ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.28
ᠨᠡᠶᠢᠲᠡᠯᠡᠭᠰᠡᠨ ᠴᠠᠭ᠄ 2025-04-28

ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ


       ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠪᠤᠭᠤᠲᠤ ᠬᠣᠲᠠ ᠵᠢᠨ ᠴᠢᠩᠱ᠌ᠠᠨ ᠲᠣᠭᠣᠷᠢᠭ᠎ᠤᠨ 《ᠯᠧᠢ ᠹᠧᠩ》 ᠲᠡᠷᠭᠡᠨ᠎ᠤ ᠠᠩᠭᠢ ᠵᠢᠨ ᠰᠠᠢ᠌ᠨ  ᠲᠤᠷᠠᠴᠤᠤᠯ᠎ᠤᠨ᠎ᠬᠢᠨ᠎ᠤ ᠨᠡᠢ᠌ᠭᠡᠮᠯᠢᠭ᠎ᠢ ᠵᠢᠯᠣᠭᠣᠳᠤᠨ 《1234 + ᠬᠥᠨᠳᠡᠯᠡᠨ ᠭᠤᠯᠳᠤ ᠬᠠᠷᠢᠯᠴᠠᠨ ᠬᠠᠪᠰᠤᠷᠤᠯᠴᠠᠬᠤ》 ᠣᠨᠴᠠᠯᠢᠭᠲᠤ ᠠᠵᠢᠯ᠎ᠤᠨ ᠵᠠᠭᠪᠤᠷ᠎ᠢ ᠪᠠᠢ᠌ᠭᠤᠯᠵᠤ᠂ ᠰᠢᠨ᠎ᠡ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠰᠤᠷᠤᠯᠴᠠᠨ ᠦᠢ᠍ᠯᠡᠳᠦᠯᠭᠡᠵᠢᠭᠦᠯᠬᠦ ᠠᠵᠢᠯᠯᠠᠭ᠎ᠠ ᠵᠢ ᠬᠦᠨᠵᠡᠬᠡᠢ᠌ᠷᠡᠬᠦᠯᠦᠭᠰᠡᠨ᠎ᠤ ᠬᠠᠮᠳᠤ ᠴᠢᠩᠱ᠌ᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠬᠣᠲᠠ ᠵᠢᠨ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠤᠨ᠎ᠬᠢᠨ᠎ᠲᠠᠢ ᠬᠣᠯᠪᠤᠭ᠋ᠠᠯᠠᠨ 《ᠯᠧᠢ ᠹᠧᠩ》 ᠲᠡᠷᠭᠡᠨ᠎ᠤ ᠠᠩᠭᠢ ᠵᠢᠨ ᠲᠡᠷᠭᠡ ᠬᠥᠰᠬᠡ᠎ᠳᠤ AED (ᠪᠡᠶ᠎ᠡ ᠵᠢᠨ ᠭᠠᠳᠠᠨᠠᠬᠢ ᠴᠡᠴᠡᠷᠬᠢᠯᠡᠯ᠎ᠢ ᠠᠷᠢᠯᠭ᠋ᠠᠬᠤ ᠠᠦ᠋ᠲ᠋ᠣ᠋ ᠮᠠᠰᠢᠨ) ᠵᠡᠷᠭᠡ ᠲᠤᠰᠬᠠᠢ ᠠᠪᠤᠷᠠᠯᠳᠠ ᠵᠢᠨ ᠲᠥᠬᠦᠭᠡᠷᠦᠮᠵᠢ ᠲᠣᠬᠢᠷᠠᠭᠤᠯᠵᠤ᠂ ᠲᠡᠷᠭᠡᠨ᠎ᠤ ᠠᠩᠭᠢ ᠵᠢ ᠪᠥᠬᠥ ᠬᠣᠲᠠ ᠵᠢ ᠬᠠᠮᠤᠷᠤᠭᠰᠠᠨ 《ᠨᠡᠭᠦᠳᠡᠯ ᠠᠪᠤᠷᠠᠯᠳᠠ ᠵᠢᠨ ᠥᠷᠲᠡᠭᠡ》 ᠪᠣᠯᠭ᠋ᠠᠨ ᠪᠠᠢ᠌ᠭᠤᠯᠵᠤ ᠬᠣᠲᠠ ᠵᠢᠨ ᠠᠷᠠᠳ᠎ᠲᠤ ᠠᠮᠢ ᠨᠠᠰᠤᠨ᠎ᠤ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠬᠠᠯᠬᠠᠪᠴᠢ ᠨᠡᠮᠡᠷᠢᠯᠡᠪᠡ᠃


