ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ ᠵᠢᠨ ᠨᠠᠰᠤᠵᠢᠯᠲᠠ ᠵᠢᠨ ᠤᠯᠤᠰ᠎ᠤᠨ ᠪᠠᠶ᠋ᠢᠳᠠᠯ᠎ᠤᠨ ᠬᠥᠮᠦᠵᠢᠯ ᠪᠠ ᠨᠠᠰᠤᠲᠠᠢ᠌ᠴᠤᠳ᠎ᠤᠨ ᠵᠦᠨᠦᠳᠡᠭ ᠭᠡᠮ᠎ᠢ ᠰᠡᠷᠬᠡᠢ᠌ᠯᠡᠬᠦ ᠠᠵᠢᠯ᠎ᠤᠨ ᠪᠣᠯᠪᠠᠰᠤᠷᠠᠯ ᠬᠥᠬᠡᠬᠣᠲᠠ᠎ᠳᠤ ᠶᠠᠪᠤᠭᠳᠠᠪᠠ ᠤᠬᠤᠷ ᠭᠠᠷᠴᠠᠭ᠄ ᠬᠥᠮᠦᠨ ᠠᠮᠠ ᠵᠢᠨ ᠨᠠᠰᠤᠵᠢᠯ᠊
ᠨᠡᠶᠢᠲᠡᠯᠡᠭᠰᠡᠨ ᠴᠠᠭ᠄ 2025-04-23

    ᠦᠪᠤᠷ ᠮᠤᠡᠭᠭᠤᠯ ᠥᠪᠡᠷᠲᠡᠭᠡᠨ ᠵᠠᠰᠠᠬᠤ ᠣᠷᠣᠨ᠎ᠤ ᠨᠠᠰᠤᠵᠢᠯᠲᠠ ᠵᠢᠨ ᠠᠵᠢᠯ᠎ᠤᠨ ᠵᠥᠪᠯᠡᠯ᠎ᠤᠨ ᠠᠯᠪᠠᠨ ᠬᠡᠷ᠂ ᠠᠷᠠᠳ᠎ᠤᠨ ᠶᠠᠪᠤᠳᠠᠯ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ᠎ᠬᠢᠨ ᠬᠥᠮᠦᠨ ᠠᠮᠠ ᠵᠢᠨ ᠨᠠᠰᠤᠵᠢᠯᠲᠠ ᠵᠢ ᠢᠳᠡᠪᠬᠢᠲᠡᠶ ᠠᠷᠭ᠋ᠠᠴᠠᠭ᠋ᠠᠬᠤ ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠬᠦ ᠵᠢᠨ ᠲᠥᠯᠥᠭᠡ   3 ᠳ᠋ᠤᠭ᠋ᠠᠷ ᠰᠠᠷ᠎ᠠ ᠵᠢᠨ 25 ᠎ᠠᠴᠠ 26᠎ᠳᠤ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠠᠷᠭ᠎ᠠ ᠎ᠪᠠᠷ ᠬᠥᠮᠦᠨ ᠠᠮᠠ ᠵᠢᠨ ᠨᠠᠰᠤᠵᠢᠯᠲᠠ ᠵᠢᠨ ᠤᠯᠤᠰ᠎ᠤᠨ ᠪᠠᠶ᠋ᠢᠳᠠᠯ᠎ᠤᠨ ᠬᠥᠮᠦᠵᠢᠯ ᠪᠠ ᠨᠠᠰᠤᠲᠠᠢ᠌ᠴᠤᠳ᠎ᠤᠨ ᠵᠦᠨᠦᠳᠡᠭ ᠭᠡᠮ᠎ᠢ ᠰᠡᠷᠬᠡᠢ᠌ᠯᠡᠬᠦ ᠠᠵᠢᠯ᠎ᠤᠨ ᠪᠣᠯᠪᠠᠰᠤᠷᠠᠯ᠎ᠢ ᠬᠥᠬᠡᠬᠣᠲᠠ᠎ᠳᠤ ᠬᠠᠮᠲᠤᠷᠠᠨ ᠡᠷᠭᠢᠯᠡᠪᠡ᠃
   ᠪᠣᠯᠪᠠᠰᠤᠷᠠᠯ᠎ᠤᠨ ᠬᠤᠭᠤᠴᠠᠭ᠋ᠠᠨ᠎ᠳᠤ ᠹᠦᠳᠠᠨ ᠶᠡᠬᠡ ᠰᠤᠷᠭ᠋ᠠᠭᠤᠯᠢ ᠵᠢᠨ ᠨᠠᠰᠤᠵᠢᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ᠂ ᠫᠷᠤᠹᠸᠰᠰᠤᠷ᠂ ᠳᠤᠮᠳᠠᠳᠤ ᠤᠯᠤᠰ᠎ᠤᠨ ᠨᠡᠶ᠋ᠢᠭᠡᠮ᠎ᠤᠨ ᠠᠰᠠᠷᠠᠮᠵᠢ ᠪᠣᠯᠤᠨ ᠨᠠᠰᠤᠵᠢᠯ᠎ᠤᠨ ᠦᠢ᠍ᠯᠡᠴᠢᠯᠡᠭᠡᠨ᠎ᠤ ᠨᠡᠶ᠋ᠢᠭᠡᠮᠯᠢᠭ᠎ᠤᠨ ᠳᠠᠷᠤᠭ᠎ᠠ ᠦ᠋ ᠢᠦᠢ ᠱᠤᠤ 《ᠬᠥᠮᠦᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠨᠠᠰᠤᠵᠢᠯ᠎ᠤᠨ ᠦᠢ᠍ᠯᠡᠰ ᠪᠣᠯᠤᠨ ᠨᠠᠰᠤᠵᠢᠯ᠎ᠤᠨ ᠠᠵᠤ ᠦᠢ᠍ᠯᠡᠰ᠎ᠤᠨ  ᠴᠢᠨᠠᠷᠯᠢᠭ ᠬᠥᠭᠵᠢᠯᠲᠡ ᠵᠢ ᠠᠬᠢᠭᠤᠯᠤᠶ᠎ᠠ》 ᠭᠡᠬᠦ ᠰᠡᠳᠦᠪ ᠵᠶ᠋ᠠᠷ ᠲᠤᠰᠬᠠᠢ ᠰᠡᠳᠦᠪᠲᠦ ᠲᠠᠶ᠋ᠢᠯᠤᠮᠵᠢ ᠬᠢᠵᠦ᠂ ᠨᠠᠰᠤᠵᠢᠯᠲᠠ ᠵᠢᠨ ᠣᠨᠴᠠᠯᠢᠭ᠂ ᠨᠠᠰᠤᠵᠢᠯ᠎ᠤᠨ ᠦᠢ᠍ᠯᠡᠴᠢᠯᠡᠭᠡᠨ᠎ᠤ ᠰᠢᠰᠲ᠋ᠧᠮ᠂ ᠪᠤᠭᠤᠷᠤᠯᠴᠤᠳ᠎ᠤᠨ ᠠᠵᠤ ᠠᠬᠤᠢ᠂ ᠡᠷᠡᠭᠦᠯ ᠮᠡᠨᠳᠦ ᠨᠠᠰᠤᠵᠢᠯᠲᠠ ᠵᠢᠨ ᠣᠶ᠋ᠢᠯᠠᠭ᠋ᠠᠭᠳᠠᠬᠤᠨ ᠵᠡᠷᠭᠡ ᠲᠠᠯ᠎ᠠ᠎ᠠᠴᠠ ᠣᠳᠣᠬᠠᠨ᠎ᠤ ᠬᠥᠮᠦᠨ ᠠᠮᠠ ᠵᠢᠨ ᠨᠠᠰᠤᠵᠢᠯᠲᠠ ᠵᠢᠨ ᠪᠠᠶ᠋ᠢᠳᠠᠯ᠂ ᠠᠵᠠ ᠲᠣᠬᠢᠶᠠᠯ ᠪᠣᠯᠤᠨ ᠥᠷᠢᠰᠥᠯᠳᠦᠭᠡᠨ᠎ᠢ ᠭᠦᠨᠵᠡᠭᠡᠢ ᠵᠠᠳᠠᠯᠤᠭᠰᠠᠨ᠎ᠤ ᠬᠠᠮᠲᠤ ᠠᠷᠭ᠋ᠠᠴᠠᠭ᠋ᠠᠬᠤ ᠠᠷᠭ᠎ᠠ ᠵᠢ ᠲᠤᠷᠠᠳᠤᠭ᠋ᠠᠳ ᠮᠠᠨ᠎ᠤ ᠣᠷᠣᠨ᠎ᠤ ᠨᠠᠰᠤᠵᠢᠯᠲᠠ ᠵᠢᠨ ᠠᠵᠢᠯ᠎ᠢ ᠠᠬᠢᠭᠤᠯᠬᠤ᠎ᠳᠤ ᠰᠢᠨ᠎ᠡ ᠰᠡᠳᠬᠢᠮᠵᠢ ᠬᠠᠩᠭ᠋ᠠᠵᠠᠢ᠃ ᠳᠤᠮᠳᠠᠳᠤ ᠤᠯᠤᠰ᠎ᠤᠨ ᠨᠠᠰᠤᠲᠠᠶ᠋ᠢᠴᠤᠳ᠎ᠤᠨ ᠨᠡᠶ᠋ᠢᠭᠡᠮᠯᠢᠭ᠎ᠤᠨ ᠠᠵᠢᠯᠲᠠᠨ᠎ᠤ ᠶᠠᠪᠤᠳᠠᠯ᠎ᠤᠨ ᠬᠡᠯᠲᠡᠰ᠎ᠤᠨ ᠳᠡᠳ᠋ ᠡᠷᠬᠢᠯᠡᠭᠴᠢ ᠬᠠᠨ ᠴᠦᠨ ᠶᠢᠩ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠬᠢᠨ᠎ᠤ ᠡᠮᠨᠡᠯᠭᠡ ᠵᠢᠨ ᠬᠣᠷᠢᠶ᠎ᠠ ᠵᠢᠨ ᠡᠷᠬᠢᠯᠡᠭᠴᠢ ᠡᠮᠴᠢ ᠯᠢᠨ ᠫᠢᠩ ᠨᠠᠷ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠳᠠᠷᠠᠭ᠋ᠠᠬᠢ ᠨᠠᠰᠤᠲᠠᠶ᠋ᠢᠴᠤᠳ᠎ᠤᠨ ᠠᠵᠢᠯ᠎ᠤᠨ ᠭᠣᠤᠯᠳᠠᠯᠭ᠎ᠠ᠎ᠲᠠᠢ ᠡᠭᠦᠷᠭᠡ᠂ ᠨᠠᠰᠤᠲᠠᠢ᠌ᠴᠤᠳ᠎ᠤᠨ ᠵᠦᠨᠦᠳᠡᠭ ᠭᠡᠮ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠲᠣᠭᠣᠷᠢᠨ᠎ᠳᠤ ᠲᠤᠰᠬᠠᠶ ᠰᠡᠳᠦᠪ ᠵᠶ᠋ᠠᠷ  ᠬᠢᠴᠢᠶᠡᠯ ᠤᠷᠤᠪᠠ᠃
