ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.27
ᠨᠡᠶᠢᠲᠡᠯᠡᠭᠰᠡᠨ ᠴᠠᠭ᠄ 2025-04-28

ᠠᠷᠠᠳ᠎ᠤᠨ ᠶᠠᠪᠤᠳᠠᠯ᠎ᠤᠨ ᠶᠠᠮᠤᠨ


    ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ 《ᠨᠠᠰᠤᠵᠢᠯ᠎ᠤᠨ ᠠᠰᠠᠷᠠᠮᠵᠢ ᠵᠢᠨ APP ᠵᠢᠨ ᠮᠡᠬᠡᠯᠡᠯ᠎ᠳᠤ ᠬᠣᠯᠪᠣᠭᠳᠠᠭᠰᠠᠨ ᠲᠤᠬᠠᠢ ᠰᠠᠨᠠᠭᠤᠯᠤᠮᠵᠢ》 ᠵᠢ ᠨᠡᠢ᠌ᠲᠡᠯᠡᠵᠦ᠂ ᠠᠷᠠᠳ᠎ᠤᠨ ᠶᠠᠪᠤᠳᠠᠯ᠎ᠤᠨ ᠶᠠᠮᠤᠨ 《ᠨᠢᠭᠡ ᠰᠤᠳᠠᠯ ᠵᠶ᠋ᠠᠷ ᠨᠠᠰᠤᠵᠢᠯ᠎ᠤᠨ ᠠᠰᠠᠷᠠᠮᠵᠢ ᠬᠦᠷᠲᠡᠭᠡᠬᠦ》 《ᠠᠷᠠᠳ᠎ᠲᠤ ᠠᠰᠢᠭ ᠬᠦᠷᠲᠡᠭᠡᠬᠦ ᠢᠨᠵᠧᠨᠧᠷᠢᠩ》᠎ᠤᠨ ᠵᠦᠢ᠍ᠯᠡᠰ᠎ᠢ ᠶᠡᠷᠦ᠎ᠠᠴᠠ ᠭᠠᠷᠭ᠋ᠠᠭᠰᠠᠨ ᠦᠭᠡᠢ ᠪᠤᠶᠤ ᠪᠠᠶ᠋ᠢᠭᠤᠯᠬᠤ ᠵᠢ ᠵᠥᠪᠰᠢᠶᠡᠷᠡᠭᠰᠡᠨ ᠦᠭᠡᠢ᠂ ᠶᠠᠮᠠᠷ ᠴᠤ᠌ ᠠᠳᠠᠯᠢᠪᠲᠤᠷ ᠦᠢ᠍ᠯᠡᠳᠬᠦᠨ ᠪᠤᠶᠤ ᠵᠥᠭᠡᠯᠡᠨ ᠲᠣᠨᠣᠭ ᠭᠠᠷᠭ᠋ᠠᠭᠰᠠᠨ ᠦᠭᠡᠢ ᠬᠡᠰᠡᠨ ᠪᠦᠬᠡᠳ ᠥᠷᠭᠡᠨ ᠲᠦᠮᠡᠨ᠎ᠢ ᠰᠣᠨᠣᠷ ᠰᠡᠷᠡᠮᠵᠢ᠎ᠪᠠᠨ ᠳᠡᠭᠡᠭᠰᠢᠯᠡᠭᠦᠯᠵᠦ ᠢᠷᠡᠯᠲᠡ᠎ᠨᠢ ᠲᠣᠳᠣᠷᠬᠠᠢ ᠦᠭᠡᠢ ᠮᠡᠳᠡᠭᠡ ᠵᠠᠩᠭᠢ ᠪᠠ ᠦᠨᠡᠨ ᠪᠣᠳᠠᠲᠠᠢ ᠪᠤᠰᠤ ᠤᠬᠠᠭᠤᠯᠭ᠎ᠠ ᠵᠢ ᠠᠮᠠᠷᠬᠠᠨ ᠢᠲᠡᠭᠡᠵᠦ ᠪᠣᠯᠬᠤ ᠦᠭᠡᠢ᠂ ᠮᠡᠬᠡᠯᠡᠭᠳᠡᠬᠦ᠎ᠠᠴᠠ ᠵᠠᠢ᠌ᠯᠠᠰᠬᠢᠬᠦ ᠬᠡᠷᠡᠭᠲᠡᠢ᠃ ᠨᠢᠭᠡᠨᠲᠡ ᠣᠷᠣᠯᠴᠠᠭᠰᠠᠨ ᠪᠤᠶᠤ ᠬᠣᠬᠢᠷᠠᠯ᠎ᠳᠤ ᠤᠴᠠᠷᠠᠵᠤ ᠮᠡᠳᠡᠬᠦ ᠬᠡᠷᠡᠭᠯᠡᠭᠴᠢ ᠬᠠᠷᠢᠶ᠎ᠠ ᠭᠠᠵᠠᠷ᠎ᠤᠨ ᠵᠶ᠋ᠠᠨ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠳᠠᠷᠤᠢ ᠲᠦᠷᠭᠡᠨ ᠬᠡᠷᠡᠭ ᠮᠡᠳᠡᠭᠦᠯᠵᠦ᠂  ᠵᠠᠯᠭ᠋ᠠᠭ᠋ᠠᠳ ᠬᠣᠬᠢᠷᠠᠯ  ᠠᠮᠰᠠᠬᠤ᠎ᠠᠴᠠ ᠵᠠᠢ᠌ᠯᠠᠰᠬᠢᠬᠦ ᠵᠢ ᠰᠠᠨᠠᠭᠤᠯᠵᠤ ᠪᠠᠢ᠌ᠨ᠎ᠠ᠃ ᠰᠡᠵᠢᠭᠯᠡᠯᠲᠡᠢ ᠪᠠᠢ᠌ᠳᠠᠯ ᠲᠣᠬᠢᠶᠠᠯᠳᠤᠪᠠᠯ ᠬᠠᠮᠢᠶ᠎ᠠ ᠪᠦᠬᠦᠢ ᠰᠠᠯᠠᠭ᠎ᠠ ᠮᠥᠴᠢᠷ᠎ᠠᠴᠠ ᠲᠠᠷᠤᠢ᠎ᠳᠤ᠎ᠨᠢ ᠯᠠᠪᠯᠠᠵᠤ ᠬᠢᠨᠠᠨ ᠬᠠᠷᠭᠤᠭᠤᠯᠬᠤ ᠪᠤᠶᠤ ᠴᠠᠭᠳᠠᠭ᠎ᠠ᠎ᠳᠤ ᠮᠡᠳᠡᠭᠦᠯᠵᠦ ᠰᠢᠢ᠍ᠳᠪᠤᠷᠢᠯᠡᠬᠦᠯᠤᠬᠡᠷᠡᠢ ᠭᠡᠵᠤ ᠰᠠᠨᠠᠭᠤᠯᠵᠤ ᠪᠠᠢ᠌ᠨ᠎ᠠ᠃
     ᠤᠯᠤᠰ᠎ᠤᠨ ᠡᠮ ᠡᠮᠨᠡᠯᠭᠡ ᠵᠢᠨ ᠲᠤᠪᠴᠢᠶ᠎ᠠ᠂ ᠰᠤᠷᠭ᠋ᠠᠨ ᠬᠥᠮᠦᠵᠢᠯ᠎ᠤᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ ᠵᠡᠷᠭᠡ 7 ᠰᠠᠯᠠᠭ᠎ᠠ ᠮᠥᠴᠢᠷ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭ᠋ᠠᠵᠤ᠂ ᠣᠷᠳᠣ ᠬᠤᠭᠤᠴᠠᠭ᠋ᠠᠨ᠎ᠤ ᠠᠰᠠᠷᠠᠬ᠍ᠴᠢ ᠵᠢ ᠲᠠᠪᠳᠠᠨ ᠪᠣᠯᠪᠠᠰᠤᠷᠠᠭᠤᠯᠬᠤ ᠠᠵᠢᠯ᠎ᠢ ᠰᠠᠢ᠌ᠲᠤᠷ ᠬᠢᠬᠦ ᠲᠤᠬᠠᠢ ᠪᠠᠢ᠌ᠷᠢᠯᠠᠭᠤᠯᠵᠤ᠂ ᠣᠷᠳᠣ ᠬᠤᠭᠤᠴᠠᠭ᠋ᠠᠨ᠎ᠤ ᠠᠰᠠᠷᠠᠨ ᠰᠤᠪᠢᠯᠠᠯᠲᠠ ᠵᠢᠨ ᠲᠤᠰᠬᠠᠢ᠌ᠵᠢᠭᠰᠠᠨ᠂ ᠠᠵᠢᠯ ᠮᠡᠷᠭᠡᠵᠢᠭᠰᠡᠨ ᠬᠥᠭᠵᠢᠯᠲᠡ ᠵᠢ ᠠᠬᠢᠭᠤᠯᠪᠠ᠃ ᠮᠡᠳᠡᠭᠳᠡᠯ᠎ᠳᠤ ᠡᠯ᠎ᠡ ᠭᠠᠵᠠᠷ᠎ᠤᠨ᠎ᠬᠢᠨ ᠪᠣᠯᠪᠠᠰᠤᠷᠠᠯ᠎ᠤᠨ ᠪᠠᠢ᠌ᠭᠤᠯᠤᠮᠵᠢ ᠪᠣᠯᠣᠨ ᠲᠣᠭᠲᠠᠮᠠᠯ ᠴᠡᠭ᠎ᠤᠨ ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠣᠭᠣᠷᠣᠨᠳᠣᠬᠢ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠬᠤ ᠵᠢ ᠵᠢᠭ᠋ᠠᠨ ᠵᠢᠯᠤᠭᠣᠳᠴᠤ᠂ ᠠᠵᠢᠯᠴᠢᠨ ᠬᠡᠷᠡᠭᠯᠡᠬᠦ ᠥᠪᠡᠷᠮᠢᠴᠡ ᠠᠵᠢᠯ᠎ᠤᠨ ᠪᠠᠢ᠌ᠷᠢ ᠵᠢᠨ ᠬᠡᠷᠡᠭᠴᠡᠭᠡ᠎ᠲᠠᠢ ᠤᠶᠠᠯᠳᠤᠭᠤᠯᠤᠨ᠂ ᠵᠠᠬᠢᠶᠠᠯᠠᠭ᠎ᠠ ᠵᠢᠨ ᠪᠣᠯᠪᠠᠰᠤᠷᠠᠯ᠎ᠢ ᠥᠷᠨᠢᠭᠦᠯᠬᠦ ᠬᠡᠷᠡᠭᠲᠡᠢ᠃ ᠲᠣᠭᠲᠠᠭᠰᠠᠨ ᠴᠡᠭ᠎ᠤᠨ ᠣᠷᠳᠣ ᠬᠤᠭᠤᠴᠠᠭ᠎ᠠ᠎ᠪᠠᠷ ᠰᠤᠪᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠠᠵᠢᠯ᠎ᠤᠨ ᠪᠠᠢ᠌ᠷᠢ᠎ᠳᠤ ᠤᠷᠢᠨ ᠬᠡᠷᠡᠭᠯᠡᠬᠦ᠎ᠳᠤ᠎ᠪᠠᠨ ᠵᠣᠬᠢᠬᠤ ᠠᠵᠢᠯ ᠮᠡᠷᠭᠡᠵᠢᠯ᠎ᠤᠨ ᠴᠢᠳᠠᠪᠤᠷᠢ ᠵᠢᠨ ᠲᠠᠰ᠎ᠤᠨ ᠦᠨᠡᠮᠯᠡᠯ ᠣᠯᠣᠭᠰᠠᠨ ᠠᠵᠢᠯᠲᠠᠨ᠎ᠢ  ᠤᠷᠢᠳ ᠵᠶ᠋ᠡᠷ ᠰᠣᠩᠭᠣᠬᠤ ᠵᠢ ᠵᠣᠷᠢᠭᠵᠢᠭᠤᠯᠵᠤ᠂ ᠲᠣᠭᠲᠠᠭᠰᠠᠨ ᠴᠡᠭ᠎ᠤᠨ ᠣᠷᠳᠣ ᠬᠤᠭᠤᠴᠠᠭ᠎ᠠ᠎ᠪᠠᠷ ᠰᠤᠪᠢᠯᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠰᠤᠪᠢᠯᠠᠬᠤ ᠦᠢ᠍ᠯᠡᠴᠢᠯᠡᠭᠡᠨ᠎ᠤ ᠠᠵᠢᠯᠲᠠᠨ ᠪᠠ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ ᠵᠢᠨ ᠠᠵᠢᠯᠲᠠᠨ᠎ᠢ ᠵᠢᠯᠤᠭᠣᠳᠴᠤ ᠪᠠᠢ᠌ᠭ᠋ᠠᠳ ᠪᠥᠬᠥ ᠠᠵᠢᠯᠲᠠᠨ᠎ᠤ ᠦᠨᠡᠮᠯᠡᠯ᠎ᠲᠠᠢ ᠪᠠᠢ᠌ᠬᠤ ᠵᠢ ᠠᠯᠬᠤᠮ ᠠᠯᠬᠤᠮ ᠵᠶ᠋ᠠᠷ ᠪᠡᠶᠡᠯᠡᠬᠦᠯᠬᠦ ᠬᠡᠷᠡᠭᠳᠡᠢ ᠭᠡᠵᠤ ᠱᠠᠭ᠋ᠠᠷᠳᠠᠵᠠᠢ᠃


