᠴᠢᠯᠡᠭᠡᠨ᠎ᠤ ᠥᠷᠲᠡᠭᠡ ᠵᠡᠷᠭᠡ ᠣᠯᠠᠨ ᠴᠡᠭ᠎ᠲᠤ ᠲᠠᠷᠠᠬᠠᠢ ᠪᠤᠲᠠᠷᠬᠠᠢ ᠦᠨᠳᠦᠰᠦᠨ ᠱᠠᠲᠤᠨ᠎ᠤ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠯᠠᠪᠤᠷ᠎ᠢ ᠨᠡᠢ᠌ᠭᠡᠮ᠎ᠤᠨ ᠠᠵᠢᠯ᠎ᠤᠨ ᠥᠷᠲᠡᠭᠡ ᠲᠡᠢ᠌ᠰᠢ ᠭᠦᠨᠵᠡᠭᠡᠢ ᠡᠮᠬᠢᠯᠡᠬᠦ ᠠᠵᠢᠯ᠎ᠢ ᠠᠬᠢᠭᠤᠯᠵᠤ᠂ ᠶᠡᠷᠦᠩᠬᠡᠢ᠌ᠯᠡᠭᠰᠡᠨ ᠴᠢᠨᠠᠷᠲᠠᠢ᠂ ᠦᠷᠳᠡᠬᠡᠴᠢᠯᠡᠭᠰᠡᠨ ᠦᠢ᠍ᠯᠡᠴᠢᠯᠡᠭᠡᠨ᠎ᠤ ᠲᠠᠪᠴᠠᠩ᠎ᠤᠨ ᠠᠴᠢᠶᠠᠯᠠᠪᠤᠷᠢ ᠵᠢ ᠪᠥᠬᠥ ᠬᠦᠴᠦᠨ ᠵᠶ᠋ᠡᠷ ᠵᠶ᠋ᠡᠨ ᠪᠣᠶ ᠪᠣᠯᠭ᠋ᠠᠵᠤ᠂ ᠦᠨᠳᠦᠰᠦᠨ ᠪᠠᠳᠤᠯᠠᠭ᠎ᠠ ᠵᠢ ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡ ᠵᠢ ᠰᠢᠰᠲ᠋ᠧᠮᠵᠢᠭᠦᠯᠬᠦ᠂ ᠶᠡᠷᠦᠩᠬᠡᠢ᠌ᠯᠡᠬᠦ᠂ ᠡᠷᠴᠢᠮᠵᠢᠭᠦᠯᠬᠦ ᠲᠡᠢ᠌ᠰᠢ ᠬᠤᠪᠢᠷᠠᠭᠤᠯᠬᠤ ᠵᠢ   ᠲᠦᠷᠬᠡᠨ ᠪᠡᠶᠡᠯᠡᠬᠦᠯᠬᠦ ᠪᠤᠯᠤᠨ᠎ᠠ᠃


  ᠶᠡᠷᠤᠡᠭᠭᠡᠢ᠌ᠯᠡᠭᠰᠡᠨ ᠠᠵᠢᠯ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠠ ᠪᠤᠭᠤᠲᠤ ᠬᠣᠲᠠ ᠵᠢᠨ ᠰᠡᠳᠬᠢᠴᠡ ᠵᠢᠨ ᠡᠷᠡᠭᠦᠯ ᠮᠡᠨᠳᠦ ᠵᠢᠨ ᠨᠡᠢ᠌ᠭᠡᠮᠯᠢᠭ᠎ᠤᠨ᠎ᠬᠢᠨ ᠤᠯᠤᠰ᠎ᠤᠨ ᠡᠮ᠎ᠤᠨ ᠤᠮᠠᠷᠠᠲᠤ ᠣᠷᠣᠨ (ᠥᠪᠥᠷ ᠮᠣᠩᠭᠣᠯ)᠎ᠤ ᠡᠮᠴᠢᠯᠡᠭᠡ ᠡᠷᠡᠭᠦᠯ ᠮᠡᠨᠳᠦ ᠵᠢᠨ ᠠᠵᠤ ᠦᠢ᠍ᠯᠡᠰ᠎ᠤᠨ ᠬᠢᠵᠠᠭ᠋ᠠᠷᠲᠤ ᠺᠣᠮᠫᠠᠨᠢ ᠵᠢᠨ ᠷᠦᠨ ᠰᠢᠨ ᠰᠡᠳᠬᠢᠴᠡ ᠵᠢᠨ ᠯᠠᠪᠯᠠᠯᠭ᠎ᠠ ᠵᠢᠨ ᠬᠤᠪᠢᠶᠠᠷᠢ ᠺᠣᠮᠫᠠᠨᠢ ᠬᠠᠮᠲᠤ᠎ᠪᠠᠷ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ》᠎ᠤ ᠳᠠᠷᠤᠯᠲᠠ ᠵᠢ ᠪᠠᠭ᠋ᠠᠰᠬᠠᠵᠤ ᠴᠢᠳᠠᠪᠤᠷᠢ ᠣᠯᠭᠣᠬᠤ 《ᠰᠡᠳᠬᠢᠴᠡ ᠵᠢᠨ ᠬᠠᠢ᠌ᠷ᠎ᠠ ᠬᠠᠯᠠᠮᠵᠢ ᠵᠢᠨ ᠬᠠᠮᠲᠤᠷᠠᠯᠴᠠᠭ᠋ᠠᠨ᠎ᠤ ᠰᠠᠨᠠᠭᠤᠯᠤᠮᠵᠢ》᠎ᠳᠤ ᠭᠠᠷ᠎ᠤᠨ ᠥᠰᠥᠭ ᠵᠢᠷᠤᠪᠠ᠃ ᠰᠡᠳᠬᠢᠴᠡ ᠵᠢᠨ ᠡᠷᠡᠭᠦᠯ ᠮᠡᠨᠳᠦ ᠵᠢᠨ ᠲᠠᠢ᠌ᠯᠤᠮᠵᠢ ᠬᠢᠬᠦ᠂ ᠰᠡᠳᠬᠢᠴᠡ ᠵᠢᠨ ᠦᠨᠡᠯᠡᠯᠳᠡ ᠪᠠ  ᠯᠠᠪᠯᠠᠯᠭ᠎ᠠ ᠬᠠᠡᠭᠭ᠋ᠠᠬᠤ ᠦᠢ᠍ᠯᠡᠴᠢᠯᠡᠭᠡ ᠵᠢ ᠬᠡᠷᠡᠭᠵᠢᠭᠦᠯᠬᠦ᠂ ᠰᠡᠳᠬᠢᠴᠡ ᠵᠢ ᠥᠷᠭᠡᠳᠬᠡᠨ ᠪᠣᠯᠪᠠᠰᠤᠷᠠᠭᠤᠯᠬᠤ ᠵᠡᠷᠭᠡ ᠲᠤᠰᠬᠠᠢ ᠮᠡᠷᠭᠡᠵᠢᠯ᠎ᠤᠨ ᠠᠷᠭ᠎ᠠ ᠵᠢ ᠵᠣᠬᠢᠶᠠᠨ ᠪᠠᠶ᠋ᠢᠭᠤᠯᠬᠤ᠎ᠪᠠᠷ ᠳᠠᠮᠵᠢᠭᠤᠯᠤᠨ᠂ ᠠᠷᠠᠳ᠎ᠤᠨ ᠶᠠᠪᠤᠳᠠᠯ᠎ᠤᠨ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠳᠤ ᠰᠢᠰᠲ᠋ᠧᠮᠵᠢᠭᠰᠡᠨ ᠰᠡᠳᠬᠢᠴᠡ ᠵᠢᠨ ᠳᠡᠮᠵᠢᠯᠭᠡ ᠬᠠᠩᠭ᠋ᠠᠵᠤ᠂ ᠲᠡᠳᠡᠨ᠎ᠢ ᠬᠠᠪᠰᠤᠷᠤᠨ ᠰᠡᠳᠬᠢᠴᠡ ᠵᠢᠨ ᠵᠣᠬᠢᠴᠠᠭᠤᠯᠬᠤ ᠴᠢᠳᠠᠪᠤᠷᠢ ᠪᠠ ᠳᠠᠷᠤᠯᠲᠠ ᠵᠢ ᠡᠰᠡᠷᠭᠦᠴᠡᠬᠦ  ᠲᠦᠪᠰᠢᠨ᠎ᠢ᠎ᠨᠢ ᠳᠡᠭᠡᠭᠰᠢᠯᠡᠭᠦᠯᠵᠦ᠂ ᠴᠢᠳᠠᠪᠤᠷᠢ ᠬᠡᠪ ᠴᠢᠨᠠᠷ ᠵᠶ᠋ᠠᠷ ᠴᠢᠩᠭ᠎ᠠ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ᠎ᠨᠢ ᠵᠢᠷᠤᠮᠵᠢᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠩᠨᠡᠭᠡ ᠵᠢ ᠪᠠᠶ᠋ᠢᠭᠤᠯᠬᠤ᠎ᠳᠤ ᠬᠦᠴᠦᠨ ᠨᠡᠮᠡᠷᠢᠯᠡᠵᠤ ᠪᠠᠢ᠌ᠨ᠎ᠠ᠃


  ᠨᠢᠬᠦᠯᠡᠰᠤᠡᠭᠭᠦᠢ ᠵᠢᠨ ᠦᠢ᠍ᠯᠡᠰ


    ᠬᠥᠬᠡᠬᠣᠲᠠ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ ᠵᠠᠯᠠᠭᠤᠴᠤᠳ ᠪᠠᠭ᠋ᠠᠴᠤᠳ᠎ᠤᠨ 《ᠬᠡᠤᠬᠡᠳ᠎ᠢ ᠬᠠᠮᠠᠭ᠋ᠠᠯᠠᠬᠤ》 ᠲᠥᠯᠥᠪᠯᠡᠭᠡ ᠵᠢ ᠭᠦᠨᠵᠡᠭᠡᠢ ᠠᠬᠢᠭᠤᠯᠵᠤ᠂ 《ᠨᠤᠮ ᠪᠢᠴᠢᠭ ᠵᠶ᠋ᠡᠷ ᠬᠡᠦᠬᠡᠳ᠎ᠤᠨ ᠰᠡᠳᠬᠢᠯ᠎ᠢ ᠤᠮᠳᠠᠯᠠᠬᠤ᠂ ᠣᠷᠴᠢᠨ ᠠᠬᠤᠢ ᠵᠢ ᠬᠠᠮᠠᠭ᠋ᠠᠯᠠᠬᠤ》᠎ᠪᠠᠷ ᠭᠣᠣᠯ ᠰᠡᠳᠦᠪ ᠪᠣᠯᠭ᠋ᠠᠨ ᠨᠡᠶ᠋ᠢᠲᠡ ᠵᠢᠨ ᠠᠰᠠᠷᠠᠮᠵᠢ ᠵᠢᠨ ᠴᠤᠭᠯᠠᠭ᠎ᠠ ᠮᠠᠢ᠌ᠮᠠᠢ ᠬᠢᠭᠡᠳ ᠤᠩᠰᠢᠯᠭ᠎ᠠ ᠵᠢᠨ ᠳᠡᠯᠭᠡᠷᠡᠭᠦᠯᠦᠯᠲᠡ ᠵᠢ ᠠᠭᠤᠰᠤᠯᠴᠠᠭᠤᠯᠬᠤ ᠵᠠᠭᠪᠤᠷ᠎ᠢ ᠰᠢᠨ᠎ᠡ᠎ᠪᠠᠷ ᠡᠭᠦᠳᠦᠨ ᠬᠡᠷᠡᠭᠯᠡᠵᠦ᠂ ᠲᠤᠰᠬᠠᠢ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠪᠡ᠃ ᠲᠣᠰ ᠠᠵᠢᠯᠯᠠᠭ᠎ᠠ᠎ᠳᠤ ᠬᠦᠬᠡᠬᠤᠳᠠ ᠵᠢᠨ 200 ᠭᠠᠷᠤᠢ ᠵᠠᠯᠠᠭᠤᠴᠤᠳ ᠪᠠᠭ᠋ᠠᠴᠤᠳ ᠪᠠ ᠭᠡᠷ ᠪᠦᠯᠢ ᠵᠢᠨ᠎ᠬᠢᠨ ᠣᠷᠣᠯᠴᠠᠵᠤ᠂ 《ᠨᠣᠮ ᠪᠢᠴᠢᠭ᠎ᠤᠨ ᠠᠶᠠᠨ》 《ᠬᠠᠨᠳᠢᠪ ᠬᠤᠳᠠᠯᠳᠤᠭ᠎ᠠ》 ᠵᠡᠷᠭᠡ ᠣᠨᠴᠠᠯᠢᠭᠲᠤ ᠭᠣᠭᠴᠣᠭ᠎ᠠ ᠵᠢ ᠲᠣᠬᠢᠷᠠᠭᠤᠯᠬᠤ᠎ᠪᠠᠷ ᠳᠠᠮᠵᠢᠭᠤᠯᠤᠨ ᠡᠬᠢ ᠪᠠᠶᠠᠯᠢᠭ᠎ᠢ ᠣᠷᠴᠢᠯᠳᠤᠭᠤᠯᠤᠨ ᠬᠠᠮᠲᠤ᠎ᠪᠠᠷ ᠡᠳ᠋ᠯᠡᠬᠦ ᠵᠢ ᠪᠡᠶᠡᠯᠡᠭᠦᠯᠪᠡ᠃ ᠬᠠᠨᠳᠢᠪ  ᠬᠤᠳᠠᠯᠳᠤᠭ᠎ᠠ᠎ᠪᠠᠷ ᠣᠯᠣᠭᠰᠠᠨ ᠵᠣᠭᠣᠰ᠎ᠢ ᠪᠥᠬᠥ ᠲᠣᠭ᠎ᠠ᠎ᠪᠠᠷ᠎ᠨᠢ 《ᠬᠡᠤᠬᠡᠳ᠎ᠢ ᠬᠠᠮᠠᠭ᠋ᠠᠯᠠᠬᠤ》 ᠲᠥᠯᠥᠪᠯᠡᠭᠡ ᠵᠢᠨ ᠲᠤᠰᠬᠠᠢ ᠵᠦᠢ᠍ᠯ᠎ᠤᠨ ᠰᠠᠭᠤᠷᠢ ᠮᠥᠩᠭᠥ᠎ᠳᠤ ᠣᠷᠣᠭᠤᠯᠵᠤ᠂ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠢ ᠲᠤᠰᠠᠯᠠᠬᠤ᠎ᠳᠤ ᠬᠠᠨᠳᠤᠯᠭ᠎ᠠ᠎ᠲᠠᠢ᠎ᠪᠠᠷ  ᠬᠡᠷᠡᠭᠯᠡᠨ᠎ᠡ᠃ ᠭᠤᠷᠪᠠᠨ ᠲᠠᠯ᠎ᠠ ᠵᠢᠨ ᠬᠠᠮᠵᠢᠯᠴᠠᠬᠤ ᠲᠣᠭᠲᠠᠴᠠ᠎ᠳᠤ ᠲᠦᠰᠢᠭᠯᠡᠨ ᠵᠠᠯᠠᠭᠤᠴᠤᠳ ᠪᠠᠭ᠋ᠠᠴᠤᠳ᠎ᠤᠨ ᠨᠡᠶ᠋ᠢᠲᠡ ᠵᠢᠨ ᠠᠰᠠᠷᠠᠮᠵᠢ ᠵᠢᠨ ᠦᠢ᠍ᠯᠡᠳᠦᠯᠭᠡ ᠵᠢᠨ ᠲᠠᠪᠴᠠᠩ᠎ᠢ ᠪᠦᠲᠦᠮᠵᠢᠲᠡᠶ ᠪᠣᠶ ᠪᠣᠯᠭ᠋ᠠᠵᠤ᠂ ᠵᠠᠯᠠᠭᠤᠴᠤᠳ ᠪᠠᠭ᠋ᠠᠴᠤᠳ᠎ᠤᠨ ᠡᠷᠡᠭᠦᠯ ᠦᠰᠦᠨ ᠪᠤᠢ᠌ᠵᠢᠯᠳᠠ᠎ᠳᠤ ᠬᠦᠴᠦᠨ ᠨᠡᠮᠡᠷᠢᠯᠡᠯ᠎ᠡ᠃

 


 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.27
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.28
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.29
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.30
 
            