    ᠪᠣᠯᠪᠠᠰᠤᠷᠠᠯ ᠲᠡᠬᠡᠷ᠎ᠡ᠄ 《ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ ᠪᠣᠯᠤᠨ ᠨᠠᠰᠤᠲᠠᠶ᠋ᠢᠴᠤᠳ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ  ᠨᠠᠶ᠋ᠢᠳᠠᠪᠤᠷᠢᠵᠢᠭᠤᠯᠵᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠦᠷ᠎ᠡ ᠳ᠋ᠦᠩ ᠵᠶ᠋ᠠᠷ ᠤᠳᠤᠷᠢᠳᠤᠮᠵᠢ ᠪᠣᠯᠭ᠋ᠠᠬᠤ ᠵᠢ ᠢᠮᠠᠭᠲᠠ  ᠪᠠᠷᠢᠮᠳᠠᠯᠠᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠲᠠᠶ᠋ᠢᠴᠤᠳ᠎ᠤᠨ ᠠᠵᠢᠯ᠎ᠤᠨ ᠠᠯᠪᠠᠨ ᠭᠡᠷ᠎ᠤᠨ ᠨᠢᠭᠡᠳᠦᠯᠲᠡᠢ  ᠲᠦᠯᠦᠪᠯᠡᠨ ᠵᠣᠬᠢᠴᠠᠭᠤᠯᠬᠤ᠂ ᠱᠠᠯᠠᠪᠳᠠᠭᠤᠯᠤᠨ ᠵᠢᠯᠣᠭᠣᠳᠬᠤ᠂ ᠵᠣᠬᠢᠶᠠᠨ ᠪᠠᠶ᠋ᠢᠭᠤᠯᠤᠨ ᠠᠬᠢᠭᠤᠯᠬᠤ ᠡᠭᠦᠷᠭᠡ ᠴᠢᠳᠠᠪᠬᠢ ᠎ᠪᠠᠨ ᠨᠡᠩ ᠰᠠᠶ᠋ᠢᠲᠤᠷ ᠪᠠᠳᠠᠷᠠᠭᠤᠯᠵᠤ᠂ ᠠᠵᠢᠯ᠎ᠤᠨ  ᠬᠠᠮᠵᠢᠯᠴᠠᠬᠤ ᠬᠦᠴᠦᠨ᠎ᠢ ᠴᠢᠨᠠᠭᠰᠢᠳᠠ ᠪᠦᠷᠢᠯᠳᠦᠭᠦᠯᠵᠦ᠂ ᠬᠥᠮᠦᠨ ᠠᠮᠠ ᠵᠢᠨ ᠨᠠᠰᠤᠵᠢᠯᠲᠠ ᠵᠢ ᠢᠳᠡᠪᠬᠢᠲᠡᠢ ᠠᠷᠭ᠋ᠠᠴᠠᠭ᠋ᠠᠬᠤ ᠤᠯᠤᠰ᠎ᠤᠨ ᠪᠠᠶ᠋ᠢᠯᠳᠤᠬᠤ ᠪᠤᠳᠤᠯᠭ᠎ᠠ ᠵᠢ ᠰᠠᠶ᠋ᠢᠲᠤᠷ  ᠬᠡᠷᠡᠭᠵᠢᠭᠦᠯᠬᠦ ᠬᠠᠮᠵᠢᠯᠴᠠᠭ᠎ᠠ ᠵᠢ ᠪᠠᠢ᠌ᠭᠤᠯᠵᠤ᠂  ᠨᠠᠰᠤᠲᠠᠶ᠋ᠢᠴᠤᠳ᠎ᠲᠤ ᠰᠠᠢ᠌ᠨ ᠶᠠᠪᠤᠳᠠᠯ ᠪᠤᠳᠠᠳᠠᠢ ᠶᠠᠪᠤᠳᠠᠯ᠎ᠢ ᠰᠠᠨᠠᠭ᠋ᠠᠴᠢᠯᠠᠭ᠎ᠠ᠎ᠠᠴᠠ᠎ᠪᠠᠨ ᠢᠳᠡᠪᠬᠢᠲᠡᠢ ᠬᠢᠵᠦ ᠂ ᠪᠦᠬᠦ ᠣᠷᠣᠨ᠎ᠤ ᠨᠠᠰᠤᠲᠠᠶ᠋ᠢᠴᠤᠳ᠎ᠤᠨ ᠦᠢ᠍ᠯᠡᠰ᠎ᠤᠨ ᠴᠢᠨᠠᠷᠯᠢᠭ  ᠬᠥᠭᠵᠢᠯᠲᠡ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ 》 ᠭᠡᠵᠤ ᠴᠢᠬᠤᠯᠠᠴᠢᠯᠠᠪᠠ ᠃
    ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠲᠣᠭᠣᠷᠢᠨ ᠪᠠᠶ᠋ᠢᠴᠠᠭ᠋ᠠᠭᠴᠢ᠂ ᠲᠢᠩᠬᠢᠮ᠎ᠤᠨ  ᠪᠠᠢ᠌ᠭᠤᠯᠭ᠎ᠠ ᠵᠢᠨ ᠪᠥᠬᠥ ᠺᠠᠳ᠋ᠷ᠂ ᠰᠢᠭᠤᠳ ᠬᠠᠷᠢᠶ᠎ᠠ ᠪᠠᠢ᠌ᠭᠤᠯᠭ᠎ᠠ  ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠲᠠᠶ᠋ᠢᠴᠤᠳ᠎ᠤᠨ ᠵᠥᠪᠯᠡᠯ᠎ᠤᠨ ᠪᠦᠷᠢᠯᠳᠦᠬᠦᠨ ᠨᠢᠬᠡᠴᠢ ᠵᠢᠨ ᠬᠣᠯᠪᠣᠭ᠋ᠠᠴᠢᠨ᠂ ᠡᠯ᠎ᠡ ᠠᠶ᠋ᠢᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠬᠤᠪᠢᠳᠠᠨ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ᠂ ᠨᠠᠰᠤᠲᠠᠶ᠋ᠢᠴᠤᠳ᠎ᠤᠨ ᠠᠵᠢᠯ᠎ᠤᠨ ᠰᠠᠯᠠᠭ᠎ᠠ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ᠂ ᠡᠯ᠎ᠡ ᠠᠶ᠋ᠢᠮᠠᠭ ᠬᠣᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠨᠠᠰᠤᠲᠠᠶ᠋ᠢᠴᠤᠳ ᠡᠷᠡᠭᠦᠯ ᠮᠡᠨᠳᠦ ᠵᠢᠨ ᠰᠠᠯᠠᠭ᠎ᠠ ᠵᠢᠨ ᠬᠠᠷᠢᠭᠤᠴᠠᠯᠭ᠋ᠠᠲᠠᠨ ᠪᠠ ᠨᠠᠰᠤᠵᠢᠯ᠎ᠤᠨ ᠠᠰᠠᠷᠠᠮᠵᠢ ᠵᠢᠨ ᠪᠠᠶ᠋ᠢᠭᠤᠯᠤᠮᠵᠢ᠂ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠪᠠᠶ᠋ᠢᠭᠤᠯᠤᠮᠵᠢ ᠵᠢᠨ ᠬᠠᠮᠢᠶ᠎ᠠ ᠪᠥᠬᠥᠶ ᠠᠵᠢᠯᠲᠠᠨ ᠵᠡᠷᠭᠡ 450 ᠭᠠᠷᠤᠶ ᠬᠥᠮᠦᠨ  ᠪᠤᠯᠪᠠᠰᠤᠷᠠᠯ᠎ᠳᠤ ᠣᠷᠣᠯᠴᠠᠵᠠᠶ ᠃
                                         
 

   

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.21
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.22
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.23
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.3
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.27
 
            