ᠴᠢᠬᠤᠯᠠ ᠮᠡᠳᠡᠭᠡ
ᠠᠷᠠᠳ᠎ᠤᠨ ᠶᠠᠪᠤᠳᠠᠯ᠎ᠤᠨ ