ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠋ᠠᠨ᠎ᠤ ᠵᠠᠰᠠᠭ᠎ᠤᠨ ᠣᠷᠳᠣᠨ᠎ᠤ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢᠨ ᠳᠦᠷᠢᠮ᠎ᠤᠨ ᠥᠭᠡᠷᠡᠴᠢᠯᠡᠯᠲᠡ ᠵᠢᠨ ᠬᠠᠷᠠᠯᠲᠠ ᠱᠠᠭ᠋ᠠᠷᠳᠠᠯᠭ᠎ᠠ ᠵᠢ ᠪᠡᠶᠡᠯᠡᠬᠦᠯᠬᠦ ᠵᠢᠨ ᠲᠦᠯᠤᠬᠡ ᠤᠷᠴᠢᠮ᠎ᠳᠤ ᠡᠳ᠋᠎ᠤᠨ ᠵᠠᠰᠠᠭ᠎ᠤᠨ ᠶᠠᠮᠤᠨ᠎ᠤ 《ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ ᠠᠵᠢᠯᠯᠠᠭ᠋ᠠᠨ᠎ᠤ ᠵᠦᠭᠯᠡᠭᠦᠷ》᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ 《2024 ᠣᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠤᠨ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢ ᠨᠠᠢ᠌ᠷᠠᠭᠤᠯᠤᠨ ᠮᠡᠳᠡᠭᠦᠯᠬᠦ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠤᠨ ᠲᠣᠭᠲᠠᠭ᠋ᠠᠯ ᠶᠣᠰᠣᠭ᠋ᠠᠷ ᠰᠠᠯᠠᠭ᠎ᠠ ᠮᠥᠴᠢᠷ᠎ᠤᠨ ᠡᠳ᠋᠎ᠤᠨ ᠶᠠᠪᠤᠳᠠᠯ᠎ᠤᠨ ᠮᠡᠳᠡᠭᠦᠯᠦᠯᠲᠡ ᠵᠢ ᠨᠠᠢ᠌ᠷᠠᠭᠤᠯᠤᠨ ᠮᠡᠳᠡᠭᠦᠯᠬᠦ ᠠᠵᠢᠯ᠎ᠢ ᠯᠠᠪᠳᠠᠭᠤᠨ ᠪᠥᠭᠡᠳ ᠡᠮᠬᠢ ᠵᠢᠷᠤᠮ᠎ᠲᠠᠢ ᠦᠷᠨᠢᠬᠦᠯᠤᠬᠡᠳ ᠲᠡᠪᠰᠢᠬᠦᠯᠬᠦ ᠡᠭᠦᠷᠭᠡ᠎ᠪᠠᠨ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠦᠭᠰᠡᠨ ᠪᠠᠢ᠌ᠨ᠎ᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠮᠡᠳᠡᠭᠦᠯᠦᠯᠲᠡ ᠵᠢ ᠨᠠᠢ᠌ᠷᠠᠭᠤᠯᠤᠨ ᠮᠡᠳᠡᠭᠦᠯᠬᠦ ᠠᠵᠢᠯ᠎ᠢ ᠡᠮᠬᠢ ᠳᠢᠭᠯᠢᠮ᠎ᠲᠠᠢ ᠠᠬᠢᠭᠤᠯᠬᠤ ᠵᠢᠨ ᠲᠥᠯᠥᠭᠡ ᠪᠠᠢ᠌ᠷᠢᠯᠠᠭᠤᠯᠬᠤ᠂ ᠨᠠᠢ᠌ᠷᠠᠭᠤᠯᠬᠤ᠂ ᠬᠢᠨᠠᠨ ᠬᠠᠷᠭᠤᠭᠤᠯᠬᠤ ᠪᠠ ᠲᠡᠪᠰᠢᠬᠦᠯᠬᠦ ᠵᠡᠷᠭᠡ ᠭᠣᠭᠴᠣᠭ᠎ᠠ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠎ᠪᠠᠷ ᠨᠢᠭᠡᠳᠦᠯᠲᠡᠢ ᠲᠥᠯᠥᠪᠯᠡᠨ᠂ ᠲᠤᠬᠠᠢ᠌ᠯᠠᠭᠰᠠᠨ ᠠᠵᠢᠯ᠎ᠤᠨ ᠭᠠᠵᠠᠷ ᠲᠠᠰᠤᠭ᠎ᠤᠨ ᠠᠵᠢᠯ᠎ᠢ ᠵᠢᠯᠤᠭᠣᠳᠬᠤ ᠪᠠ ᠬᠢᠨᠠᠨ ᠬᠠᠷᠭᠤᠭᠤᠯᠬᠤ ᠪᠣᠭᠣᠮᠲᠠ ᠵᠢ ᠠᠳᠬᠤᠬᠤ ᠵᠢ ᠴᠢᠩᠭ᠋ᠠᠳᠬᠠᠵᠤ᠂ ᠡᠳ᠋᠎ᠤᠨ ᠶᠠᠪᠤᠳᠠᠯ᠎ᠤᠨ ᠮᠡᠳᠡᠭᠦᠯᠦᠯᠲᠡ ᠬᠢᠭᠡᠳ ᠲᠥᠰᠥᠪ᠎ᠤᠨ ᠭᠦᠢ᠍ᠴᠡᠳᠬᠡᠯ᠎ᠤᠨ ᠮᠡᠳᠡᠭᠦᠯᠦᠯᠲᠡ ᠵᠢᠨ ᠵᠥᠷᠢᠶ᠎ᠡ ᠵᠢᠨ ᠪᠠᠢ᠌ᠳᠠᠯ᠎ᠢ ᠭᠣᠣᠯᠳᠠᠯᠭ᠎ᠠ᠎ᠲᠠᠢ ᠢᠯᠭ᠋ᠠᠷᠠᠭᠤᠯᠵᠤ᠂ ᠡᠳ᠋᠎ᠤᠨ ᠶᠠᠪᠤᠳᠠᠯ᠎ᠤᠨ ᠮᠡᠳᠡᠭᠦᠯᠦᠯᠲᠡ ᠬᠢᠭᠡᠳ ᠰᠠᠯᠠᠭ᠎ᠠ ᠮᠥᠴᠢᠷ᠎ᠤᠨ ᠲᠥᠰᠥᠪ᠎ᠤᠨ ᠭᠦᠢ᠍ᠴᠡᠳᠬᠡᠯ᠂ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠨᠢᠭᠡᠴᠡ ᠵᠢᠨ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠮᠡᠳᠡᠭᠦᠯᠦᠯᠲᠡ ᠵᠢᠨ ᠬᠣᠭᠣᠷᠣᠨᠳᠣᠬᠢ ᠲᠣᠭ᠎ᠠ ᠪᠠᠷᠢᠮᠲᠠ ᠵᠢ ᠪᠦᠲᠦᠮᠵᠢᠲᠡᠶ ᠵᠣᠯᠭ᠋ᠠᠭᠤᠯᠬᠤ ᠵᠢ ᠤᠯᠠᠮ ᠰᠠᠢ᠌ᠲᠤᠷ ᠬᠢᠯ᠎ᠡ᠃ ᠰᠠᠯᠠᠭ᠎ᠠ ᠮᠥᠴᠢᠷ᠎ᠤᠨ ᠬᠣᠭᠣᠷᠣᠨᠳᠣᠬᠢ ᠠᠵᠤ ᠠᠬᠤᠢ ᠵᠢᠨ ᠲᠤᠬᠠᠢ᠌ᠯᠠᠭᠰᠠᠨ ᠠᠵᠢᠯ ᠪᠠ ᠬᠡᠷᠡᠭ ᠶᠠᠪᠤᠳᠠᠯ᠎ᠤᠨ ᠲᠠᠩᠰᠠ ᠬᠠᠷᠭᠤᠭᠤᠯᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠵᠥᠷᠢᠶ᠎ᠡ᠎ᠲᠠᠢ ᠪᠠᠢ᠌ᠪᠠᠯ ᠰᠢᠯᠲᠠᠭ᠋ᠠᠨ᠎ᠢ᠎ᠨᠢ ᠬᠢᠨᠠᠮᠠᠭ᠋ᠠᠢ ᠡᠷᠢᠬᠦ ᠵᠢᠨ ᠬᠠᠮᠲᠤ ᠴᠠᠭ ᠲᠤᠬᠠᠢᠳᠤᠨᠢ ᠰᠢᠢ᠍ᠳᠪᠤᠷᠢᠯᠡᠭᠰᠡᠨ ᠪᠠᠢ᠌ᠨ᠎ᠠ᠃ ᠰᠠᠯᠠᠭ᠎ᠠ ᠮᠥᠴᠢᠷ᠎ᠤᠨ ᠣᠨ᠎ᠤ ᠠᠵᠢᠯ᠎ᠤᠨ ᠬᠠᠷᠠᠯᠲᠠ᠎ᠪᠠᠨ ᠪᠡᠶᠡᠯᠡᠭᠦᠯᠦᠭᠰᠡᠨ ᠪᠠᠢ᠌ᠳᠠᠯ ᠪᠠ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠳᠣᠲᠣᠭ᠋ᠠᠳᠤ ᠵᠢᠨ ᠡᠵᠡᠮᠳᠡᠯ᠎ᠤᠨ ᠠᠵᠢᠯᠯᠠᠭ᠋ᠠᠨ᠎ᠤ ᠪᠠᠢ᠌ᠳᠠᠯ᠎ᠢ ᠪᠥᠬᠥ ᠲᠠᠯ᠎ᠠ᠎ᠪᠠᠷ ᠳ᠋ᠦᠩᠨᠡᠨ ᠵᠠᠳᠠᠯᠵᠤ᠂ ᠳᠤᠲᠠᠭᠤᠳᠠᠯ ᠵᠶ᠋ᠠᠨ ᠨᠥᠬᠥᠪᠦᠷᠢᠯᠡᠵᠦ᠂ ᠪᠠᠭᠤᠷᠠᠢ ᠲᠠᠯ᠎ᠠ᠎ᠪᠠᠨ ᠴᠢᠡᠭᠭ᠋ᠠᠷᠠᠭᠤᠯᠪᠠ᠃
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠤᠨ᠎ᠬᠢᠨ ᠲᠠᠷᠠᠭ᠋ᠠᠴᠢ᠎ᠪᠠᠷ 《ᠠᠷᠪᠢᠯᠠᠨ ᠭᠠᠮᠨᠠᠬᠤ》 ᠱᠠᠭ᠋ᠠᠷᠳᠠᠯᠭ᠎ᠠ ᠵᠢ ᠦᠷᠭᠦᠯᠵᠢᠯᠡᠨ ᠴᠢᠩᠭ᠋ᠠᠳᠬᠠᠵᠤ᠂ ᠲᠡᠭ ᠰᠠᠭᠤᠷᠢ ᠵᠢ ᠨᠠᠷᠢᠯᠢᠭ ᠨᠠᠢ᠌ᠳᠠᠪᠤᠷᠢᠵᠢᠭᠤᠯᠬᠤ ᠲᠥᠰᠥᠪ᠎ᠤᠨ ᠥᠭᠡᠷᠡᠴᠢᠯᠡᠯᠲᠡ ᠵᠢᠨ ᠠᠵᠢᠯᠯᠠᠭ᠎ᠠ ᠵᠢᠨ ᠲᠥᠰᠥᠯ᠎ᠢ ᠨᠠᠢ᠌ᠳᠠᠪᠤᠷᠢᠵᠢᠭᠤᠯᠤᠨ᠂ ᠡᠳ᠋᠎ᠤᠨ ᠶᠠᠪᠤᠳᠠᠯ᠎ᠤᠨ ᠲᠥᠰᠥᠪ᠎ᠤᠨ ᠡᠵᠡᠮᠳᠡᠯ᠎ᠢ ᠴᠢᠩᠭ᠋ᠠᠳᠬᠠᠵᠤ᠂ ᠵᠠᠷᠤᠯᠭ᠎ᠠ ᠵᠢᠨ ᠪᠦᠲᠦᠴᠡ ᠵᠢ ᠰᠢᠯᠢᠳᠡᠭᠵᠢᠭᠦᠯᠦᠨ᠎ᠡ᠃ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠦᠢ᠍ᠯᠡᠴᠢᠯᠡᠭᠡ ᠵᠢ ᠰᠢᠯᠢᠳᠡᠭᠵᠢᠭᠦᠯᠬᠦ ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ ᠵᠢᠨ ᠬᠠᠮᠲᠤ ᠲᠥᠰᠥᠪ᠎ᠤᠨ ᠦᠷ᠎ᠡ ᠪᠦᠲᠦᠮᠵᠢ ᠵᠢᠨ ᠬᠠᠮᠢᠶᠠᠷᠤᠯᠲᠠ ᠪᠣᠯᠣᠨ ᠦᠷ᠎ᠡ ᠳ᠋ᠦᠩ᠎ᠤᠨ ᠬᠡᠷᠡᠭᠯᠡᠯᠲᠡ ᠵᠢ ᠭᠦᠨᠵᠡᠭᠡᠢ᠌ᠷᠡᠭᠦᠯᠵᠦ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠲᠣᠬᠢᠷᠠᠭᠤᠯᠤᠯᠲᠠ ᠵᠢᠨ ᠨᠤᠷᠮ᠎ᠠ ᠪᠣᠯᠣᠨ ᠬᠡᠷᠡᠭᠯᠡᠯᠲᠡ ᠵᠢᠨ ᠦᠷ᠎ᠡ ᠠᠰᠢᠭ᠎ᠢ ᠳᠠᠰᠤᠷᠠᠯᠳᠠ ᠦᠭᠡᠢ ᠲᠡᠭᠡᠭᠰᠢᠯᠡᠬᠦᠯᠤᠬᠡᠳ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ᠎ᠳᠤ ᠲᠤᠯᠭ᠋ᠠᠭᠤᠷᠢᠯᠠᠯ ᠬᠠᠡᠭᠭ᠋ᠠᠬᠤ ᠪᠤᠯᠤᠨ᠎ᠠ᠃