ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.3
ᠨᠡᠶᠢᠲᠡᠯᠡᠭᠰᠡᠨ ᠴᠠᠭ᠄ 2025-04-07

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


   《ᠥᠪᠥᠷ ᠮᠣᠩᠭᠣᠯ᠎ᠤᠨ ᠱᠠᠩᠨᠠᠯᠲᠤ ᠰᠤᠭᠤᠯᠤᠭ᠎ᠠ》 ᠵᠢᠨ ᠠᠯᠪᠠᠨ᠎ᠤ APP᠎ᠨᠢ ᠱᠠᠩᠨᠠᠯ᠎ᠢ ᠨᠡᠭᠡᠭᠡᠵᠦ ᠪᠠᠢ᠌ᠴᠠᠭ᠋ᠠᠨ ᠯᠠᠪᠯᠠᠬᠤ᠂ ᠱᠠᠩᠨᠠᠯᠲᠤ ᠥᠷᠲᠡᠭᠡᠨ᠎ᠤ ᠵᠠᠮᠴᠢᠯᠠᠬᠤ᠂ ᠨᠡᠶ᠋ᠢᠲᠡ ᠵᠢᠨ ᠠᠰᠠᠷᠠᠮᠵᠢ ᠵᠢᠨ ᠳᠠᠮᠵᠢᠭᠤᠯᠭ᠎ᠠ᠂ ᠺᠣᠮᠫᠢᠦ᠋ᠲ᠋ᠧᠷ᠎ᠤᠨ ᠪᠢᠯᠧᠲ᠎ᠤᠨ ᠰᠢᠯᠭ᠋ᠠᠯᠲᠠ ᠵᠢᠨ ᠱᠠᠩᠨᠠᠯ ᠵᠡᠷᠭᠡ ᠴᠢᠳᠠᠮᠵᠢ ᠵᠢ ᠡᠮᠬᠢᠯᠡᠨ ᠨᠡᠢ᠌ᠯᠡᠭᠦᠯᠵᠦ᠂ ᠲᠣᠭ᠋ᠠᠴᠢᠯᠠᠭᠰᠠᠨ ᠠᠷᠭ᠎ᠠ ᠪᠠᠷᠢᠯ ᠵᠶ᠋ᠠᠷ ᠦᠢ᠍ᠯᠡᠴᠢᠯᠡᠭᠡᠨ᠎ᠤ ᠲᠠᠰ ᠳᠡᠪᠰᠢᠬᠦ ᠵᠢ ᠲᠦᠯᠬᠢᠨ ᠠᠬᠢᠭᠤᠯᠵᠤ᠂ ᠪᠥᠬᠥ ᠣᠷᠣᠨ᠎ᠤ 5000 ᠭᠠᠷᠤᠢ ᠱᠠᠩᠨᠠᠯᠲᠤ ᠰᠤᠭᠤᠯᠤᠭ᠎ᠠ ᠵᠢᠨ ᠲᠣᠣᠷ ᠴᠡᠭ ᠵᠢᠴᠢ ᠵᠠᠭᠤᠨ ᠲᠦᠮᠡᠨ ᠬᠥᠭᠵᠢᠶᠡᠨ᠎ᠲᠠᠢ ᠬᠡᠷᠡᠭᠯᠡᠭᠴᠢᠳ᠎ᠲᠤ ᠴᠢᠳᠠᠮᠵᠢ ᠣᠯᠭᠣᠪᠠ᠃ ᠣᠲᠣ ᠪᠣᠯᠲᠠᠯ᠎ᠠ ᠲᠣᠰ APP ᠵᠢᠨ ᠪᠠᠭᠤᠯᠭ᠋ᠠᠭᠰᠠᠨ ᠲᠤᠭ᠎ᠠ150 ᠲᠦᠮᠡᠨ ᠤᠳᠠᠭ᠎ᠠ ᠵᠢ ᠳᠠᠪᠠᠵᠤ᠂ ᠪᠥᠬᠥ ᠵᠢᠯ᠎ᠤᠨ ᠲᠠᠷᠤᠮ᠎ᠤᠨ ᠲᠤᠭ᠎ᠠ 289 ᠲᠦᠮᠡᠨ ᠤᠳᠠᠭ᠎ᠠ᠎ᠳᠤ ᠬᠦᠷᠴᠦ᠂ ᠰᠢᠨ᠎ᠡ ᠬᠡᠷᠡᠭᠯᠡᠭᠴᠢ 10 ᠲᠦᠮᠡ ᠵᠢ ᠳᠠᠪᠠᠵᠠᠢ᠃  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠱᠠᠩᠨᠠᠯᠲᠤ ᠰᠤᠭᠤᠯᠤᠭ᠎ᠠ ᠵᠢᠨ ᠲᠥᠪ᠎ᠤᠨ᠎ᠬᠢᠨ ᠲᠠᠷᠠᠭ᠋ᠠᠴᠢ᠎ᠪᠠᠷ 《ᠰᠢᠨᠵᠢᠯᠡᠬᠦ ᠮᠡᠷᠭᠡᠵᠢᠯ + ᠨᠡᠶ᠋ᠢᠲᠡ ᠵᠢᠨ ᠠᠰᠠᠷᠠᠮᠵᠢ》 ᠵᠢ ᠠᠭᠤᠰᠤᠯᠴᠠᠭᠤᠯᠬᠤ ᠪᠠᠢ᠌ᠯᠳᠤᠬᠤ ᠪᠣᠳᠣᠯᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ ᠵᠠᠭᠤᠨ ᠲᠦᠮᠡᠨ ᠬᠡᠷᠡᠭᠯᠡᠭᠴᠢ᠎ᠪᠠᠷ ᠰᠢᠨ᠎ᠡ ᠭᠠᠷᠤᠭ᠎ᠠ ᠪᠣᠯᠭ᠋ᠠᠵᠤ ᠨᠡᠢ᠌ᠭᠡᠮ᠎ᠤᠨ ᠬᠠᠷᠢᠭᠤᠴᠠᠯᠭ᠎ᠠ ᠵᠢ ᠢᠳᠡᠪᠬᠢᠲᠡᠢ ᠦᠢ᠍ᠯᠡᠳᠦᠯᠭᠡᠵᠢᠭᠦᠯᠵᠦ ᠨᠡᠶ᠋ᠢᠲᠡ ᠵᠢᠨ ᠠᠰᠠᠷᠠᠮᠵᠢ ᠵᠢᠨ ᠦᠢ᠍ᠯᠡᠰ᠎ᠤᠨ  ᠴᠢᠨᠠᠷᠯᠢᠭ ᠬᠥᠭᠵᠢᠯᠲᠡ᠎ᠳᠤ ᠬᠦᠴᠦᠨ ᠨᠡᠮᠡᠷᠢᠯᠡᠬᠦ ᠪᠤᠯᠤᠨ᠎ᠠ᠃


ᠨᠡᠢ᠌ᠭᠡᠮ᠎ᠤᠨ  ᠶᠠᠪᠤᠳᠠᠯ


    ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠠᠩᠰᠢ ᠪᠤᠯᠬᠤ ᠲᠠᠰᠢᠷᠠᠮ ᠵᠶ᠋ᠡᠷ ᠲᠦᠷᠪᠡᠨ ᠶᠡᠬᠡ ᠠᠷᠭ᠎ᠠ ᠵᠢ ᠳᠤᠷᠠᠳᠴᠤ ᠲᠠᠬᠢᠯᠭ᠎ᠠ ᠵᠢᠨ ᠠᠷᠭ᠎ᠠ ᠵᠢᠨ ᠰᠢᠨ᠎ᠡ ᠵᠢ ᠡᠭᠦᠳᠴᠦ᠂ 《ᠰᠣᠷᠭᠣᠭ ᠴᠡᠴᠡᠭ᠎ᠤᠨ ᠲᠠᠬᠢᠯᠭ᠎ᠠ》᠂ 《ᠰᠦᠯᠵᠢᠶᠡᠨ ᠲᠡᠬᠡᠷ᠎ᠡ ᠲᠠᠬᠢᠬᠤ》᠂ 《ᠳᠤᠷᠠᠰᠬᠠᠯ᠎ᠤᠨ ᠵᠠᠬᠢᠳᠠᠯ》᠂ 《ᠠᠷᠢᠭᠤᠨ ᠴᠡᠪᠡᠷ ᠲᠠᠬᠢᠯᠭ᠎ᠠ》 ᠵᠡᠷᠭᠡ ᠵᠢ ᠲᠣᠬᠢᠷᠠᠭᠤᠯᠬᠤ᠎ᠪᠠᠷ ᠳᠠᠮᠵᠢᠭᠤᠯᠵᠤ᠂ ᠤᠯᠠᠨ ᠲᠦᠮᠡᠨ᠎ᠳᠤ ᠣᠷᠴᠢᠨ ᠲᠣᠭᠣᠷᠢᠨ᠎ᠢ ᠬᠠᠮᠠᠭ᠋ᠠᠯᠠᠬᠤ᠂ ᠳᠥᠭᠥᠮ ᠳᠥᠲᠡ᠂ ᠡᠶᠡᠯᠳᠡᠭ  ᠲᠤᠳᠤᠨᠤ ᠲᠠᠬᠢᠯᠭ᠎ᠠ ᠵᠢᠨ ᠦᠢ᠍ᠯᠡᠴᠢᠯᠡᠭᠡ ᠬᠠᠩᠭ᠋ᠠᠵᠤ᠂ ᠪᠦᠬᠦ ᠨᠡᠢ᠌ᠭᠡᠮ ᠵᠶ᠋ᠡᠷ ᠵᠶ᠋ᠡᠨ ᠪᠣᠯᠪᠠᠰᠤᠨ ᠶᠣᠰᠣᠯᠠᠯ ᠵᠶ᠋ᠠᠷ ᠳᠡᠭᠡᠳᠦᠰ ᠵᠶ᠋ᠡᠨ ᠳᠤᠷᠠᠰᠤᠨ ᠰᠠᠨᠠᠭ᠋ᠠᠯᠵᠠᠬᠤ ᠲᠡᠢ᠌ᠰᠢ ᠲᠠᠭ᠋ᠠᠭᠤᠯᠤᠭ᠋ᠠᠳ ᠪᠣᠯᠪᠠᠰᠤᠨ ᠲᠠᠬᠢᠯᠭ᠎ᠠ ᠵᠢᠨ ᠣᠢ᠌ᠯᠠᠭ᠋ᠠᠭᠳᠠᠬᠤᠨ᠎ᠢ ᠬᠥᠮᠥᠰ᠎ᠤᠨ ᠰᠡᠳᠬᠢᠯ᠎ᠳᠤ  ᠬᠠᠳᠠᠡᠭᠰᠢᠭᠤᠯᠵᠤ ᠪᠠᠢ᠌ᠨ᠎ᠠ᠃
    ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠤᠯᠠᠭ᠋ᠠᠨᠴᠠᠪ ᠬᠣᠲᠠ ᠵᠢᠨ ᠣᠷᠣᠰᠢᠭᠤᠯᠭ᠎ᠠ ᠵᠢᠨ ᠭᠣᠣᠯᠳᠠᠯᠭ᠎ᠠ᠎ᠲᠠᠢ ᠲᠠᠯᠠᠪᠤᠷ᠂ ᠵᠠᠩᠭᠢᠯᠠᠭ᠎ᠠ ᠵᠢᠨ ᠦᠢ᠍ᠯᠡᠴᠢᠯᠡᠭᠡᠨ᠎ᠤ ᠭᠣᠭᠴᠣᠭ᠎ᠠ᠂ ᠴᠢᠬᠤᠯᠠ ᠲᠣᠨᠣᠭ ᠲᠥᠬᠦᠭᠡᠷᠦᠮᠵᠢ ᠵᠢᠨ ᠬᠡᠷᠡᠭᠰᠡᠯ᠎ᠢ ᠪᠥᠬᠥ ᠲᠠᠯ᠎ᠠ᠎ᠪᠠᠷ ᠪᠠᠢ᠌ᠴᠠᠭ᠋ᠠᠪᠠ᠃ ᠤᠯᠠᠭ᠋ᠠᠨᠴᠠᠪ ᠬᠣᠲᠠ ᠵᠢᠨ ᠣᠷᠣᠰᠢᠭᠤᠯᠭ᠎ᠠ ᠵᠢᠨ ᠭᠠᠵᠠᠷ᠂  ᠬᠠᠭᠤᠴᠢᠨ ᠬᠦᠷᠢᠶᠡᠯᠡᠩ᠎ᠤᠨ᠎ᠬᠢᠨ᠎ᠢ ᠵᠢᠯᠣᠭᠣᠳᠤᠨ ᠠᠮᠤᠷ ᠲᠦᠪᠰᠢᠨ᠎ᠤ ᠲᠠᠬᠢᠯᠭ᠎ᠠ ᠵᠢᠨ ᠦᠢ᠍ᠯᠡᠴᠢᠯᠡᠭᠡᠨ᠎ᠤ ᠪᠠᠴᠢᠮ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠲᠡᠭᠦᠯᠳᠡᠷᠵᠢᠭᠦᠯᠵᠦ᠂ ᠪᠠᠴᠢᠮ᠎ᠢ  ᠠᠷᠭ᠋ᠠᠴᠠᠭ᠋ᠠᠬᠤ ᠰᠣᠷᠢᠯᠲᠠ ᠦᠷᠨᠢᠬᠦᠯᠪᠡ᠃ 《ᠭᠤᠷᠪᠠ ᠵᠢ ᠲᠥᠪᠯᠡᠷᠡᠭᠦᠯᠬᠦ》 ᠠᠵᠢᠯᠯᠠᠭ᠎ᠠ ᠵᠢ ᠵᠡᠷᠬᠡ ᠥᠷᠨᠢᠭᠦᠯᠵᠦ᠂ ᠨᠡᠶ᠋ᠢᠲᠡ ᠵᠢᠨ ᠣᠩᠭᠣᠨ᠎ᠤ  ᠲᠦᠬᠦᠬᠡᠷᠤᠮᠵᠢ ᠵᠢᠨ ᠳᠠᠯᠳᠠ ᠬᠡᠮ᠎ᠢ  ᠴᠡᠭᠴᠡᠯᠡᠬᠡᠳ ᠣᠷᠴᠢᠨ ᠲᠣᠭᠣᠷᠢᠨ᠎ᠢ ᠴᠡᠪᠡᠷᠯᠡᠨ᠂ ᠣᠩᠭᠣᠨ᠎ᠤ ᠣᠷᠣᠨ᠎ᠤ ᠠᠰᠠᠭᠤᠳᠠᠯ᠎ᠢ ᠴᠡᠭᠴᠡᠯᠡᠪᠡ᠃ ᠪᠠᠰᠨ ᠦᠢ᠍ᠯᠡᠴᠢᠯᠡᠭᠡᠨ᠎ᠤ ᠰᠢᠨ᠎ᠡ ᠠᠷᠭ᠎ᠠ ᠵᠢ ᠡᠭᠦᠳᠴᠦ᠂ ᠰᠣᠷᠭᠣᠭ ᠴᠡᠴᠡᠭ ᠵᠶ᠋ᠡᠷ ᠴᠠᠭ᠋ᠠᠰᠤᠨ ᠵᠣᠭᠣᠰ ᠰᠣᠯᠢᠬᠤ᠂ 《ᠣᠷᠣᠯᠠᠨ  ᠲᠠᠬᠢᠬᠤ》᠂ ᠰᠦᠯᠵᠢᠶ᠎ᠡ᠎ᠪᠠᠷ  ᠲᠠᠬᠢᠬᠤ ᠵᠡᠷᠭᠡ ᠦᠢ᠍ᠯᠡᠴᠢᠯᠡᠭᠡ ᠬᠠᠩᠭ᠋ᠠᠵᠤ᠂ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠴᠡᠭ ᠲᠣᠬᠢᠷᠠᠭᠤᠯᠤᠨ᠂ ᠪᠠᠴᠢᠮ ᠠᠪᠤᠷᠠᠯᠳᠠ ᠵᠢᠨ ᠡᠮ ᠪᠠ ᠤᠰᠤ ᠤᠮᠳᠠ ᠲᠣᠬᠢᠷᠠᠭᠤᠯᠵᠤ᠂ ᠬᠠᠩᠰᠢ ᠵᠢᠨ ᠲᠠᠬᠢᠯᠭ᠎ᠠ᠎ᠳᠤ ᠲᠤᠳᠤᠨᠤ ᠦᠢ᠍ᠯᠡᠴᠢᠯᠡᠬᠡ ᠬᠠᠡᠭᠭ᠋ᠠᠯ᠎ᠠ᠃


    ᠨᠠᠰᠤᠵᠢᠯ᠎ᠤᠨ ᠦᠢ᠍ᠯᠡᠴᠢᠯᠡᠭᠡ


   ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠭᠡᠷ ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠭᠡᠷ᠎ᠲᠤ᠎ᠪᠠᠨ  ᠰᠠᠭᠤᠭ᠎ᠠ ᠨᠠᠰᠤᠲᠠᠢ᠌ᠴᠤᠳ᠎ᠤᠨ ᠭᠡᠷ᠎ᠲᠤ᠎ᠨᠢ ᠬᠦᠷᠴᠦ ᠦᠢ᠍ᠯᠡᠴᠢᠯᠡᠬᠦ᠂ ᠨᠠᠰᠤᠵᠢᠯᠲᠠ᠎ᠳᠤ ᠲᠣᠬᠢᠷᠠᠬᠤ ᠥᠭᠡᠷᠡᠴᠢᠯᠡᠯᠲᠡ᠂ ᠨᠠᠰᠤᠵᠢᠯ᠎ᠤᠨ ᠣᠶᠤᠨᠴᠢ ᠦᠢ᠍ᠯᠡᠴᠢᠯᠡᠭᠡ᠂ ᠨᠠᠰᠤᠲᠠᠢ᠌ᠴᠤᠳ᠎ᠤᠨ ᠴᠢᠳᠠᠪᠤᠷᠢ ᠵᠢ ᠦᠨᠡᠯᠡᠬᠦ ᠵᠡᠷᠭᠡ ᠦᠢ᠍ᠯᠡᠴᠢᠯᠡᠭᠡ ᠵᠢ ᠡᠩ᠎ᠤᠨ ᠨᠠᠰᠤᠲᠠᠢ᠌ᠴᠤᠳ᠎ᠤᠨ ᠭᠡᠷ ᠪᠦᠯᠢ᠎ᠳᠤ ᠲᠦᠬᠡᠮᠡᠯᠵᠢᠬᠦᠯᠵᠤ ᠪᠠᠢ᠌ᠨ᠎ᠠ᠃ ᠪᠥᠬᠥ ᠬᠣᠲᠠ ᠵᠢᠨ ᠬᠡᠪᠴᠢᠶᠡᠨ᠎ᠳᠤ 15 ᠤᠬᠢᠶᠠᠯᠭ᠎ᠠ ᠵᠢᠨ ᠭᠠᠵᠠᠷ᠂ 179 ᠦᠰᠦ ᠵᠠᠰᠠᠬᠤ ᠭᠠᠵᠠᠷ ᠭᠠᠷᠭ᠋ᠠᠵᠤ᠂ ᠨᠠᠰᠤᠲᠠᠢ᠌ᠴᠤᠳ᠎ᠢ ᠬᠠᠪᠰᠤᠷᠤᠨ ᠬᠡᠵᠢᠬᠡ ᠦᠰᠦ ᠵᠠᠰᠠᠬᠤ᠂ ᠤᠬᠢᠶᠠᠯᠭ᠎ᠠ ᠵᠢᠨ ᠠᠵᠢᠯ᠎ᠤᠨ ᠪᠠᠢ᠌ᠩᠭᠤ ᠵᠢᠨ ᠪᠥᠭᠡᠳ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠣᠶ ᠪᠤᠯᠭ᠋ᠠᠬᠰᠠᠨ᠎ᠤ᠎ᠤ ᠵᠡᠷᠭᠡ᠎ᠪᠠᠷ ᠶᠠᠪᠤᠵᠤ ᠰᠠᠭᠤᠬᠤ᠎ᠳᠤ ᠳᠥᠭᠥᠮ ᠦᠭᠡᠢ ᠦᠳᠡᠬᠦᠰ ᠪᠠ ᠴᠢᠳᠠᠯ ᠲᠡᠩᠬᠡᠭᠡ᠎ᠪᠠᠨ ᠠᠯᠳᠠᠭᠰᠠᠨ ᠨᠠᠰᠤᠲᠠᠢ᠌ᠴᠤᠳ᠎ᠲᠤ  ᠬᠡᠵᠢᠬᠡ ᠦᠰᠦ ᠵᠠᠰᠠᠬᠤ ᠦᠢ᠍ᠯᠡᠴᠢᠯᠡᠭᠡ ᠬᠠᠩᠭ᠋ᠠᠵᠤ᠂ ᠨᠠᠰᠤᠲᠠᠢ᠌ᠴᠤᠳ᠎ᠲᠤ ᠭᠡᠷ᠎ᠠᠴᠠ᠎ᠪᠠᠨ ᠭᠠᠷᠬᠤ ᠦᠭᠡᠢ᠎ᠪᠠᠷ ᠲᠥᠬᠥᠮ ᠦᠢ᠍ᠯᠡᠴᠢᠯᠡᠬᠡ ᠬᠠᠡᠭᠭ᠋ᠠᠪᠠ᠃ ᠣᠳᠣᠬᠠᠨ ᠪᠣᠯᠲᠠᠯ᠎ᠠ ᠤᠬᠢᠶᠠᠯᠭ᠎ᠠ᠎ᠳᠤ ᠲᠤᠰᠠᠯᠠᠬᠤ ᠬᠠᠯᠠᠮᠵᠢ ᠵᠢᠨ ᠦᠢ᠍ᠯᠡᠴᠢᠯᠡᠭᠡ ᠵᠢ1360 ᠤᠳᠠᠭ᠎ᠠ ᠥᠷᠨᠢᠭᠦᠯᠵᠦ᠂ ᠨᠠᠰᠤᠲᠠᠢ᠌ᠴᠤᠳ᠎ᠤᠨ ᠬᠡᠵᠢᠬᠡ ᠦᠰᠦ ᠵᠠᠰᠠᠬᠤ ᠦᠢ᠍ᠯᠡᠴᠢᠯᠡᠭᠡ ᠵᠢ 4727 ᠤᠳᠠᠭ᠎ᠠ ᠥᠷᠨᠢᠭᠦᠯᠵᠦ᠂ ᠡᠯ᠎ᠡ ᠲᠥᠷᠥᠯ᠎ᠤᠨ ᠨᠠᠰᠤᠲᠠᠢ᠌ᠴᠤᠳ᠎ᠢ 2500 ᠭᠠᠷᠤᠢ ᠤᠳᠠᠭ᠎ᠠ ᠰᠤᠷᠪᠤᠯᠵᠢᠯᠠᠵᠤ᠂ ᠡᠯ᠎ᠡ ᠲᠥᠷᠥᠯ᠎ᠤᠨ ᠬᠠᠨᠳᠢᠪᠯᠡᠭ᠍ᠰᠠᠨ ᠡᠳ᠋ ᠪᠣᠳᠠᠰ᠎ᠢ 597.6 ᠲᠦᠮᠡᠨ ᠲᠥᠭᠥᠷᠢᠭ ᠲᠠᠷᠬᠠᠭ᠋ᠠᠪᠠ᠃


ᠬᠡᠦᠬᠡᠳ᠎ᠤᠨ ᠠᠰᠠᠷᠠᠮᠵᠢ


    ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ 《ᠡᠭᠦᠳᠡ᠎ᠪᠠᠨ ᠨᠡᠭᠡᠭᠡᠵᠦ ᠬᠦᠷᠢᠶᠡᠯᠡᠡᠭ ᠡᠷᠭᠢᠯᠡᠬᠦ》 ᠥᠭᠡᠷᠡᠴᠢᠯᠡᠯᠲᠡ ᠵᠢ ᠠᠬᠢᠭᠤᠯᠤᠨ᠂ ᠰᠢᠯᠢ ᠵᠢᠨ ᠭᠣᠣᠯ ᠠᠢ᠌ᠮᠠᠭ᠎ᠤᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠡᠷᠡᠭᠦᠯᠵᠢᠯ᠎ᠤᠨ ᠲᠥᠪ᠎ᠢ ᠪᠠᠢ᠌ᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠣᠷᠣᠭᠤᠯᠤᠨ ᠥᠨᠥᠴᠢᠷᠡᠮᠡᠯ ᠬᠡᠮ᠎ᠲᠠᠢ ᠬᠡᠦᠬᠡᠳ᠎ᠲᠤ ᠡᠷᠡᠬᠦᠯᠵᠢᠬᠦᠯᠬᠦ ᠦᠢ᠍ᠯᠡᠴᠢᠯᠡᠭᠡ  ᠬᠠᠡᠭᠭ᠋ᠠᠬᠰᠠᠨ᠎ᠤ ᠬᠠᠮᠳᠤ ᠦᠢ᠍ᠯᠡᠴᠢᠯᠡᠭᠡ ᠬᠤᠳᠠᠯᠳᠤᠨ  ᠠᠪᠴᠤ ᠦᠭᠭᠦ ᠠᠷᠭ᠎ᠠ᠎ᠪᠠᠷ ᠨᠡᠢ᠌ᠭᠡᠮ᠎ᠤᠨ ᠬᠦᠴᠦᠨ᠎ᠢ ᠲᠠᠢ᠌ᠴᠢᠯᠠᠵᠤ ᠪᠠᠢ᠌ᠭ᠋ᠠᠳ ᠬᠡᠦᠬᠡᠳ᠎ᠢ  ᠬᠠᠯᠠᠮᠵᠢᠯᠠᠬᠤ ᠦᠢ᠍ᠯᠡᠴᠢᠯᠡᠭᠡ᠎ᠳᠤ  ᠤᠷᠤᠯᠴᠠᠭᠤᠯᠤᠬᠰᠠᠨ ᠪᠠᠢ᠌ᠨ᠎ᠠ᠃ ᠦᠨᠤ ᠵᠢᠯ᠎ᠤᠨ ᠲᠦᠷᠤᠬᠦᠤ ᠤᠯᠠᠷᠢᠯ᠎ᠤᠨ ᠡᠴᠦᠰ ᠪᠣᠯᠲᠠᠯ᠎ᠠ᠂ 《ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠡᠷᠬᠢᠮᠯᠡᠬᠦ᠂ ᠠᠮᠤᠷ ᠲᠦᠪᠰᠢᠨ᠎ᠤ ᠮᠡᠳᠡᠯᠭᠡ ᠵᠢ ᠡᠷᠬᠢᠮᠯᠡᠬᠦ᠂  ᠬᠠᠯᠠᠮᠵᠢᠯᠠᠬᠤ ᠦᠢ᠍ᠯᠡᠴᠢᠯᠡᠭᠡ ᠬᠦᠷᠭᠡᠬᠦ》 ᠵᠡᠷᠭᠡ ᠡᠯ᠎ᠡ ᠲᠥᠷᠥᠯ᠎ᠤᠨ ᠠᠵᠢᠯᠯᠠᠭ᠎ᠠ ᠵᠢ 61 ᠤᠳᠠᠭ᠎ᠠ ᠦᠷᠨᠢᠬᠦᠯᠤᠬᠡᠳ᠂ 1800 ᠭᠠᠷᠤᠢ ᠤᠳᠠᠭ᠎ᠠ᠎ᠳᠤ ᠠᠰᠢᠭ ᠬᠦᠷᠲᠡᠭᠡᠪᠡ᠃





 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.27
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.28
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.29
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.30
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.6
 
            