ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.22
ᠨᠡᠶᠢᠲᠡᠯᠡᠭᠰᠡᠨ ᠴᠠᠭ᠄ 2025-04-23

ᠠᠷᠠᠳ᠎ᠤᠨ ᠶᠠᠪᠤᠳᠠᠯ᠎ᠤᠨ ᠶᠠᠮᠤᠨ


    ᠠᠷᠠᠳ᠎ᠤᠨ ᠶᠠᠪᠤᠳᠠᠯ᠎ᠤᠨ ᠶᠠᠮᠤᠨ᠎ᠤ ᠮᠡᠳᠡᠭᠡ ᠵᠠᠩᠭᠢ ᠵᠢᠨ ᠲᠥᠪ᠎ᠤᠨ᠎ᠬᠢᠨ ᠤᠷᠴᠢᠮ᠎ᠳᠤ ᠠᠷᠠᠳ᠎ᠤᠨ ᠶᠠᠪᠤᠳᠠᠯ᠎ᠤᠨ ᠲᠣᠮᠣ ᠳ᠋ᠠᠢ᠌ᠲ᠋ᠠ ᠵᠢᠨ ᠬᠡᠷᠡᠭᠯᠡᠭᠡᠨ᠎ᠤ ᠰᠢᠰᠲ᠋ᠧᠮ ᠪᠠ ᠴᠢᠳᠠᠪᠤᠷᠢ ᠵᠢᠨ ᠪᠠᠢ᠌ᠭᠤᠯᠤᠯᠲᠠ ᠵᠢᠨ ᠪᠣᠯᠪᠠᠰᠤᠷᠠᠯ ᠡᠷᠬᠢᠯᠡᠵᠤ  ᠲᠤᠭ᠋ᠠᠵᠢᠭᠤᠯᠤᠯᠳᠠ ᠵᠢᠨ ᠮᠡᠷᠭᠡᠵᠢᠯ᠎ᠤᠨ ᠰᠠᠭᠤᠷᠢ ᠲᠤᠯᠭ᠋ᠠᠭᠤᠷᠢᠯᠠᠯ ᠪᠠ ᠰᠢᠨ᠎ᠡ ᠵᠢ ᠡᠭᠦᠳᠬᠦ ᠵᠢ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ 《  ᠤᠶᠤᠨᠴᠢ》᠎ᠪᠠᠷ 《ᠴᠢᠨᠠᠷ》᠎ᠢ ᠳᠡᠭᠡᠭᠰᠢᠯᠡᠭᠦᠯᠬᠦ ᠰᠢᠨ᠎ᠡ ᠬᠥᠳᠡᠯᠭᠡᠭᠦᠷ᠎ᠢ ᠪᠠᠢ᠌ᠭᠤᠯᠵᠤ᠂ 《ᠤᠶᠤᠨᠴᠢ》᠎ᠪᠠᠷ 《  ᠵᠠᠰᠠᠯᠳᠠ》 ᠵᠢᠨ ᠰᠢᠨ᠎ᠡ ᠬᠥᠳᠡᠯᠭᠡᠬᠦ ᠬᠦᠴᠦᠨ᠎ᠢ ᠪᠣᠢ᠌ᠵᠢᠭᠤᠯᠵᠤ᠂ 《ᠤᠶᠤᠨᠴᠢ》᠎ᠪᠠᠷ 《ᠵᠢᠷᠭ᠋ᠠᠯ》᠎ᠤᠨ ᠰᠢᠨ᠎ᠡ ᠨᠡᠮᠡᠭᠳᠡᠯ ᠎ᠢ ᠣᠯᠬᠤ ᠬᠡᠷᠡᠭᠲᠡᠢ᠃  ᠲᠤᠭ᠋ᠠᠵᠢᠭᠤᠯᠤᠯᠳᠠ ᠵᠢᠨ ᠴᠢᠳᠠᠪᠤᠷᠢ ᠣᠯᠭᠣᠬᠤ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠬᠠᠮᠰᠠᠷ᠎ᠠᠴᠠ᠎ᠪᠠᠨ ᠠᠷᠠᠳ᠎ᠤᠨ ᠶᠠᠪᠤᠳᠠᠯ᠎ᠤᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠤᠨ ᠨᠡᠭᠡᠭᠡᠨ ᠬᠥᠭᠵᠢᠭᠦᠯᠦᠭᠴᠢ᠂ ᠲᠣᠭ᠎ᠠ ᠪᠠᠷᠢᠮᠲᠠ ᠵᠢᠨ ᠭᠦᠢ᠍ᠯᠭᠡᠭᠡᠨ᠎ᠤ ᠠᠬᠢᠭᠤᠯᠤᠭᠴᠢ᠂ ᠲᠣᠭ᠎ᠠ ᠪᠠᠷᠢᠮᠲᠠ ᠵᠢᠨ ᠦᠷᠳᠡᠭ᠎ᠤᠨ ᠬᠤᠪᠢᠷᠠᠭᠤᠯᠤᠭᠴᠢ᠂ ᠲᠣᠭ᠎ᠠ ᠪᠠᠷᠢᠮᠲᠠ ᠵᠢᠨ ᠠᠶᠤᠯ ᠦᠬᠡᠢ ᠵᠢ ᠬᠠᠮᠠᠭ᠋ᠠᠯᠠᠭᠴᠢ ᠪᠣᠯᠵᠤ ᠠᠷᠠᠳ᠎ᠤᠨ ᠶᠠᠪᠤᠳᠠᠯ᠎ᠤᠨ ᠲᠣᠭ᠋ᠠᠴᠢᠯᠠᠯᠲᠠ᠂ ᠰᠦᠯᠵᠢᠶᠡᠵᠢᠯᠲᠡ᠂ ᠣᠶᠤᠨᠴᠢᠯᠠᠯᠲᠠ ᠵᠢᠨ ᠲᠦᠪᠰᠢᠨ᠎ᠢ ᠲᠦᠷᠭᠡᠨ ᠲᠡᠭᠡᠭᠰᠢᠯᠡᠬᠦᠯᠬᠦ ᠬᠡᠷᠡᠭᠳᠡᠢ ᠭᠡᠵᠤ ᠲᠤᠷᠠᠳᠪᠠ᠃
 