ᠨᠡᠢ᠌ᠭᠡᠮ᠎ᠤᠨ ᠲᠤᠰᠠᠯᠠᠮᠵᠢ


    ᠰᠢᠯᠢ ᠵᠢᠨ ᠭᠣᠣᠯ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ 《ᠪᠣᠳᠠᠰ᠎ᠤᠨ ᠪᠠᠲᠤᠯᠠᠭ᠎ᠠ + ᠲᠤᠰᠬᠠᠢ ᠦᠢ᠍ᠯᠡᠴᠢᠯᠡᠭᠡ》 ᠲᠤᠰᠠᠯᠠᠮᠵᠢ ᠵᠢᠨ ᠰᠢᠨ᠎ᠡ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠤᠯᠠᠮᠵᠢᠯᠠᠯᠲᠤ ᠲᠠᠩ ᠭᠠᠭᠴᠠ ᠪᠣᠳᠠᠰ᠎ᠤᠨ ᠲᠤᠰᠠᠯᠠᠮᠵᠢ ᠵᠢ 《ᠪᠣᠳᠠᠰ + ᠦᠢ᠍ᠯᠡᠴᠢᠯᠡᠭᠡ》 ᠬᠡᠮᠡᠬᠦ ᠬᠠᠮ ᠬᠡᠯᠪᠡᠷᠢ ᠵᠢᠨ ᠪᠠᠲᠤᠯᠠᠭ᠎ᠠ ᠲᠡᠢ᠌ᠰᠢ ᠲᠡᠰ  ᠲᠡᠪᠰᠢᠬᠦᠯᠪᠡ᠃ ᠰᠢᠯᠢᠩᠬᠣᠲᠠ ᠵᠢᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ᠎ᠢ ᠵᠢᠯᠣᠭᠣᠳᠤᠨ ᠵᠠᠰᠠᠭ᠎ᠤᠨ ᠣᠷᠳᠣᠨ᠎ᠤ ᠦᠢ᠍ᠯᠡᠴᠢᠯᠡᠭᠡ ᠬᠤᠳᠠᠯᠳᠤᠨ ᠠᠪᠴᠤ ᠦᠭᠭᠦ ᠠᠷᠭ᠎ᠠ ᠎ᠪᠠᠷ ᠣᠨᠴᠠ ᠬᠦᠴᠢᠷᠳᠡᠯᠲᠡᠢ᠎ᠠᠴᠠ ᠪᠤᠯᠤᠭ᠋ᠠᠳ ᠠᠰᠠᠷᠠᠨ ᠲᠡᠵᠢᠭᠡᠯᠭᠡᠵᠤ ᠪᠠᠢ᠌ᠭ᠎ᠠ ᠬᠦᠮᠦᠰ᠎ᠲᠤ ᠥᠪᠡᠷᠮᠢᠴᠡ ᠬᠠᠷᠠᠭ᠋ᠠᠯᠵᠠᠨ ᠰᠤᠪᠢᠯᠠᠬᠤ ᠲᠥᠰᠥᠯ ᠲᠣᠭᠲᠠᠭ᠋ᠠᠵᠤ᠂ ᠠᠮᠢᠳᠤᠷᠠᠯ᠎ᠤᠨ ᠬᠠᠷᠠᠭ᠋ᠠᠯᠵᠠᠯ᠂ ᠡᠮᠴᠢᠯᠡᠭᠡ ᠡᠷᠡᠭᠦᠯ ᠮᠡᠨᠳᠦ᠂ ᠣᠶᠤᠨ ᠰᠠᠨᠠᠭ᠋ᠠᠨ᠎ᠤ ᠲᠠᠢ᠌ᠳᠬᠤᠷᠠᠭᠤᠯᠤᠯ ᠵᠡᠷᠭᠡ ᠣᠯᠠᠨ ᠡᠰᠢᠲᠦ ᠦᠢ᠍ᠯᠡᠴᠢᠯᠡᠭᠡ ᠵᠢ ᠪᠠᠭᠲᠠᠭ᠋ᠠᠨ᠎ᠠ᠃ ᠣᠲᠣ ᠪᠣᠯᠲᠠᠯ᠎ᠠ ᠬᠡᠷ ᠲᠡᠷᠬᠡ ᠵᠢ᠎ᠨᠢ ᠴᠡᠪᠡᠷᠯᠡᠵᠤ ᠦᠭᠭᠦ ᠦᠢ᠍ᠯᠡᠴᠢᠯᠡᠬᠡ ᠵᠢ 2560 ᠤᠳᠠᠭ᠎ᠠ ᠥᠷᠨᠢᠭᠦᠯᠵᠦ᠂  ᠪᠠᠷᠠᠭ᠎ᠠ ᠬᠤᠳᠠᠯᠳᠤᠨ ᠠᠪᠤᠭᠤᠯᠬᠤ ᠨᠠᠢ᠌ᠳᠠᠯᠭ᠎ᠠ ᠵᠢ 218 ᠤᠳᠠᠭ᠎ᠠ  ᠪᠡᠶᠡᠯᠡᠬᠦᠯᠵᠤ ᠡᠷᠡᠭᠦᠯᠵᠢᠭᠦᠯᠬᠦ ᠪᠣᠯᠪᠠᠰᠤᠷᠠᠯ᠎ᠳᠤ 6 ᠤᠳᠠᠭ᠎ᠠ  ᠬᠠᠮᠵᠢᠵᠤ᠂ 2 ᠤᠳᠠᠭ᠎ᠠ ᠡᠮᠴᠢ᠎ᠳᠤ ᠪᠠᠷ᠎ᠠ ᠪᠤᠯᠤᠨ ᠬᠦᠷᠭᠡᠵᠦ᠂ 1 ᠤᠳᠠᠭ᠎ᠠ  ᠣᠷᠣᠰᠢᠭᠤᠯᠭ᠎ᠠ ᠵᠢᠨ ᠦᠢ᠍ᠯᠡᠴᠢᠯᠡᠭᠡ ᠬᠠᠡᠭᠭ᠋ᠠᠬᠰᠠᠨ ᠪᠠᠢ᠌ᠨ᠎ᠠ᠃


ᠨᠠᠰᠤᠵᠢᠯ᠎ᠤᠨ ᠦᠢ᠍ᠯᠡᠴᠢᠯᠡᠭᠡ


     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠤᠨ ᠵᠢᠯ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠪᠠᠷᠢᠮᠵᠢᠶᠠᠵᠢᠭᠤᠯᠬᠤ ᠪᠠᠢ᠌ᠭᠤᠯᠤᠯᠲᠠ ᠵᠢ ᠪᠠᠲᠤᠲᠠᠢ ᠠᠬᠢᠭᠤᠯᠵᠤ᠂ ᠬᠠᠷᠢᠶᠠᠲᠤ ᠣᠷᠣᠨ᠎ᠤ ᠬᠡᠷ᠎ᠲᠤ᠎ᠨᠢ ᠬᠦᠷᠴᠤ ᠠᠰᠠᠷᠠᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ  ᠴᠡᠭ᠎ᠢ ᠵᠢᠯᠣᠭᠣᠳᠤᠨ ᠡᠵᠡᠩᠨᠡᠯᠲᠡ ᠬᠠᠮᠢᠶᠠᠷᠤᠯᠲᠠ᠂ ᠦᠢ᠍ᠯᠡᠴᠢᠯᠡᠭᠡᠨ᠎ᠤ ᠶᠠᠪᠤᠴᠠ᠂ ᠠᠭᠤᠯᠭ᠎ᠠ ᠵᠢᠨ ᠬᠠᠩᠭ᠋ᠠᠯᠭ᠎ᠠ ᠵᠡᠷᠭᠡ ᠭᠤᠷᠪᠠᠨ ᠲᠠᠯ᠎ᠠ᠎ᠠᠴᠠ ᠵᠢᠷᠤᠮᠵᠢᠭᠤᠯᠤᠨ ᠬᠠᠮᠢᠶᠠᠷᠴᠤ᠂ ᠪᠠᠢ᠌ᠭᠤᠯᠤᠮᠵᠢ ᠵᠢᠨ ᠳᠡᠰ᠎ᠢ ᠲᠤᠬᠳᠠᠭ᠋ᠠᠬᠤ ᠪᠠ ᠪᠠᠷᠢᠮᠵᠢᠶᠠᠵᠢᠭᠤᠯᠬᠤ ᠪᠠᠢ᠌ᠭᠤᠯᠤᠯᠲᠠ ᠵᠢ ᠥᠷᠨᠢᠭᠦᠯᠵᠦ᠂ ᠡᠵᠡᠩᠨᠡᠯᠲᠡ᠎ᠨᠢ ᠵᠢᠷᠤᠮᠵᠢᠭᠰᠠᠨ᠂ ᠦᠢ᠍ᠯᠡᠴᠢᠯᠡᠭᠡ᠎ᠨᠢ ᠰᠠᠢ᠌ᠳᠠᠢ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠬᠦᠴᠦᠯᠡᠨ ᠪᠤᠢ᠌ᠵᠢᠭᠤᠯᠤᠭᠰᠠᠨ ᠪᠦᠬᠡᠳ ᠨᠠᠰᠤᠲᠠᠢ᠌ᠴᠤᠳ᠎ᠤᠨ ᠣᠯᠠᠨ ᠡᠰᠢᠲᠦ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠨᠢᠭᠡ ᠲᠥᠪ ᠨᠢᠭᠡ ᠣᠨᠴᠠᠯᠢᠭ᠎ᠲᠠᠢ》 ᠪᠦᠲᠦᠭᠡᠨ ᠪᠠᠢ᠌ᠭᠤᠯᠤᠯᠲᠠ ᠵᠢ ᠡᠭᠦᠳᠦᠨ᠂ ᠠᠳᠠᠯᠢ ᠪᠤᠰᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ (ᠥᠷᠲᠡᠭᠡ)᠎ᠳᠤ ᠵᠦᠷᠢᠶᠡᠴᠢᠯᠡᠭᠰᠡᠨ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠨᠠᠷᠢᠯᠢᠭ ᠣᠨᠣᠴᠠᠲᠠᠢ᠎ᠪᠠᠷ ᠵᠢᠷᠤᠭᠯᠠᠨ ᠲᠥᠯᠥᠪᠯᠡᠵᠦ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠎ᠠᠴᠠ ᠨᠠᠷᠢᠯᠢᠭᠵᠢᠭᠤᠯᠤᠭᠰᠠᠨ ᠦᠢ᠍ᠯᠡᠴᠢᠯᠡᠭᠡ ᠬᠦᠷᠲᠡᠯᠡᠬᠢ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠲᠡᠪᠰᠢᠬᠦᠯᠤᠬᠡᠳ ᠨᠠᠰᠤᠵᠢᠯ᠎ᠤᠨ  ᠨᠠᠰᠤᠲᠠᠢ᠌ᠴᠤᠳ᠎ᠲᠤ ᠠᠰᠠᠷᠠᠮᠵᠢ ᠵᠢᠨ ᠦᠢ᠍ᠯᠡᠴᠢᠯᠡᠭᠡᠨ᠎ᠠᠴᠠ ᠠᠰᠢᠭ ᠲᠤᠰᠨ ᠵᠢ ᠨᠡᠡᠭ ᠰᠠᠢ᠌ᠨ ᠮᠡᠳᠡᠷᠡᠬᠦᠯᠵᠤ ᠪᠠᠢ᠌ᠨ᠎ᠠ᠃


ᠬᠡᠦᠬᠡᠳ᠎ᠤᠨ ᠠᠰᠠᠷᠠᠮᠵᠢ


     ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠪᠠᠴᠢᠮ ᠎ᠢ ᠠᠷᠭ᠋ᠠᠴᠠᠭ᠋ᠠᠨ ᠬᠠᠷᠠᠭ᠋ᠠᠯᠵᠠᠬᠤ ᠬᠡᠷᠡᠭᠴᠡᠭᠡ᠎ᠳᠤ ᠴᠢᠭᠯᠡᠭᠦᠯᠦᠨ ᠪᠤᠭᠤᠳᠤ ᠬᠣᠲᠠ ᠵᠢᠨ ᠤᠯᠠᠭ᠋ᠠᠨ ᠵᠠᠭ᠋ᠠᠯᠮᠠᠶ᠋ᠢᠲᠠᠨ᠎ᠤ ᠨᠡᠢ᠌ᠭᠡᠮᠯᠢᠭ᠎ᠤᠨ ᠲᠤᠰᠬᠠᠢ ᠮᠡᠷᠭᠡᠵᠢᠯ᠎ᠤᠨ ᠪᠦᠯᠬᠦᠮ᠎ᠢ ᠤᠷᠢᠵᠤ᠂ ᠪᠤᠭᠤᠳᠤ ᠬᠣᠲᠠ ᠵᠢᠨ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠡᠮᠴᠢ᠂ ᠰᠤᠪᠢᠯᠠᠭᠴᠢ᠂ ᠠᠰᠠᠷᠠᠭᠴᠢ᠂ ᠠᠷᠤ ᠲᠠᠯ᠎ᠠ ᠵᠢᠨ ᠦᠢ᠍ᠯᠡᠴᠢᠯᠡᠭᠡᠨ ᠵᠡᠷᠭᠡ ᠡᠮᠦᠨ᠎ᠡ ᠹᠷᠣᠨᠲ᠎ᠤᠨ ᠠᠵᠢᠯᠲᠠᠨ᠎ᠳᠤ ᠵᠢᠷᠦᠬᠡ ᠠᠭᠤᠰᠬᠢᠨ᠎ᠤ ᠴᠢᠳᠠᠮᠵᠢ ᠵᠢ ᠰᠡᠷᠭᠦᠭᠡᠬᠦ᠂ ᠪᠠᠢ᠌ᠩᠭᠤ ᠲᠣᠬᠢᠶᠠᠯᠳᠤᠬᠤ ᠲᠦᠷᠭᠡᠨ ᠡᠪᠡᠳᠴᠢᠨ᠎ᠢ ᠰᠢᠢ᠍ᠳᠪᠦᠷᠢᠯᠡᠬᠦ ᠵᠡᠷᠭᠡ ᠪᠣᠯᠪᠠᠰᠤᠷᠠᠯ ᠥᠷᠨᠢᠭᠦᠯᠪᠡ᠃ ᠪᠣᠯᠪᠠᠰᠤᠷᠠᠯ᠎ᠳᠤ 《ᠣᠨᠣᠯ᠎ᠤᠨ ᠲᠠᠢ᠌ᠯᠤᠮᠵᠢ + ᠪᠣᠳᠠᠲᠤ ᠰᠣᠷᠢᠯᠲᠠ》 ᠵᠢᠨ ᠬᠡᠯᠪᠡᠷᠢ᠎ᠪᠠᠷ ᠪᠠᠴᠢᠮ ᠠᠪᠤᠷᠠᠯᠳᠠ ᠵᠢᠨ ᠣᠨᠣᠯ᠎ᠤᠨ ᠮᠡᠳᠡᠯᠭᠡ ᠵᠢ ᠭᠣᠣᠯᠳᠠᠯᠭ᠎ᠠ᠎ᠲᠠᠢ ᠵᠢᠭ᠋ᠠᠪᠠ


  

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.28
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.29
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.30
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.6
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 5.7
 
            