ᠨᠠᠰᠤᠵᠢᠯ᠎ᠤᠨ ᠦᠢ᠍ᠯᠡᠴᠢᠯᠡᠭᠡ


     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠨᠠᠷᠠᠲᠤ ᠲᠡᠮᠳᠡᠭ ᠵᠶ᠋ᠡᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠵᠦ᠂ ᠪᠥᠬᠥ ᠬᠣᠲᠠ ᠵᠢᠨ 《ᠤᠯᠠᠭ᠋ᠠᠨᠴᠠᠪ᠎ᠤᠨ ᠠᠮᠤᠷᠵᠢᠭᠤᠯᠤᠨ ᠠᠰᠠᠷᠠᠬᠤ》 ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠨᠠᠷᠠᠲᠤ ᠲᠡᠮᠳᠡᠭ᠎ᠤᠨ ᠲᠡᠮᠳᠡᠭ᠎ᠢ ᠨᠢᠭᠡᠳᠬᠡᠵᠦ᠂ ᠤᠬᠠᠭᠤᠯᠤᠨ ᠳᠡᠯᠭᠡᠷᠡᠭᠦᠯᠬᠦ ᠡᠷᠴᠢᠮ ᠵᠶ᠋ᠡᠨ ᠴᠢᠩᠭ᠋ᠠᠷᠠᠭᠤᠯᠬᠤ᠎ᠪᠠᠷ ᠳᠠᠮᠵᠢᠭᠤᠯᠤᠨ᠂ ᠨᠡᠢ᠌ᠭᠡᠮ᠎ᠤᠨ ᠡᠬᠢ ᠪᠠᠶᠠᠯᠢᠭ᠎ᠢ ᠲᠡᠳᠡᠨ ᠭᠡᠷ ᠪᠦᠯᠢ ᠵᠢᠨ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ᠎ᠳᠤ ᠤᠷᠤᠯᠴᠠᠭᠤᠯᠤᠬᠰᠠᠨ᠎ᠤ ᠬᠠᠮᠲᠤ ᠲᠣᠰ ᠭᠠᠵᠠᠷ ᠣᠷᠣᠨ᠎ᠤ᠎ᠪᠠᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠤ ᠠᠬᠤᠢ᠌ᠯᠠᠯ᠎ᠢ ᠬᠦᠴᠦᠯᠡᠨ ᠪᠣᠢ᠌ᠵᠢᠭᠤᠯᠵᠤ᠂     ᠤᠯᠠᠭ᠋ᠠᠨᠴᠠᠪ ᠰᠠᠢ᠌ᠬᠠᠨ》᠂ 《ᠵᠢᠨᠢᠩ᠎ᠤᠨ᠎ᠬᠢᠨ᠎ᠤ ᠲᠦᠬᠡᠮᠡᠯ ᠬᠠᠢ᠌ᠷ᠎ᠠ》᠂ 《ᠬᠤᠸᠠᠳ᠋ᠸ ᠵᠢᠨ ᠯᠢᠶᠠᠨ ᠳ᠋ᠸ》  ᠵᠡᠷᠭᠡ  ᠨᠥᠯᠥᠭᠡᠯᠡᠬᠦ ᠬᠡᠪᠴᠢᠶ᠎ᠡ ᠥᠷᠭᠡᠨ᠂ ᠳᠠᠢ᠌ᠴᠢᠯᠠᠬᠤ ᠬᠦᠴᠦᠨ ᠴᠢᠩᠭ᠎ᠠ ᠠᠵᠤ ᠠᠬᠤᠢ᠌ᠯᠠᠯ ᠴᠣᠯᠭᠣᠷᠠᠨ ᠭᠠᠷᠪᠠ᠃ ᠠᠵᠤ ᠠᠬᠤᠢ᠌ᠯᠠᠯ᠎ᠢ ᠵᠢᠯᠤᠭᠣᠳᠬᠤ᠎ᠪᠠᠷ ᠳᠠᠮᠵᠢᠭᠤᠯᠤᠨ ᠪᠠᠢ᠌ᠭᠤᠯᠤᠮᠵᠢ ᠵᠢᠨ ᠲᠤᠰᠬᠠᠢ ᠮᠡᠷᠭᠡᠵᠢᠯ᠎ᠤᠨ ᠦᠢ᠍ᠯᠡᠴᠢᠯᠡᠭᠡ ᠵᠢ ᠨᠡᠢ᠌ᠭᠡᠮ ᠲᠣᠭᠣᠷᠢᠭ ᠪᠠ ᠭᠡᠷ ᠪᠦᠯᠢ ᠲᠡᠢ᠌ᠰᠢ ᠥᠷᠭᠡᠳᠬᠡᠵᠦ᠂ ᠣᠯᠠᠨ ᠲᠠᠰ ᠳᠠᠪᠬᠤᠷᠭ᠎ᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠢ᠎ᠢ ᠦᠷᠭᠦᠯᠵᠢᠯᠡᠨ ᠲᠡᠭᠦᠯᠳᠡᠷᠵᠢᠭᠦᠯᠵᠦ ᠤᠯᠠᠭ᠋ᠠᠨᠴᠠᠪ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠤᠰᠬᠠᠢ᠌ᠵᠢᠯᠲᠠ᠂ ᠨᠡᠢ᠌ᠭᠡᠮᠴᠢᠯᠡᠯᠲᠡ ᠵᠢᠨ ᠲᠦᠪᠰᠢᠨ᠎ᠢ ᠲᠡᠭᠡᠭᠰᠢᠯᠡᠬᠦᠯᠦᠭᠰᠡᠨ ᠪᠠᠢ᠌ᠨ᠎ᠠ᠃
     ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ᠎ᠤᠨ᠎ᠬᠢᠨ᠎ᠲᠠᠢ ᠬᠠᠮᠲᠤᠷᠠᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠳᠤᠭᠤᠢ᠌ᠯᠠᠩ ᠪᠠᠢ᠌ᠭᠤᠯᠵᠤ᠂ ᠠᠯᠠᠱ᠌ᠠ ᠵᠡᠭᠦᠨ ᠬᠣᠰᠢᠭᠤᠨ᠎ᠤ 2 ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ ᠢᠯᠡᠵᠢᠬᠦᠯᠬᠦ》 ᠬᠠᠮᠲᠤᠷᠠᠭᠰᠠᠨ ᠪᠠᠢ᠌ᠴᠠᠭ᠋ᠠᠯᠲᠠ ᠥᠷᠨᠢᠭᠦᠯᠪᠡ᠃ ᠢᠯᠡᠷᠡᠭᠦᠯᠦᠭᠰᠡᠨ ᠠᠮᠤᠷ ᠲᠦᠪᠰᠢᠨ᠎ᠤ ᠬᠠᠮᠢᠶᠠᠷᠤᠯᠲᠠ᠂ ᠲᠥᠬᠦᠭᠡᠷᠦᠮᠵᠢ ᠵᠢᠨ ᠵᠢᠷᠤᠮᠵᠢᠯ ᠵᠡᠷᠭᠡ ᠠᠰᠠᠭᠤᠳᠠᠯ᠎ᠳᠤ ᠴᠢᠭᠯᠡᠭᠦᠯᠦᠨ᠂ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠲᠤᠬᠠᠢ ᠵᠢᠨ ᠲᠠᠯᠠᠪᠤᠷ᠎ᠲᠤ ᠴᠡᠭᠴᠡᠯᠡᠬᠦ ᠲᠤᠬᠠᠢ ᠲᠤᠰᠬᠠᠢ ᠮᠡᠷᠭᠡᠵᠢᠯ᠎ᠤᠨ ᠰᠠᠨᠠᠯ ᠪᠠ ᠲᠥᠰᠥᠯ᠎ᠢ ᠳᠤᠷᠠᠳᠤᠨ ᠪᠠᠢ᠌ᠭᠤᠯᠤᠮᠵᠢ ᠵᠢ  ᠠᠶᠤᠯ ᠦᠬᠡᠢ ᠦᠢ᠍ᠯᠡᠳᠪᠦᠷᠢᠯᠡᠯ᠎ᠤᠨ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠵᠤ ᠵᠠᠰᠠᠬᠤ ᠲᠣᠭᠲᠠᠴᠠ ᠵᠢ ᠲᠡᠭᠦᠯᠳᠡᠷᠵᠢᠭᠦᠯᠦᠨ᠂ ᠲᠡᠨᠳᠡ ᠰᠠᠭᠤᠭ᠎ᠠ ᠨᠠᠰᠤᠲᠠᠢ᠌ᠴᠤᠳ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃


  ᠨᠢᠬᠦᠯᠡᠰᠤᠡᠭᠭᠦᠢ ᠵᠢᠨ ᠦᠢ᠍ᠯᠡᠰ


    ᠬᠥᠯᠥᠨ ᠪᠣᠶ᠋ᠢᠷ ᠬᠣᠲᠠ ᠵᠢᠨ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠲᠥᠪ᠎ᠤᠨ᠎ᠬᠢᠨ ᠤᠷᠴᠢᠮ᠎ᠳᠤ ᠬᠦᠯᠤᠨ ᠪᠤᠢ᠌ᠷ   ᠬᠣᠲᠠ ᠵᠢᠨ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ  ᠪᠣᠷᠣᠯᠠᠭᠤᠯᠬᠤ ᠥᠷᠲᠡᠭᠡ ᠵᠢᠨ ᠠᠶᠤᠯ ᠦᠬᠡᠢ ᠦᠢ᠍ᠯᠡᠳᠪᠦᠷᠢᠯᠡᠯ᠎ᠤᠨ ᠲᠤᠰᠬᠠᠢ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠥᠬᠥ ᠬᠣᠲᠠ ᠵᠢᠨ 352 ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠪᠣᠷᠣᠯᠠᠭᠤᠯᠬᠤ ᠥᠷᠲᠡᠭᠡ ᠵᠢ ᠬᠠᠮᠤᠷᠪᠠ᠃ ᠭᠠᠯ ᠤᠨᠲᠠᠷᠠᠭ᠋ᠠᠭᠤᠷ᠎ᠤᠨ ᠲᠣᠬᠢᠷᠠᠭᠤᠯᠤᠯᠲᠠ ᠪᠠ ᠣᠨ᠎ᠤ ᠪᠠᠢ᠌ᠴᠠᠭ᠋ᠠᠯᠲᠠ ᠵᠢᠨ ᠪᠠᠢ᠌ᠳᠠᠯ᠂ 《ᠭᠤᠷᠪᠠ ᠦᠭᠡᠢ》 ᠴᠠᠬᠢᠯᠭ᠋ᠠᠨ ᠬᠡᠷᠡᠭᠰᠡᠯ᠎ᠤᠨ ᠬᠡᠷᠡᠭᠯᠡᠯᠲᠡ᠂ ᠤᠲᠠᠰᠤ ᠲᠠᠯᠪᠢᠬᠤ ᠵᠢᠷᠤᠮᠵᠢᠯ᠂ ᠴᠠᠬᠢᠯᠭ᠋ᠠᠨ ᠬᠡᠯᠬᠢᠶ᠎ᠡ ᠵᠢᠨ ᠬᠠᠭᠤᠴᠢᠷᠠᠯ ᠪᠠ ᠨᠣᠴᠣᠮᠠᠲᠠᠭ᠋ᠠᠢ ᠪᠣᠳᠠᠰ᠎ᠤᠨ ᠬᠠᠮᠢᠶᠠᠷᠤᠯᠲᠠ ᠵᠡᠷᠭᠡ ᠠᠮᠤᠷ ᠲᠦᠪᠰᠢᠨ᠎ᠤ ᠬᠡᠮ ᠰᠣᠭᠣᠭ᠎ᠢ ᠭᠣᠣᠯᠳᠠᠯᠭ᠎ᠠ᠎ᠲᠠᠢ ᠪᠠᠢ᠌ᠴᠠᠭ᠋ᠠᠭ᠋ᠠᠳ ᠢᠯᠡᠷᠡᠭᠦᠯᠦᠭᠰᠡᠨ ᠠᠰᠠᠭᠤᠳᠠᠯ᠎ᠢ ᠲᠤᠬᠠᠢ ᠵᠢᠨ ᠲᠠᠯᠠᠪᠤᠷ᠎ᠲᠤ ᠥᠷᠲᠡᠭᠡ ᠴᠡᠭ᠎ᠢ ᠵᠠᠷᠯᠢᠭᠳᠠᠨ ᠳᠠᠷᠤᠢ᠌ᠬᠠᠨ  ᠴᠡᠭᠴᠡᠯᠡᠬᠦᠯᠵᠤ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠡᠬᠢ ᠡᠭᠦᠰᠦᠯ᠎ᠠᠴᠠ᠎ᠨᠢ ᠪᠠᠲᠤ ᠪᠡᠬᠢ ᠪᠠᠢ᠌ᠭᠤᠯᠵᠤ᠂ ᠠᠰᠠᠷᠠᠮᠵᠢ ᠵᠢᠨ ᠱᠠᠡᠭᠨᠠᠯᠳᠤ ᠰᠤᠭᠤᠯᠤᠭ᠎ᠠ ᠵᠢᠨ ᠪᠣᠷᠤᠯᠠᠭᠤᠯᠭ᠎ᠠ ᠵᠢᠨ ᠠᠵᠢᠯ᠎ᠤᠨ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠢ᠌ᠬᠤ ᠵᠢ ᠦᠨᠡᠨ ᠬᠦ᠌ ᠪᠠᠳᠤᠯᠠᠯ᠎ᠠ᠃


ᠣᠷᠣᠨ᠎ᠤ ᠭᠠᠳᠠᠨᠠᠬᠢ ᠮᠡᠳᠡᠭᠡ ᠵᠠᠩᠭᠢ


      ᠲᠢᠶᠠᠨᠵᠢᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠂ ᠲᠢᠶᠠᠨᠵᠢᠨ ᠬᠣᠲᠠ ᠵᠢᠨ ᠬᠥᠭᠵᠢᠭᠦᠯᠦᠯᠲᠡ ᠥᠭᠡᠷᠡᠴᠢᠯᠡᠯᠲᠡ ᠵᠢᠨ ᠬᠣᠷᠢᠶ᠎ᠠ᠂ ᠲᠢᠶᠠᠨᠵᠢᠨ ᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠤᠷᠴᠢᠮ᠎ᠳᠤ ᠬᠠᠮᠲᠤᠷᠠᠨ 《ᠲᠢᠶᠠᠨᠵᠢᠨ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠤᠷᠢᠳᠴᠢᠯᠠᠨ ᠰᠦᠢ᠍ᠳᠬᠡᠯ ᠬᠤᠷᠢᠶᠠᠬᠤ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ᠃ ᠠᠷᠭ᠎ᠠ᠎ᠳᠤ᠄ 《ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠤᠷᠢᠳᠴᠢᠯᠠᠨ ᠬᠤᠷᠢᠶᠠᠬᠤ ᠰᠦᠢ᠍ᠳᠬᠡᠯ᠎ᠳᠤ ᠭᠣᠣᠯᠳᠠᠭᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠦᠢ᠍ᠳᠬᠡᠯ᠂ ᠪᠡᠷᠢᠴᠠᠭ᠋ᠠᠨ᠎ᠤ ᠮᠥᠩᠭᠥ ᠪᠠ ᠭᠡᠰᠢᠭᠦᠨ᠎ᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠲᠣᠰ ᠰᠠᠷ᠎ᠠ᠎ᠳᠤ ᠰᠦᠢ᠍ᠳᠬᠡᠯ ᠬᠤᠷᠢᠶᠠᠬᠤ ᠠᠷᠭ᠎ᠠ᠎ᠪᠠᠷ ᠨᠠᠰᠤᠲᠠᠢ᠌ᠴᠤᠳ᠎ᠲᠤ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ᠎ᠠ᠃ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠦᠢ᠍ᠳᠬᠡᠯ᠎ᠢ ᠤᠷᠢᠳᠴᠢᠯᠠᠨ ᠬᠤᠷᠢᠶᠠᠬᠤ᠎ᠳᠤ᠎ᠪᠠᠨ ᠠᠯᠪᠠᠳᠠᠯᠭ᠎ᠠ᠎ᠪᠠᠷ ᠬᠤᠷᠢᠶᠠᠵᠤ ᠪᠣᠯᠬᠤ ᠦᠭᠡᠢ᠂ ᠶᠡᠷᠦᠩᠬᠡᠢ ᠲᠣᠭ᠎ᠠ ᠵᠢ ᠲᠣᠭᠲᠠᠮᠠᠯ ᠬᠥᠷᠥᠩᠭᠡ ᠵᠢᠨ ᠴᠡᠪᠡᠷ ᠲᠣᠭ᠎ᠠ᠎ᠠᠴᠠ ᠬᠡᠲᠦᠷᠡᠭᠦᠯᠵᠦ ᠪᠣᠯᠬᠤ ᠦᠭᠡᠢ᠂ ᠤᠷᠢᠳᠴᠢᠯᠠᠨ ᠬᠤᠷᠢᠶᠠᠬᠤ ᠦᠶᠡᠯᠡᠯ᠎ᠤᠨ ᠬᠤᠭᠤᠴᠠᠭ᠎ᠠ ᠵᠢ ᠬᠠᠮᠤᠭ ᠣᠷᠳᠣ᠎ᠳᠤ᠎ᠪᠠᠨ 5 ᠰᠠᠷ᠎ᠠ᠎ᠠᠴᠠ ᠬᠡᠲᠦᠷᠡᠭᠦᠯᠵᠦ ᠪᠣᠯᠬᠤ ᠦᠭᠡᠢ᠃ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠭᠠᠭᠴᠠ ᠨᠠᠰᠤᠲᠠᠨ᠎ᠠᠴᠠ ᠬᠤᠷᠢᠶᠠᠬᠤ ᠪᠡᠷᠢᠴᠠᠭ᠋ᠠᠨ᠎ᠤ ᠮᠥᠩᠭᠥ᠎ᠨᠢ ᠬᠠᠮᠤᠭ ᠠᠷᠪᠢᠨ᠎ᠳᠤ᠎ᠪᠠᠨ ᠲᠣᠰ ᠨᠠᠰᠤᠲᠠᠨ᠎ᠤ ᠰᠠᠷ᠎ᠠ ᠪᠦᠷᠢ ᠵᠢᠨ ᠣᠷᠣ ᠵᠢᠨ ᠵᠠᠷᠤᠳᠠᠯ᠎ᠤᠨ 12 ᠳᠠᠬᠢᠨ᠎ᠠᠴᠠ ᠬᠡᠲᠦᠷᠡᠵᠦ ᠪᠣᠯᠬᠤ ᠦᠭᠡᠢ ᠮᠥᠷᠲᠡᠭᠡᠨ 2 ᠲᠦᠮᠡᠨ ᠲᠥᠭᠥᠷᠢᠭ᠎ᠠᠴᠠ ᠬᠡᠲᠦᠷᠡᠵᠦ ᠪᠣᠯᠬᠤ ᠦᠭᠡᠢ》 ᠭᠡᠵᠤ ᠲᠤᠬᠳᠠᠭ᠋ᠠᠬᠰᠠᠨ ᠪᠠᠢ᠌ᠨ᠎ᠠ᠃


 


   


 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.29
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.30
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.6
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.7
ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠪᠠ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠨᠠᠮ᠎ᠤᠨ ᠡᠭᠦᠷ᠎ᠤᠨ᠎ᠬᠢᠨ 《ᠪᠢᠷ ᠪᠡᠬᠡᠰ ᠵᠶ᠋ᠡᠷ ᠤᠮᠠᠷᠠᠲᠤ ᠬᠢᠯᠢ ᠵᠢ ᠮᠠᠭᠲᠠᠨ ᠳᠠᠭᠤᠯᠠᠶ᠎ᠠ》 ᠭᠡᠬᠦ ᠭᠣᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ᠎ᠤᠨ ᠦᠵᠡᠭᠦᠯᠦᠯᠭᠡ ᠵᠢ ᠲᠣᠭᠣᠷᠢᠨ ᠦᠵᠡᠪᠡ
 
            