  ᠶᠡᠷᠤᠡᠭᠭᠡᠢ᠌ᠯᠡᠭᠰᠡᠨ ᠠᠵᠢᠯ


    ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠶᠤᠯ ᠦᠭᠡᠢ ᠦᠢ᠍ᠯᠡᠳᠪᠦᠷᠢᠯᠡᠯ᠎ᠤᠨ ᠳᠠᠯᠳᠠ ᠭᠡᠮ᠎ᠢ  ᠪᠠᠢ᠌ᠴᠠᠭ᠋ᠠᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠤᠯᠠᠭ᠋ᠠᠨᠴᠠᠪ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠭᠠᠯ  ᠤᠨᠳᠠᠷᠠᠭ᠋ᠠᠵᠤ ᠠᠪᠤᠷᠠᠬᠤ ᠰᠠᠯᠪᠤᠷᠢ ᠠᠩᠭᠢ ᠵᠢᠨ᠎ᠬᠢᠨ ᠎ᠲᠠᠢ ᠬᠠᠮᠲᠤᠷᠠᠨ  ᠤᠯᠠᠭ᠋ᠠᠨᠴᠠᠪ ᠬᠣᠲᠠ ᠵᠢᠨ 11 ᠬᠣᠰᠢᠭᠤ ᠰᠢᠶᠠᠨ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠦᠷᠴᠦ ᠠᠶᠤᠯ ᠦᠭᠡᠢ ᠦᠢ᠍ᠯᠡᠳᠪᠦᠷᠢᠯᠡᠯ᠎ᠤᠨ ᠳᠠᠯᠳᠠ ᠬᠡᠮ᠎ᠢ ᠪᠠᠢ᠌ᠴᠠᠭ᠋ᠠᠵᠤ᠂ ᠡᠯ᠎ᠡ ᠭᠠᠵᠠᠷ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠭᠠᠯ ᠤᠨᠲᠠᠷᠠᠭ᠋ᠠᠬᠤ᠂ ᠣᠨᠴᠠ ᠲᠥᠷᠥᠯ᠎ᠤᠨ ᠲᠣᠨᠣᠭ ᠲᠥᠬᠦᠭᠡᠷᠦᠮᠵᠢ ᠪᠠ ᠢᠳᠡᠭᠡᠨ᠎ᠤ ᠠᠮᠤᠷ ᠲᠦᠪᠰᠢᠨ ᠵᠡᠷᠭᠡ ᠵᠢ ᠭᠣᠣᠯᠳᠠᠯᠭ᠎ᠠ᠎ᠲᠠᠢ ᠵᠢᠭᠰᠠᠭ᠋ᠠᠨ ᠪᠠᠢ᠌ᠴᠠᠭ᠋ᠠᠵᠤ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ 《ᠴᠡᠭ᠎ᠠᠴᠠ ᠴᠡᠭ᠎ᠲᠤ》  ᠱᠠᠯᠠᠪᠳᠠᠭᠤᠯᠤᠨ ᠴᠡᠭᠴᠡᠯᠡᠭᠡᠳ ᠡᠯ᠎ᠡ ᠭᠠᠵᠠᠷ᠎ᠤᠨ᠎ᠬᠢᠨ᠎ᠤ ᠴᠡᠭᠴᠡᠯᠡᠬᠦ  ᠬᠠᠷᠢᠭᠤᠴᠠᠯᠭ᠎ᠠ ᠵᠢ ᠤᠯᠠᠮ ᠴᠢᠩᠭ᠎ᠠ ᠪᠤᠳᠠᠳᠠᠢ᠌ᠵᠢᠭᠤᠯᠤᠬᠰᠠᠨ ᠪᠠᠢ᠌ᠨ᠎ᠠ᠃


ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


   ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 160 ᠭᠠᠷᠤᠢ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠴᠢ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠢ ᠵᠣᠬᠢᠶᠠᠨ ᠪᠠᠢ᠌ᠭᠤᠯᠵᠤ᠂ 2025 ᠣᠨ᠎ᠤ ᠬᠦᠯᠤᠨ ᠪᠤᠢ᠌ᠷ ᠬᠣᠲᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠷᠢᠭᠤᠴᠠᠯᠭ᠋ᠠᠲᠠᠨ᠎ᠤ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠢ ᠥᠷᠨᠢᠭᠦᠯᠪᠡ᠃ ᠠᠵᠢᠯ ᠲᠦᠷᠦᠯ᠎ᠤᠨ ᠲᠤᠰᠬᠠᠢ ᠮᠡᠷᠭᠡᠵᠢᠯᠲᠡᠨ ᠪᠣᠯᠣᠨ ᠲᠡᠷᠢᠭᠦᠨ᠎ᠤ ᠲᠥᠯᠥᠭᠡᠯᠡᠭᠴᠢ ᠵᠢ ᠤᠷᠢᠵᠤ ᠰᠢᠨ᠎ᠡ᠎ᠪᠠᠷ ᠨᠡᠢ᠌ᠲᠡᠯᠡᠭᠰᠡᠨ ᠲᠦᠷᠦ ᠵᠢᠨ ᠪᠣᠳᠣᠯᠭ᠎ᠠ ᠬᠠᠤᠯᠢ ᠲᠣᠭᠲᠠᠭ᠋ᠠᠯ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠭᠣᠣᠯᠳᠠᠯᠭ᠎ᠠ  ᠪᠠ ᠲᠡᠷᠢᠭᠦᠨ᠎ᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠎ᠠ ᠵᠢᠨ ᠵᠢᠱ᠌ᠢᠶ᠎ᠡ᠎ᠲᠠᠢ ᠤᠶᠠᠯᠳᠤᠭᠤᠯᠤᠨ ᠨᠠᠷᠢᠨ ᠲᠠᠢ᠌ᠯᠤᠮᠵᠢ ᠬᠢᠯᠭᠡᠵᠦ ᠲᠤᠬᠠᠢ ᠵᠢᠨ ᠲᠠᠯᠠᠪᠤᠷ᠎ᠲᠤ 《ᠬᠠᠤᠯᠢ ᠴᠠᠭ᠋ᠠᠵᠠ ᠵᠢᠨ ᠪᠡᠶ᠎ᠡ ᠵᠢᠨ ᠪᠠᠢ᠌ᠴᠠᠭ᠋ᠠᠯᠲᠠ》 ᠵᠢᠨ ᠠᠷᠭ᠎ᠠ ᠬᠡᠯᠪᠡᠷᠢ᠎ᠪᠠᠷ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠵᠢᠯᠯᠠᠭ᠋ᠠᠨ᠎ᠤ ᠶᠠᠪᠤᠴᠠ᠎ᠳᠤ᠎ᠬᠢ ᠬᠠᠤᠯᠢ ᠴᠠᠭ᠋ᠠᠵᠠ ᠵᠢᠨ ᠲᠦᠭᠰᠢᠭᠦᠷᠢ ᠵᠢ ᠣᠨᠣᠪᠴᠢᠲᠠᠢ ᠢᠯᠭ᠋ᠠᠨ ᠲᠠᠨᠢᠬᠤ ᠪᠠ ᠰᠡᠷᠭᠡᠢ᠌ᠯᠡᠵᠦ ᠬᠥᠯᠥᠨ ᠪᠤᠢ᠍ᠢ᠍ᠷ ᠬᠤᠳᠠ ᠵᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠴᠢᠨᠠᠷᠯᠢᠭ ᠬᠥᠭᠵᠢᠯᠲᠡ᠎ᠳᠤ ᠬᠦᠴᠦᠨ ᠨᠡᠮᠡᠷᠢᠯᠡᠪᠡ᠃
