ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ
ᠪᠤᠭᠤᠲᠤ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ ᠵᠢᠨ᠎ᠬᠢᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠢᠨᠵᠧᠨᠧᠷᠢᠩ᠎ᠢ ᠭᠦᠨᠵᠡᠭᠡᠢ᠌ᠷᠡᠭᠦᠯᠵᠦ᠂ 《ᠳᠥᠷᠪᠡᠨ ᠠᠯᠬᠤᠮ ᠵᠶ᠋ᠠᠷ ᠶᠠᠪᠤᠬᠤ》 ᠠᠵᠢᠯ᠎ᠤᠨ ᠠᠷᠭ᠎ᠠ (ᠵᠣᠬᠢᠶᠠᠨ ᠪᠠᠢ᠌ᠭᠤᠯᠤᠯᠲᠠ ᠦᠭᠡᠢ᠎ᠪᠠᠷ ᠵᠣᠬᠢᠶᠠᠨ ᠪᠠᠶ᠋ᠢᠭᠤᠯᠬᠤ ᠵᠢ ᠠᠳᠬᠤᠬᠤ᠂ ᠵᠣᠬᠢᠶᠠᠨ ᠪᠠᠢ᠌ᠭᠤᠯᠤᠯᠲᠠ᠎ᠲᠠᠢ᠎ᠪᠠᠷ ᠵᠢᠷᠤᠮᠵᠢᠯ᠎ᠢ ᠠᠳᠬᠤᠬᠤ᠂ ᠨᠢᠭᠡᠨᠲᠡ ᠵᠢᠷᠤᠮᠵᠢᠭᠤᠯᠤᠨ ᠰᠢᠨ᠎ᠡ ᠵᠢ ᠡᠭᠦᠳᠬᠦ ᠵᠢ ᠠᠳᠬᠤᠬᠤ᠂ ᠪᠠᠭᠤᠷᠠᠢ ᠰᠤᠯᠠ ᠵᠠᠳᠠᠭ᠋ᠠᠢ ᠪᠠᠢ᠌ᠬᠤ᠎ᠪᠠᠷ ᠴᠡᠭᠴᠡᠯᠡᠯᠲᠡ ᠵᠢ ᠠᠳᠬᠤᠬᠤ) ᠵᠢ ᠡᠭᠦᠳᠦᠨ ᠬᠡᠷᠡᠭᠵᠢᠭᠦᠯᠵᠦ᠂ ᠬᠠᠮᠲᠤᠷᠠᠨ ᠪᠠᠢ᠌ᠭᠤᠯᠵᠤ ᠬᠠᠮᠲᠤ᠎ᠪᠠᠷ ᠨᠠᠮ᠎ᠤᠨ ᠵᠣᠬᠢᠶᠠᠨ ᠪᠠᠢ᠌ᠭᠤᠯᠤᠯᠲᠠ ᠵᠢ ᠪᠠᠶ᠋ᠢᠭᠤᠯᠬᠤ᠂ ᠨᠠᠮ᠎ᠤᠨ ᠪᠠᠢ᠌ᠭᠤᠯᠤᠯᠲᠠ ᠵᠢᠨ ᠵᠢᠭ᠋ᠠᠨ ᠵᠢᠯᠣᠭᠣᠳᠤᠭᠴᠢ ᠵᠢ ᠰᠣᠩᠭᠣᠨ ᠲᠣᠮᠢᠯᠠᠬᠤ ᠵᠡᠷᠭᠡ ᠠᠷᠭ᠎ᠠ᠎ᠪᠠᠷ ᠨᠠᠮ᠎ᠤᠨ ᠵᠣᠬᠢᠶᠠᠨ ᠪᠠᠢ᠌ᠭᠤᠯᠤᠯᠲᠠ ᠪᠠ ᠠᠵᠢᠯ᠎ᠢ ᠨᠡᠢ᠌ᠳᠡᠮ ᠪᠦᠷᠬᠦᠭᠦᠯᠬᠦ ᠵᠢ ᠠᠬᠢᠭᠤᠯᠪᠠ᠃ ᠣᠳᠣᠬᠠᠨ᠎ᠳᠤ ᠪᠤᠭᠤᠳᠤ ᠬᠣᠲᠠ ᠵᠢᠨ 2422 ᠳᠠᠩᠰᠠᠯᠠᠭᠤᠯᠤᠭᠰᠠᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠳᠣᠲᠣᠷ᠎ᠠ 2282 ᠨᠠᠮ᠎ᠤᠨ ᠭᠡᠰᠢᠭᠦᠨ᠎ᠲᠠᠢ᠂ ᠲᠤᠰᠠᠭ᠋ᠠᠷ᠂ ᠬᠣᠯᠪᠣᠭ᠋ᠠᠯᠠᠭᠰᠠᠨ᠂ ᠥᠷᠭᠡᠳᠬᠡᠭᠰᠡᠨ ᠮᠠᠶᠢᠭ᠎ᠤᠨ ᠨᠠᠮ᠎ᠤᠨ ᠵᠣᠬᠢᠶᠠᠨ ᠪᠠᠢ᠌ᠭᠤᠯᠤᠯᠲᠠ ᠵᠢ 206 ᠪᠠᠢ᠌ᠭᠤᠯᠵᠤ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠡᠷᠡᠭᠦᠯ ᠬᠦᠭᠵᠢᠯᠳᠡ᠎ᠳᠤ ᠨᠠᠮ᠎ᠤᠨ ᠪᠠᠢ᠌ᠭᠤᠯᠤᠯᠲᠠ ᠵᠢᠨ ᠰᠠᠭᠤᠷᠢ ᠵᠢ ᠪᠠᠲᠤ ᠪᠡᠬᠢ ᠲᠠᠯᠪᠢᠵᠤ ᠥᠭᠭᠦᠭᠰᠡᠨ ᠪᠠᠢ᠌ᠨ᠎ᠠ᠃
ᠨᠡᠢ᠌ᠭᠡᠮ᠎ᠤᠨ ᠶᠠᠪᠤᠳᠠᠯ
ᠬᠥᠬᠡᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠠᠩᠰᠢ ᠵᠢᠨ ᠬᠤᠭᠤᠴᠠᠭ᠋ᠠᠨ᠎ᠳᠤ ᠠᠷᠠᠳ᠎ᠲᠤ ᠲᠥᠬᠥᠮ ᠦᠵᠡᠭᠦᠯᠬᠦ 11 ᠠᠷᠭ᠎ᠠ ᠭᠠᠷᠭ᠋ᠠᠪᠠ᠃ ᠡᠭᠦᠨ᠎ᠳᠤ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠦᠢ᠍ᠯᠡᠴᠢᠯᠡᠬᠦ ᠴᠠᠭ᠎ᠢ ᠤᠷᠲᠤᠳᠬᠠᠬᠤ᠂ ᠭᠣᠣᠯ ᠪᠣᠯᠬᠤ ᠨᠡᠶ᠋ᠢᠲᠡ ᠵᠢᠨ ᠪᠤᠩᠬᠤᠨ᠂ ᠪᠤᠩᠬᠤᠨ᠎ᠤ ᠬᠦᠷᠢᠶᠡᠯᠡᠩ᠎ᠳᠤ ᠬᠦᠷᠴᠦ ᠢᠷᠡᠬᠦ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠲᠦᠷ ᠴᠠᠭ᠎ᠤᠨ ᠵᠠᠮ ᠱᠤᠭᠤᠮ᠎ᠢ ᠠᠷᠠᠳ᠎ᠲᠤ ᠲᠥᠬᠥᠮ ᠦᠵᠡᠭᠦᠯᠬᠦ ᠰᠦᠢ᠍ᠳᠬᠡᠯ ᠬᠤᠷᠢᠶᠠᠬᠤ ᠦᠭᠡᠢ᠎ᠪᠠᠷ ᠲᠠᠬᠢᠯᠭ᠎ᠠ ᠵᠢᠨ ᠲᠡᠷᠭᠡ ᠬᠠᠩᠭ᠋ᠠᠵᠤ᠂ ᠲᠡᠷᠭᠡᠨ ᠵᠣᠭᠰᠣᠭ᠋ᠠᠯ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠡᠷᠡᠭᠯᠡᠵᠦ᠂ 24 ᠴᠠᠭ᠎ᠤᠨ ᠪᠠᠢ᠌ᠡᠭᠭᠤ ᠵᠢᠨ ᠤᠳᠠᠰᠤᠨ 《96444》 ᠪᠠ 《 ᠬᠦᠬᠡᠬᠤᠳᠠ ᠵᠢᠨ ᠡᠭᠦᠯᠡᠨ ᠲᠠᠬᠢᠯᠭ᠎ᠠ》 ᠲᠠᠪᠴᠠᠩ᠎ᠢ ᠨᠠᠪᠲᠠᠷᠡᠭᠦᠯᠵᠦ᠂ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠥᠷᠲᠡᠭᠡ ᠪᠠᠢ᠌ᠭᠤᠯᠤᠨ᠂ ᠲᠠᠬᠢᠯᠭ᠎ᠠ ᠵᠢᠨ ᠬᠡᠷᠡᠭᠰᠡᠯ ᠪᠠ ᠪᠠᠭ᠋ᠠᠵᠢ ᠬᠡᠷᠡᠭᠰᠡᠯ᠎ᠢ ᠰᠦᠢ᠍ᠳᠬᠡᠯ ᠬᠤᠷᠢᠶᠠᠬᠤ ᠦᠭᠡᠢ᠎ᠪᠠᠷ ᠬᠠᠩᠭ᠋ᠠᠵᠤ᠂ ᠤᠨᠴᠠᠭ᠋ᠠᠢ ᠬᠦᠮᠦᠰ᠎ᠲᠤ ᠰᠠᠭ᠋ᠠᠳ ᠦᠭᠡᠢ ᠵᠠᠮ ᠨᠡᠭᠡᠭᠡᠨ ᠥᠭᠴᠦ᠂ ᠰᠣᠷᠭᠣᠭ ᠴᠡᠴᠡᠭ ᠵᠶ᠋ᠡᠷ ᠴᠠᠭ᠋ᠠᠰᠤᠨ ᠵᠣᠭᠣᠰ ᠰᠣᠯᠢᠬᠤ ᠠᠵᠢᠯᠯᠠᠭ᠎ᠠ ᠥᠷᠨᠢᠭᠦᠯᠦᠨ᠂ ᠬᠣᠲᠠ ᠵᠢᠨ ᠳᠣᠲᠣᠷᠠᠬᠢ ᠵᠢᠭ᠋ᠠᠨ ᠲᠣᠭᠲᠠᠭ᠋ᠠᠭᠰᠠᠨ ᠴᠡᠴᠡᠷᠯᠢᠭ᠎ᠲᠤ ᠲᠠᠬᠢᠯᠭ᠎ᠠ ᠵᠢᠨ ᠰᠣᠶᠣᠯ᠎ᠤᠨ ᠠᠵᠢᠯᠯᠠᠭ᠎ᠠ ᠥᠷᠨᠢᠭᠦᠯᠵᠦ᠂ ᠣᠷᠣᠨ᠎ᠤ ᠬᠣᠲᠠ ᠵᠢᠨ ᠠᠷᠠᠳ᠎ᠤᠨ ᠲᠠᠬᠢᠯᠭ᠎ᠠ ᠵᠢᠨ ᠬᠡᠷᠡᠭᠴᠡᠭᠡ ᠵᠢ ᠪᠥᠬᠥ ᠲᠠᠯ᠎ᠠ᠎ᠪᠠᠷ ᠬᠠᠡᠭᠭ᠋ᠠᠯ᠎ᠠ᠃
