ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.1
ᠨᠡᠶᠢᠲᠡᠯᠡᠭᠰᠡᠨ ᠴᠠᠭ᠄ 2025-04-02

ᠴᠢᠬᠤᠯᠠ ᠮᠡᠳᠡᠭᠡ

   

    《ᠪᠥᠸᠧ ᠡᠤᠤ》 ᠠᠽᠢᠶ᠎ᠠ ᠲᠢᠪ᠎ᠤᠨ ᠶᠠᠷᠢᠶᠠᠨ᠎ᠤ ᠲᠠᠪᠴᠠᠩ᠎ᠤᠨ 2025 ᠣᠨ᠎ᠤ ᠣᠨ᠎ᠤ ᠬᠤᠷᠠᠯ᠎ᠤᠨ ᠨᠠᠰᠤᠲᠠᠢ᠌ᠴᠤᠳ᠎ᠤᠨ ᠵᠥᠪᠯᠡᠬᠦ ᠰᠡᠳᠦᠪ᠎ᠤᠨ ᠬᠤᠪᠢᠶᠠᠷᠢ ᠶᠠᠷᠢᠶᠠᠨ᠎ᠤ ᠲᠠᠪᠴᠠᠩ ᠤᠷᠴᠢᠮ᠎ᠳᠤ ᠬᠠᠢ᠌ᠨᠠᠨ᠎ᠤ ᠡᠬᠢᠯᠡᠪᠡ᠃ 《ᠪᠥᠸᠧ ᠡᠤᠤ》 ᠶᠠᠷᠢᠶᠠᠨ᠎ᠤ ᠲᠠᠪᠴᠠᠩ᠎ᠨᠢ 《ᠣᠷᠣᠨ ᠪᠦᠰᠡ ᠵᠢᠨ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠬᠥᠮᠥᠨ ᠠᠮᠠ ᠵᠢᠨ ᠨᠠᠰᠤᠵᠢᠯᠲᠠ ᠵᠢ ᠭᠠᠷ ᠬᠣᠯᠪᠣᠨ ᠢᠳᠡᠪᠬᠢᠲᠡᠢ ᠠᠷᠭ᠋ᠠᠴᠠᠭ᠋ᠠᠬᠤ》᠎ᠪᠠᠷ ᠭᠣᠣᠯ ᠰᠡᠳᠦᠪ ᠪᠣᠯᠭ᠋ᠠᠵᠤ᠂ ᠳᠤᠮᠳᠠᠳᠤ ᠤᠯᠤᠰ᠎ᠤᠨ ᠨᠠᠰᠤᠵᠢᠯ᠎ᠤᠨ ᠨᠡᠢ᠌ᠭᠡᠮᠯᠢᠭ᠂ 《ᠪᠥᠸᠧ ᠡᠤᠤ》 ᠠᠽᠢᠶ᠎ᠠ ᠲᠢᠪ᠎ᠤᠨ ᠶᠠᠷᠢᠶᠠᠨ᠎ᠤ ᠲᠠᠪᠴᠠᠩ᠎ᠤᠨ᠎ᠬᠢᠨ ᠬᠠᠮᠳᠤ᠎ᠪᠠᠷ ᠭᠣᠣᠯᠯᠠᠨ ᠡᠷᠭᠢᠯᠡᠪᠡ᠃ ᠠᠷᠠᠳ᠎ᠤᠨ ᠶᠠᠪᠤᠳᠠᠯ᠎ᠤᠨ ᠶᠠᠮᠤᠨ᠎ᠤ ᠰᠠᠢ᠌ᠳ ᠯᠦ᠍ ᡁᠢ ᠶᠤᠸᠠᠨ᠂ 《ᠪᠥᠸᠧ ᠡᠤᠤ》 ᠠᠽᠢᠶ᠎ᠠ ᠲᠢᠪ᠎ᠤᠨ ᠶᠠᠷᠢᠶᠠᠨ᠎ᠤ ᠲᠠᠪᠴᠠᠩ᠎ᠤᠨ ᠬᠡᠷᠡᠭ ᠡᠷᠬᠢᠯᠡᠭᠴᠢᠳ᠎ᠤᠨ ᠳᠠᠷᠤᠭ᠎ᠠ ᠫᠠᠨ ᠵᠢᠢ ᠸᠸᠨ᠂ ᠬᠠᠢ᠌ᠨᠠᠨ ᠮᠤᠵᠢ ᠵᠢᠨ ᠳᠡᠳ᠋ ᠳᠠᠷᠤᠭ᠎ᠠ ᠯᠢ ᠹᠧᠩ᠂ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ ᠬᠥᠮᠥᠨ ᠠᠮᠠ ᠵᠢᠨ ᠰᠠᠭᠤᠷᠢ ᠮᠥᠩᠭᠥ ᠵᠢᠨ ᠠᠽᠢᠶ᠎ᠠ ᠲᠢᠪ ᠨᠣᠮᠣᠬᠠᠨ ᠲᠡᠯᠡᠶ ᠵᠢᠨ ᠣᠷᠣᠨ᠎ᠤ ᠡᠷᠬᠢᠯᠡᠭᠴᠢ ᠫᠢᠦ᠋ · ᠰᠮᠢᠽ ᠶᠠᠷᠢᠶᠠᠨ᠎ᠤ ᠲᠠᠪᠴᠠᠩ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠢ᠃ ᠳᠤᠮᠳᠠᠳᠤ ᠤᠯᠤᠰ᠎ᠤᠨ ᠥᠲᠡᠭᠦᠰ᠎ᠤᠨ ᠨᠡᠢ᠌ᠭᠡᠮᠯᠢᠭ᠎ᠤᠨ ᠳᠠᠷᠤᠭ᠎ᠠ ᠯᠢᠦ ᠵᠧᠨ ᠭᠦᠸᠧ ᠶᠠᠷᠢᠶᠠᠨ᠎ᠤ ᠲᠠᠪᠴᠠᠩ᠎ᠢ ᠡᠷᠭᠢᠯᠡᠪᠡ᠃


ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ


  ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠤᠷᠴᠢᠮ᠎ᠳᠤ ᠬᠠᠮᠲᠤᠷᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠰᠢ ᠵᠢᠨ ᠪᠣᠯᠪᠠᠰᠤᠨ᠎ᠤ ᠲᠠᠬᠢᠯᠭ᠎ᠠ ᠵᠢᠨ ᠰᠠᠨᠠᠭ᠋ᠠᠴᠢᠯᠠᠭ᠎ᠠ ᠵᠢᠨ ᠪᠢᠴᠢᠭ》᠎ᠢ ᠨᠡᠢ᠌ᠲᠡᠯᠡᠵᠦ᠄ 《ᠪᠣᠬᠢᠷᠲᠤᠯ ᠦᠭᠡᠢ ᠣᠷᠣᠰᠢᠭᠤᠯᠭ᠎ᠠ ᠵᠢ ᠰᠠᠨᠠᠭ᠋ᠠᠴᠢᠯᠠᠨ ᠬᠡᠷᠡᠭᠵᠢᠭᠦᠯᠵᠦ᠂ ᠪᠣᠯᠪᠠᠰᠤᠨ᠎ᠤ ᠲᠠᠬᠢᠯᠭ᠎ᠠ ᠵᠢ  ᠬᠡᠷᠡᠭᠵᠢᠬᠦᠯᠤᠶ᠎ᠡ᠂ ᠤᠯᠠᠮᠵᠢᠯᠠᠯᠲᠤ ᠰᠤᠷᠲᠠᠯ᠎ᠢ ᠪᠠᠳᠠᠷᠠᠭᠤᠯᠵᠤ᠂ ᠪᠣᠯᠪᠠᠰᠤᠨ ᠰᠢᠨ᠎ᠡ ᠰᠤᠷᠲᠠᠯ᠎ᠢ  ᠦᠢ᠍ᠯᠡᠳᠤᠯᠬᠡᠵᠢᠬᠦᠯᠤᠶ᠎ᠡ᠂ ᠤᠶᠤᠨ ᠰᠠᠨᠠᠭ᠋ᠠᠨ᠎ᠤ ᠬᠦᠴᠦᠨ᠎ᠢ ᠨᠢᠭᠲᠠᠷᠠᠭᠤᠯᠵᠤ᠂ ᠰᠣᠶᠣᠯ᠎ᠤᠨ ᠢᠲᠡᠭᠡᠯ᠎ᠢ  ᠬᠠᠮᠳᠤ᠎ᠪᠠᠷ ᠴᠤᠬ᠍ᠴᠠᠯᠠᠶ᠎ᠠ᠃ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠬᠠᠡᠭᠰᠢ ᠵᠢ ᠬᠠᠮᠳᠤ᠎ᠪᠠᠷ ᠠᠮᠤᠷ ᠠᠮᠤᠭᠤᠯᠠᠩ ᠦᠡᠭᠭᠡᠷᠡᠬᠦᠯᠤᠶ᠎ᠡ᠃ ᠨᠠᠮ᠎ᠤᠨ ᠭᠡᠰᠢᠭᠦᠨ ᠺᠠᠳ᠋ᠷ ᠪᠡᠶ᠎ᠡ᠎ᠪᠠᠷ ᠵᠶ᠋ᠡᠨ ᠲᠡᠷᠢᠭᠦᠯᠡᠵᠦ᠂ ᠪᠣᠯᠪᠠᠰᠤᠨ ᠬᠡᠪ ᠰᠤᠷᠲᠠᠯ᠎ᠳᠤ ᠲᠠᠭ᠋ᠠᠭᠤᠯᠤᠶ᠎ᠠ》 ᠭᠡᠵᠤ ᠰᠠᠨᠠᠭ᠋ᠠᠴᠢᠯᠠᠪᠠ᠃


ᠨᠡᠢ᠌ᠭᠡᠮ᠎ᠤᠨ ᠶᠠᠪᠤᠳᠠᠯ


    ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠣᠯᠣᠨ ᠪᠤᠭᠤᠳᠤ ᠬᠣᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ᠎ᠬᠢᠨ ᠬᠠᠮᠲᠤᠷᠠᠨ ᠣᠷᠣᠰᠢᠭᠤᠯᠭ᠎ᠠ ᠵᠢᠨ ᠬᠦᠷᠢᠶᠡᠨ᠎ᠤ 《ᠬᠣᠶᠠᠷ᠎ᠢ ᠲᠣᠬᠢᠶᠠᠯᠳᠤᠯ ᠵᠶ᠋ᠠᠷ ᠬᠢᠬᠦ᠂ ᠨᠢᠭᠡ ᠵᠢ  ᠢᠯᠡᠵᠢᠬᠦᠯᠬᠦ》 ᠬᠠᠮᠲᠤᠷᠠᠭᠰᠠᠨ ᠪᠠᠢ᠌ᠴᠠᠭ᠋ᠠᠯᠲᠠ ᠵᠢ ᠥᠷᠨᠢᠭᠦᠯᠵᠦ᠂ ᠣᠷᠣᠰᠢᠭᠤᠯᠭ᠎ᠠ ᠵᠢᠨ ᠬᠡᠷᠡᠭᠰᠡᠯ᠎ᠤᠨ ᠦᠢ᠍ᠯᠡᠴᠢᠯᠡᠭᠡᠨ᠎ᠤ  ᠬᠤᠳᠠᠯᠳᠤᠭ᠋ᠠᠴᠢᠳ ᠦᠨ᠎ᠡ ᠬᠠᠩᠰᠢ ᠵᠢ ᠢᠯᠡ ᠲᠡᠮᠳᠡᠭᠯᠡᠭᠰᠡᠨ ᠦᠭᠡᠢ᠂ ᠦᠨᠡᠮᠯᠡᠯ ᠦᠭᠡᠢ᠎ᠪᠠᠷ ᠡᠵᠡᠩᠨᠡᠭᠰᠡᠨ᠂ ᠨᠡᠢ᠌ᠯᠡᠭᠦᠯᠦᠨ ᠪᠣᠷᠣᠯᠠᠭᠤᠯᠤᠭᠰᠠᠨ᠂ ᠬᠡᠪᠴᠢᠶ᠎ᠡ᠎ᠠᠴᠠ ᠬᠡᠲᠦᠷᠡᠭᠦᠯᠦᠨ ᠡᠵᠡᠩᠨᠡᠭᠰᠡᠨ ᠪᠠ ᠮᠤᠬᠤᠷ ᠪᠢᠰᠢᠷᠡᠯ᠎ᠤᠨ ᠣᠷᠣᠰᠢᠭᠤᠯᠭ᠎ᠠ ᠵᠢᠨ ᠬᠡᠷᠡᠭᠰᠡᠯ᠎ᠢ ᠪᠣᠷᠣᠯᠠᠭᠤᠯᠤᠭᠰᠠᠨ ᠵᠡᠷᠭᠡ ᠦᠢᠯᠡ ᠠᠵᠢᠯᠯᠠᠭ᠎ᠠ᠎ᠳᠤ ᠭᠣᠣᠯᠳᠠᠯᠭ᠎ᠠ᠎ᠲᠠᠢ ᠪᠠᠢ᠌ᠴᠠᠭ᠋ᠠᠵᠤ᠂ ᠣᠷᠣᠰᠢᠭᠤᠯᠭ᠎ᠠ ᠵᠢᠨ ᠬᠦᠷᠢᠶ᠎ᠡ ᠴᠠᠷᠠᠭ᠎ᠠ᠎ᠳᠤ᠎ᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠤᠬᠰᠠᠨ᠎ᠤ ᠬᠠᠮᠲᠤ ᠬᠠᠤᠯᠢ ᠬᠡᠷᠡᠭᠵᠢᠬᠦᠯᠦᠭᠰᠡᠳ 《ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠳᠦᠷᠢᠮ》 《ᠦᠨ᠎ᠡ ᠬᠠᠩᠰᠢ ᠵᠢᠨ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠤᠬᠠᠢ ᠵᠢᠨ ᠲᠠᠯᠠᠪᠤᠷ᠎ᠤᠨ  ᠲᠠᠢ᠌ᠯᠪᠤᠷᠢᠯᠠᠬᠰᠠᠨ ᠪᠦᠬᠡᠳ ᠪᠤᠭᠤᠲᠤ ᠬᠣᠲᠠ ᠵᠢᠨ ᠣᠷᠣᠰᠢᠭᠤᠯᠭ᠎ᠠ ᠵᠢᠨ ᠲᠥᠷᠥ ᠵᠢᠨ ᠪᠣᠳᠣᠯᠭ᠎ᠠ ᠵᠢᠨ 《ᠪᠦᠬᠦᠨ᠎ᠳᠤ ᠲᠣᠬᠢᠷᠠᠬᠤ ᠺᠠᠷᠲ》᠎ᠢ ᠲᠠᠷᠬᠠᠭ᠋ᠠᠵᠤ᠂ ᠪᠣᠬᠢᠷᠲᠤᠯ ᠦᠭᠡᠢ ᠣᠷᠣᠰᠢᠭᠤᠯᠭ᠎ᠠ ᠵᠢᠨ ᠰᠢᠨ᠎ᠡ ᠬᠡᠪ ᠰᠤᠷᠲᠠᠯ᠎ᠢ ᠤᠬᠠᠭᠤᠯᠤᠨ ᠰᠠᠨᠠᠭ᠋ᠠᠴᠢᠯᠠᠪᠠ᠃
   ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠠᠩᠰᠢ ᠵᠢᠨ ᠲᠠᠬᠢᠯᠭ᠎ᠠ ᠵᠢᠨ ᠦᠢ᠍ᠯᠡᠴᠢᠯᠡᠭᠡ ᠪᠠᠲᠤᠯᠠᠭ᠎ᠠ ᠵᠢᠨ ᠸᠢᠳᠢᠤ᠋ ᠬᠤᠷᠠᠯ ᠬᠤᠷᠠᠯᠳᠤᠭᠤᠯᠵᠤ᠂ ᠠᠯᠠᠱᠨ ᠠᠢ᠌ᠮᠠᠭ᠎ᠤᠨ ᠬᠠᠩᠰᠢ ᠵᠢᠨ ᠲᠠᠬᠢᠯᠭ᠎ᠠ ᠵᠢᠨ ᠦᠢ᠍ᠯᠡᠴᠢᠯᠡᠭᠡ ᠪᠠᠲᠤᠯᠠᠭ᠎ᠠ ᠵᠢᠨ ᠠᠵᠢᠯ᠎ᠢ ᠪᠠᠢ᠌ᠷᠢᠯᠠᠭᠤᠯᠪᠠ᠃ ᠬᠤᠷᠠᠯ ᠲᠡᠬᠡᠷ᠎ᠡ᠄ 《ᠠᠢ᠌ᠮᠠᠭ ᠬᠣᠰᠢᠭᠤ ᠬᠣᠯᠪᠤᠭ᠋ᠠᠯᠠᠨ ᠬᠥᠳᠡᠯᠦᠯᠴᠡᠬᠦ᠂ ᠬᠥᠨᠳᠡᠯᠡᠨ ᠵᠶ᠋ᠡᠷ ᠬᠠᠮᠵᠢᠯᠴᠠᠬᠤ᠂ ᠦᠢ᠍ᠯᠡᠴᠢᠯᠡᠭᠡᠨ᠎ᠤ  ᠪᠠᠳᠤᠯᠠᠭ᠎ᠠ ᠵᠢᠨ ᠠᠵᠢᠯ᠎ᠢ ᠰᠢᠯᠢᠳᠡᠭᠵᠢᠭᠦᠯᠬᠦ ᠵᠢ ᠴᠢᠩᠭ᠋ᠠᠳᠬᠠᠵᠤ᠂ ᠤᠷᠢᠶ᠎ᠠ ᠯᠣᠽᠦ᠋ᠩ ᠨᠠᠭ᠋ᠠᠬᠤ᠂  ᠦᠵᠡᠬᠦᠯᠤᠯᠬᠡ ᠵᠢᠨ ᠰᠠᠮᠪᠠᠷ᠎ᠠ ᠪᠠᠢ᠌ᠷᠢᠯᠠᠭᠤᠯᠬᠤ᠂ ᠮᠠᠲ᠋ᠧᠷᠢᠶᠠᠯ ᠲᠠᠷᠬᠠᠭ᠋ᠠᠬᠤ᠂ ᠰᠣᠷᠭᠣᠭ ᠴᠡᠴᠡᠭ ᠵᠶ᠋ᠡᠷ ᠴᠠᠭ᠋ᠠᠰᠤᠨ ᠵᠣᠭᠣᠰ ᠰᠣᠯᠢᠬᠤ ᠵᠡᠷᠭᠡ ᠠᠷᠭ᠎ᠠ᠎ᠪᠠᠷ ᠤᠯᠠᠨ ᠲᠦᠮᠡᠨ᠎ᠢ ᠵᠢᠯᠤᠭᠣᠳᠴᠤ ᠪᠠᠢ᠌ᠭ᠋ᠠᠳ ᠪᠣᠯᠪᠠᠰᠤᠨ ᠵᠶ᠋ᠠᠷ ᠠᠷᠪᠢᠯᠠᠨ ᠭᠠᠮᠨᠠᠵᠤ ᠲᠠᠬᠢᠯᠭ᠎ᠠ ᠦᠢ᠍ᠯᠡᠳᠬᠦ᠂ ᠭᠠᠵᠠᠷ᠎ᠢ ᠠᠷᠪᠢᠯᠠᠵᠤ ᠠᠮᠢ ᠠᠬᠤᠢ᠌ᠯᠢᠭ ᠣᠷᠣᠰᠢᠭᠤᠯᠭ᠎ᠠ᠂ ᠨᠡᠬᠦᠷᠡᠰᠤᠳᠦ᠋ᠷᠦᠭᠴᠢ  ᠪᠠᠭ᠎ᠠ ᠭᠠᠳᠠᠬᠰᠢᠯᠠᠭᠤᠯᠬᠤ ᠳᠠᠬᠢᠯᠭ᠎ᠠ ᠵᠢ ᠬᠢᠵᠦ᠂ ᠣᠷᠣᠰᠢᠭᠤᠯᠭ᠎ᠠ ᠵᠢᠨ ᠵᠠᠡᠭᠰᠢᠯ᠎ᠢ ᠥᠭᠡᠷᠡᠴᠢᠯᠡᠬᠦ ᠠᠵᠢᠯ᠎ᠢ ᠢᠳᠡᠪᠬᠢᠲᠡᠢ ᠠᠬᠢᠭᠤᠯᠬᠤ ᠬᠡᠷᠡᠭᠲᠡᠢ》 ᠭᠡᠵᠦ ᠱᠠᠭ᠋ᠠᠷᠳᠠᠪᠠ᠃


ᠨᠠᠰᠤᠵᠢᠯ᠎ᠤᠨ ᠦᠢ᠍ᠯᠡᠴᠢᠯᠡᠭᠡ


     ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 2024 ᠣᠨ᠎ᠠᠴᠠ ᠣᠲᠣ ᠪᠣᠯᠲᠠᠯ᠎ᠠ ᠳᠥᠷᠪᠡᠳ ᠬᠣᠰᠢᠭᠤᠨ᠎ᠤ ᠪᠥᠬᠥ ᠤᠯᠤᠰ᠎ᠤᠨ ᠰᠢᠶᠠᠨ᠎ᠤ ᠬᠡᠪᠴᠢᠶᠡᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠰᠢᠰᠲᠸᠮ᠎ᠤᠨ ᠰᠢᠨ᠎ᠡ ᠵᠢ ᠡᠭᠦᠳᠬᠦ ᠲᠤᠷᠰᠢᠯᠲᠠ ᠵᠢᠨ ᠴᠡᠭ᠎ᠤᠨ ᠪᠦᠲᠦᠭᠡᠨ ᠪᠠᠢ᠌ᠭᠤᠯᠤᠯᠲᠠ᠎ᠪᠠᠷ ᠲᠣᠬᠢᠶᠠᠯ ᠪᠣᠯᠭ᠋ᠠᠵᠤ᠂ 《ᠭᠡᠷ ᠪᠦᠯᠢ᠎ᠪᠠᠷ ᠰᠠᠭᠤᠷᠢ ᠪᠣᠯᠭ᠋ᠠᠭᠰᠠᠨ᠂ ᠨᠡᠢ᠌ᠭᠡᠮ ᠲᠣᠭᠣᠷᠢᠭ ᠵᠶ᠋ᠠᠷ ᠲᠦᠰᠢᠭ ᠪᠣᠯᠭ᠋ᠠᠭᠰᠠᠨ᠂ ᠪᠠᠢ᠌ᠭᠤᠯᠤᠮᠵᠢ᠎ᠪᠠᠷ ᠲᠤᠯᠭ᠋ᠠᠭᠤᠷᠢᠯᠠᠯ ᠪᠣᠯᠭ᠋ᠠᠭᠰᠠᠨ᠂ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ》 ᠣᠯᠠᠨ ᠲᠠᠰ ᠳᠠᠪᠬᠤᠷᠭ᠎ᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ  ᠰᠢᠰᠲᠸᠮ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ ᠬᠢᠯᠢ ᠬᠢᠵᠠᠭ᠋ᠠᠷ᠎ᠤᠨ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠴᠢᠷ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠪᠡ᠃ 《ᠪᠤᠭᠤᠷᠤᠯᠴᠤᠳ᠎ᠤᠨ ᠰᠤᠷᠭ᠋ᠠᠭᠤᠯᠢ》 ᠵᠢ  ᠪᠠᠢ᠌ᠭᠤᠯᠤᠨ ᠪᠠᠬᠰᠢ ᠵᠠᠯᠠᠵᠤ ᠭᠠᠷ ᠤᠷᠠᠯᠠᠯ᠎ᠤᠨ ᠵᠢᠭ᠋ᠠᠨ ᠰᠤᠷᠭ᠋ᠠᠯᠲᠠ ᠵᠢ ᠦᠷᠨᠢᠬᠦᠯᠤᠬᠡᠳ ᠰᠣᠶᠣᠯ᠎ᠤᠨ ᠴᠢᠳᠠᠪᠤᠷᠢ᠎ᠪᠠᠷ ᠳᠠᠮᠵᠢᠭᠤᠯᠤᠨ ᠨᠠᠰᠤᠲᠠᠢ᠌ᠴᠤᠳ᠎ᠤᠨ ᠠᠮᠢᠳᠤᠷᠠᠯ᠎ᠤᠨ ᠴᠢᠨᠰᠠᠭ᠎ᠠ ᠵᠢ ᠲᠡᠭᠡᠭᠰᠢᠯᠡᠬᠦᠯᠦᠭᠰᠡᠨ᠎ᠤ ᠬᠠᠮᠲᠤ᠂ ᠤᠯᠠᠭ᠋ᠠᠨᠮᠥ᠋ᠴᠢᠷ᠂ ᠲᠥᠷᠥ ᠵᠢᠨ ᠪᠣᠳᠣᠯᠭ᠎ᠠ ᠵᠢᠨ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ᠎ᠬᠢᠨ᠎ᠲᠠᠢ ᠬᠣᠯᠪᠤᠭ᠋ᠠᠯᠠᠨ 《ᠰᠣᠶᠣᠯ + ᠲᠥᠷᠥ ᠵᠢᠨ ᠪᠣᠳᠣᠯᠭ᠎ᠠ》 ᠵᠢ ᠬᠥᠳᠡᠭᠡ ᠪᠠᠭᠤᠯᠭ᠋ᠠᠬᠤ ᠦᠢ᠍ᠯᠡᠴᠢᠯᠡᠭᠡ ᠥᠷᠨᠢᠭᠦᠯᠵᠦ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡ  ᠪᠠ ᠣᠶᠤᠨ᠎ᠤ ᠰᠣᠶᠣᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠵᠡᠷᠬᠡ᠎ᠪᠠᠷ ᠪᠡᠶᠡᠯᠡᠬᠦᠯᠵᠤ ᠪᠠᠢ᠌ᠨ᠎ᠠ᠃

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.2
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ᠎ᠬᠢᠨ (ᠥᠷᠭᠡᠳᠬᠡᠭᠰᠡᠨ) ᠬᠤᠷᠠᠯ ᠪᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ 2024 ᠣᠨ᠎ᠤ ᠰᠠᠯᠠᠭ᠎ᠠ ᠮᠥᠴᠢᠷ᠎ᠤᠨ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢ ᠨᠠᠢ᠌ᠷᠠᠭᠤᠯᠤᠨ ᠮᠡᠳᠡᠭᠦᠯᠬᠦ ᠠᠵᠢᠯ᠎ᠢ ᠠᠮᠵᠢᠯᠲᠠ᠎ᠲᠠᠢ ᠪᠡᠶᠡᠯᠡᠭᠦᠯᠪᠡ
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 4.7
ᠠᠷᠠᠳ᠎ᠤᠨ ᠶᠠᠪᠤᠳᠠᠯ᠎ᠤᠨ ᠰᠢᠭᠤᠷᠬᠠᠢ ᠮᠡᠳᠡᠬᠡ 2.21
 
            