    ᠲᠦᠩᠯᠢᠶᠣᠣ ᠬᠣᠲᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠤᠷᠴᠢᠮ᠎ᠤᠨ ᠵᠢᠯ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠣᠨ᠎ᠤ ᠪᠠᠢ᠌ᠴᠠᠭ᠋ᠠᠯᠲᠠ ᠪᠠ ᠵᠢᠷᠤᠮᠵᠢᠭᠰᠠᠨ ᠪᠠᠢ᠌ᠭᠤᠯᠤᠯᠲᠠ ᠵᠢᠨ ᠲᠤᠰᠬᠠᠢ ᠠᠵᠢᠯᠯᠠᠭ᠎ᠠ ᠵᠢ ᠬᠠᠷᠢᠯᠴᠠᠨ ᠤᠶᠠᠯᠳᠤᠭᠤᠯᠵᠤ᠂ ᠲᠤᠰᠬᠠᠢ᠌ᠵᠢᠭᠰᠠᠨ ᠪᠣᠯᠪᠠᠰᠤᠷᠠᠯ ᠵᠶ᠋ᠠᠷ ᠪᠠᠷᠢᠴᠨ ᠪᠣᠯᠭ᠋ᠠᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠳᠤᠳᠬᠠᠬᠤ》 ᠵᠢ ᠣᠨ᠎ᠤ ᠪᠠᠢ᠌ᠴᠠᠭ᠋ᠠᠯᠲᠠ ᠵᠢᠨ ᠪᠥᠬᠥ ᠶᠠᠪᠤᠴᠠ᠎ᠳᠤ ᠠᠭᠤᠰᠬᠠᠭᠰᠠᠨ ᠪᠠᠢ᠌ᠨ᠎ᠠ᠃ ᠨᠠᠮ᠎ᠤᠨ ᠪᠠᠢ᠌ᠭᠤᠯᠤᠯᠲᠠ ᠵᠢᠨ ᠪᠠᠢ᠌ᠳᠠᠯ᠎ᠢ ᠣᠢ᠌ᠯᠠᠭ᠋ᠠᠬᠤ᠂ ᠬᠤᠭᠤᠴᠠᠭ᠎ᠠ ᠰᠣᠯᠢᠬᠤ ᠵᠢ ᠳᠠᠩᠰᠠᠯᠠᠨ ᠡᠮᠬᠢᠯᠡᠬᠦ᠂ ᠵᠠᠰᠠᠯᠲᠠ ᠵᠢᠨ ᠪᠦᠲᠦᠴᠡ ᠵᠢ ᠵᠢᠷᠤᠮᠵᠢᠭᠤᠯᠬᠤ ᠵᠡᠷᠭᠡ ᠤᠯᠠᠨ ᠠᠷᠭ᠎ᠠ ᠵᠢ ᠥᠷᠨᠢᠭᠦᠯᠬᠦ᠎ᠪᠠᠷ ᠳᠠᠮᠵᠢᠭᠤᠯᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠲᠤᠰ ᠪᠡᠶ᠎ᠡ ᠵᠢᠨ ᠪᠠᠢ᠌ᠭᠤᠯᠤᠯᠲᠠ᠎ᠪᠠᠨ ᠴᠢᠩᠭ᠋ᠠᠳᠬᠠᠬᠤ ᠠᠵᠢᠯ᠎ᠢ ᠠᠬᠢᠭᠤᠯᠵᠤ᠂ ᠠᠶᠤᠯ ᠲᠦᠭᠰᠢᠭᠦᠷᠢ ᠵᠢ ᠰᠡᠷᠭᠡᠢ᠌ᠯᠡᠬᠦ ᠴᠢᠳᠠᠪᠤᠷᠢ᠎ᠪᠠᠨ ᠲᠡᠭᠡᠭᠰᠢᠯᠡᠬᠦᠯᠬᠦ᠎ᠳᠤ᠎ᠪᠠᠨ ᠤᠳᠤ ᠪᠤᠯᠳᠠᠯ᠎ᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ 6 ᠰᠠᠯᠪᠤᠷᠢ ᠪᠠᠢ᠌ᠭᠤᠯᠤᠮᠵᠢ ᠵᠢ ᠳᠢᠭᠯᠡᠵᠦ᠂ 10 ᠵᠢ᠎ᠨᠢ ᠬᠦᠴᠦᠨ ᠦᠭᠡᠢ ᠪᠣᠯᠭ᠋ᠠᠨ ᠳᠡᠩᠰᠡᠯᠡᠵᠦ᠂ 2 ᠬᠠᠤᠯᠢ ᠪᠤᠰᠤ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠬᠦᠴᠦᠨ ᠦᠭᠡᠢ ᠪᠣᠯᠭ᠋ᠠᠪᠠ᠃


ᠨᠠᠰᠤᠵᠢᠯ᠎ᠤᠨ ᠦᠢ᠍ᠯᠡᠴᠢᠯᠡᠭᠡ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠪᠤᠭᠤᠳᠤ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠵᠡᠷᠭᠡ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ 《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠶᠤᠯ ᠦᠬᠡᠢ ᠦᠢ᠍ᠯᠡᠳᠪᠦᠷᠢᠯᠡᠯ᠎ᠤᠨ ᠶᠡᠬᠡ ᠪᠠᠢ᠌ᠴᠠᠭ᠋ᠠᠯᠲᠠ ᠵᠢ ᠥᠷᠨᠢᠭᠦᠯᠬᠦ ᠲᠤᠬᠠᠢ ᠮᠡᠳᠡᠭᠳᠡᠯ》᠎ᠢ ᠦᠨᠳᠦᠰᠦᠯᠡᠨ 《ᠳᠥᠷᠪᠡᠨ ᠰᠢᠯᠤᠭᠤᠨ ᠪᠤᠰᠤ ᠬᠣᠶᠠᠷ ᠰᠢᠯᠤᠭᠤᠨ》 ᠠᠷᠭ᠎ᠠ ᠎ᠪᠠᠷ ᠪᠥᠬᠥ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠠᠶᠤᠯ ᠦᠬᠡᠢ ᠵᠢᠨ ᠪᠠᠢ᠌ᠴᠠᠭ᠋ᠠᠯᠲᠠ ᠥᠷᠨᠢᠭᠦᠯᠪᠡ᠃ ᠲᠣᠰ ᠪᠠᠢ᠌ᠴᠠᠭ᠋ᠠᠯᠲᠠ᠎ᠳᠤ ᠭᠠᠯ ᠤᠨᠲᠠᠷᠠᠭ᠋ᠠᠬᠤ᠂ ᠢᠳᠡᠭᠡᠨ᠎ᠤ ᠠᠮᠤᠷ ᠲᠦᠪᠰᠢᠨ᠂ ᠣᠷᠣᠨ ᠰᠠᠭᠤᠴᠠ ᠵᠢᠨ ᠠᠮᠤᠷ ᠲᠦᠪᠰᠢᠨ᠂ ᠰᠢᠲᠠᠮᠠᠬᠠᠢ ᠬᠡᠢ ᠵᠢᠨ ᠠᠮᠤᠷ ᠲᠦᠪᠰᠢᠨ ᠵᠡᠷᠭᠡ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠶ᠋ᠢᠲᠡ 26 ᠵᠦᠢ᠍ᠯ᠎ᠤᠨ ᠳᠠᠯᠳᠠ ᠬᠡᠮ᠎ᠤᠨ ᠠᠰᠠᠭᠤᠳᠠᠯ᠎ᠢ ᠪᠠᠢ᠌ᠴᠠᠭ᠋ᠠᠨ ᠭᠠᠷᠭ᠋ᠠᠵᠠᠢ᠃ ᠣᠳᠣᠬᠠᠨ᠎ᠳᠤ ᠪᠣᠶ ᠪᠦᠬᠦᠢ ᠬᠡᠮ ᠰᠣᠭᠣᠭ᠎ᠢ ᠨᠢᠭᠡᠨᠲᠡ ᠱᠠᠭ᠋ᠠᠷᠳᠠᠯᠭ᠎ᠠ ᠶᠣᠰᠣᠭ᠋ᠠᠷ ᠴᠡᠭᠴᠡᠯᠡᠬᠡᠳ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠮᠤᠷ ᠲᠦᠪᠰᠢᠨ ᠵᠶ᠋ᠡᠷ ᠠᠵᠢᠯᠯᠠᠬᠤ ᠵᠢ  ᠴᠢᠷᠮᠠᠢ᠌ᠨ ᠪᠠᠲᠤᠯᠠᠵᠤ ᠪᠠᠢ᠌ᠨ᠎ᠠ᠃




   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.27
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.28
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.29
 
            