ᠨᠠᠰᠤᠵᠢᠯ᠎ᠤᠨ ᠦᠢ᠍ᠯᠡᠴᠢᠯᠡᠭᠡ
ᠤᠯᠠᠭ᠋ᠠᠨᠬᠠᠳᠠ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠬᠣᠲᠠ ᠵᠢᠨ ᠲᠣᠰ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠰᠤᠪᠢᠯᠠᠭᠴᠢ ᠵᠢᠨ ᠪᠣᠯᠪᠠᠰᠤᠷᠠᠯ ᠡᠷᠬᠢᠯᠡᠪᠡ᠂ ᠲᠣᠰ ᠪᠣᠯᠪᠠᠰᠤᠷᠠᠯ᠎ᠳᠤ 《ᠣᠨᠣᠯ + ᠪᠣᠳᠠᠲᠤ ᠬᠦᠴᠤᠨ + ᠬᠢᠨᠠᠨ ᠰᠢᠯᠭ᠋ᠠᠯᠲᠠ》 ᠵᠢᠨ ᠵᠠᠭᠪᠤᠷ ᠵᠶ᠋ᠠᠷ ᠳᠠᠮᠵᠢᠭᠤᠯᠤᠨ ᠬᠣᠲᠠ ᠵᠢᠨ ᠲᠣᠰ ᠱᠠᠲᠤᠨ᠎ᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠠᠵᠢᠯ᠎ᠳᠤ ᠪᠠᠢ᠌ᠭ᠎ᠠ 60 ᠭᠠᠷᠤᠢ ᠨᠠᠰᠤᠵᠢᠯ᠎ᠤᠨ ᠠᠰᠠᠷᠠᠮᠵᠢ ᠵᠢᠨ ᠰᠤᠪᠢᠯᠠᠭᠴᠢ ᠵᠢ ᠪᠣᠯᠪᠠᠰᠤᠷᠠᠭᠤᠯᠵᠠᠢ᠃ ᠪᠣᠯᠪᠠᠰᠤᠷᠠᠯ᠎ᠳᠤ 《ᠨᠠᠰᠤᠵᠢᠯ᠎ᠤᠨ ᠠᠰᠠᠷᠠᠮᠵᠢ ᠵᠢᠨ ᠰᠤᠪᠢᠯᠠᠭᠴᠢ ᠵᠢᠨ ᠤᠯᠤᠰ᠎ᠤᠨ ᠠᠵᠢᠯ ᠤᠨ ᠴᠢᠳᠠᠪᠤᠷᠢ ᠵᠢᠨ ᠪᠠᠷᠢᠮᠵᠢᠶ᠎ᠠ (2019 ᠳ᠋ᠤᠬᠡᠷ ᠨᠢᠭᠤᠷ)》᠎ᠪᠠᠷ ᠭᠣᠣᠯ ᠪᠣᠯᠭ᠋ᠠᠵᠤ᠂ 《ᠲᠤᠰᠬᠠᠢ ᠰᠡᠳᠦᠪᠲᠦ ᠬᠢᠴᠢᠶᠡᠯ ᠵᠢᠭ᠋ᠠᠬᠤ + ᠪᠣᠳᠠᠲᠤ ᠬᠦᠴᠤᠨ᠎ᠤ ᠰᠣᠷᠢᠯᠲᠠ》 ᠵᠢ ᠨᠢᠭᠡ ᠴᠣᠭᠴᠠᠵᠢᠭᠤᠯᠤᠭᠰᠠᠨ ᠵᠢᠭ᠋ᠠᠨ ᠰᠤᠷᠭ᠋ᠠᠯᠲᠠ ᠵᠢᠨ ᠵᠠᠭᠪᠤᠷ ᠵᠶ᠋ᠡᠷ ᠠᠵᠢᠯ ᠮᠡᠷᠭᠡᠵᠢᠯ᠎ᠤᠨ ᠬᠡᠪ ᠪᠣᠯᠪᠠᠰᠤᠷᠠᠯ᠎ᠢ ᠴᠢᠡᠭᠭ᠋ᠠᠷᠠᠭᠤᠯᠤᠬᠰᠠᠨᠤ ᠬᠠᠮᠲᠤ ᠰᠢᠯᠭ᠋ᠠᠯᠲᠠ᠎ᠳᠤ ᠨᠡᠷ᠎ᠡ ᠮᠡᠳᠡᠭᠦᠯᠬᠦ ᠨᠥᠬᠥᠴᠡᠯ᠎ᠳᠤ ᠨᠡᠢ᠌ᠴᠡᠬᠦ ᠬᠥᠮᠥᠰ᠎ᠲᠤ ᠠᠵᠢᠯ᠎ᠤᠨ ᠴᠢᠳᠠᠪᠤᠷᠢ ᠵᠢᠨ ᠳᠡᠰ᠎ᠢ ᠲᠣᠭᠲᠠᠭ᠋ᠠᠬᠤ ᠰᠢᠯᠭ᠋ᠠᠯᠲᠠ ᠵᠢ ᠵᠣᠬᠢᠶᠠᠨ ᠪᠠᠢ᠌ᠭᠤᠯᠵᠤ᠂ ᠲᠤᠰᠬᠠᠢ ᠮᠡᠷᠭᠡᠵᠢᠯ᠎ᠤᠨ ᠠᠵᠢᠯ᠎ᠤᠨ ᠳᠡᠰ᠎ᠢ ᠦᠨᠡᠯᠡᠬᠦ ᠪᠠᠢ᠌ᠭᠤᠯᠤᠮᠵᠢ ᠵᠢᠨ᠎ᠬᠢᠨ ᠦᠡᠯᠡᠨ ᠲᠤᠬᠳᠠᠭ᠋ᠠᠬᠰᠠᠨ ᠪᠠᠢ᠌ᠨ᠎ᠠ᠃
ᠬᠡᠦᠬᠡᠳ᠎ᠤᠨ ᠠᠰᠠᠷᠠᠮᠵᠢ
ᠬᠥᠯᠥᠨ ᠪᠣᠶ᠋ᠢᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠬᠡᠦᠬᠡᠳ᠎ᠤᠨ ᠠᠰᠠᠷᠠᠮᠵᠢ ᠵᠢᠨ ᠪᠠᠲᠤᠯᠠᠭ᠎ᠠ ᠵᠢᠨ ᠠᠵᠢᠯ᠎ᠢ ᠦᠷᠭᠦᠯᠵᠢᠯᠡᠨ ᠠᠬᠢᠭᠤᠯᠵᠤ 2024 ᠣᠨ᠎ᠠᠴᠠ ᠡᠬᠢᠯᠡᠨ ᠬᠣᠶᠠᠷ ᠵᠢᠯ ᠳᠠᠷᠠᠭ᠋ᠠᠯᠠᠨ ᠪᠥᠬᠥ ᠬᠣᠲᠠ ᠵᠢᠨ ᠡᠷᠦᠬᠡ ᠠᠮᠠ ᠵᠢᠨ ᠲᠠᠩᠰᠠ ᠪᠦᠬᠦᠢ ᠨᠤᠳᠤᠭ ᠰᠠᠬᠢᠵᠤ ᠬᠣᠴᠣᠷᠤᠭᠰᠠᠨ 5000 ᠭᠠᠷᠤᠢ ᠬᠡᠦᠬᠡᠳ ᠪᠠ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠲᠤ ᠬᠥᠮᠥᠨ᠎ᠤ ᠡᠨᠳᠡᠯ᠎ᠤᠨ ᠭᠡᠮᠲᠦᠯ᠎ᠤᠨ ᠳᠠᠭ᠋ᠠᠳᠬᠠᠯ᠎ᠢ ᠨᠢᠭᠡᠳᠦᠯᠲᠡᠢ ᠳᠠᠭ᠋ᠠᠳᠬᠠᠭᠤᠯᠪᠠ᠃ ᠲᠣᠰ ᠳᠠᠭ᠋ᠠᠳᠬᠠᠯ᠎ᠤᠨ ᠲᠥᠰᠥᠯ᠎ᠳᠤ ᠡᠨᠳᠡᠯ ᠵᠶ᠋ᠡᠷ ᠨᠠᠰᠤ ᠪᠠᠷᠠᠭᠰᠠᠨ᠂ ᠵᠡᠮᠳᠡᠭᠷᠡᠭᠰᠡᠨ᠂ ᠡᠨᠳᠡᠯ᠎ᠤᠨ ᠬᠡᠮᠳᠤᠯ᠎ᠤᠨ ᠡᠮᠴᠢᠯᠡᠭᠡ᠂ ᠡᠨᠳᠡᠯ᠎ᠤᠨ ᠬᠡᠮᠳᠤᠯ᠎ᠠᠴᠠ ᠪᠤᠯᠵᠤ ᠡᠮᠨᠡᠯᠭᠡ᠎ᠳᠤ ᠰᠠᠭᠤᠭᠰᠠᠨ ᠨᠥᠬᠥᠪᠦᠷᠢ ᠮᠥᠩᠭᠥ᠂ ᠢᠳᠡᠭᠡᠨ᠎ᠤ ᠬᠣᠣᠷᠳᠠᠯᠭ᠎ᠠ ᠵᠢᠨ ᠨᠠᠰᠤ ᠪᠠᠷᠠᠭᠰᠠᠨ᠂ ᠵᠡᠮᠳᠡᠭᠷᠡᠭᠰᠡᠨ ᠪᠠ ᠢᠳᠡᠭᠡᠨ᠎ᠤ ᠬᠣᠣᠷᠳᠠᠯᠭ᠎ᠠ ᠵᠢᠨ ᠡᠮᠴᠢᠯᠡᠭᠡ ᠵᠡᠷᠭᠡ ᠲᠠᠪᠤᠨ ᠵᠦᠢ᠍ᠯ᠎ᠤᠨ ᠪᠠᠲᠤᠯᠠᠭ᠎ᠠ ᠵᠢᠨ ᠠᠭᠤᠯᠭ᠎ᠠ ᠵᠢ ᠪᠠᠭᠲᠠᠭ᠋ᠠᠵᠤ᠂ ᠬᠥᠮᠥᠨ ᠳᠤᠮᠳᠠᠴᠢ ᠵᠢᠨ ᠳᠠᠭ᠋ᠠᠳᠬᠠᠯ᠎ᠤᠨ ᠲᠣᠭ᠎ᠠ᠎ᠨᠢ 9.7 ᠲᠦᠮᠡᠨ ᠲᠥᠭᠥᠷᠢᠭ᠎ᠲᠤ ᠬᠦᠷᠴᠡᠢ᠃ 《ᠵᠠᠰᠠᠭ᠎ᠤᠨ ᠣᠷᠳᠣᠨ ᠵᠶ᠋ᠠᠷ ᠭᠣᠣᠯᠯᠠᠭᠤᠯᠬᠤ + ᠳᠠᠭ᠋ᠠᠳᠬᠠᠯ ᠵᠶ᠋ᠠᠷ ᠠᠶᠠᠯᠠᠯ ᠬᠠᠮᠠᠭ᠋ᠠᠯᠠᠬᠤ》 ᠲᠣᠭᠲᠠᠴᠠ ᠵᠢ ᠪᠠᠶ᠋ᠢᠭᠤᠯᠬᠤ᠎ᠪᠠᠷ ᠳᠡᠮᠵᠢᠨ᠂ ᠣᠨᠴᠠᠭ᠋ᠠᠶ ᠬᠦᠴᠢᠷᠳᠡᠯ᠎ᠳᠤ ᠲᠤᠯᠭ᠋ᠠᠷᠠᠭᠰᠠᠨ ᠬᠡᠦᠬᠡᠳ᠎ᠤᠨ ᠡᠨᠳᠡᠯ᠎ᠤᠨ ᠬᠡᠮᠳᠤᠯ᠎ᠤᠨ ᠠᠶᠤᠯ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ ᠵᠢ ᠪᠦᠲᠦᠮᠵᠢᠲᠡᠶ᠎ᠪᠠᠷ ᠴᠢᠩᠭ᠋ᠠᠷᠠᠭᠤᠯᠵᠤ᠂ ᠨᠠᠰᠤᠨ᠎ᠳᠤ ᠥᠯᠥ ᠭᠦᠷᠦᠭᠰᠡᠳ᠎ᠢ ᠬᠠᠯᠠᠮᠵᠢᠯᠠᠨ ᠬᠠᠮᠠᠭ᠋ᠠᠯᠠᠬᠤ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠬᠦᠯᠵᠤ ᠴᠢᠳᠠᠬᠰᠠᠨ ᠪᠠᠢ᠌ᠨ᠎ᠠ᠃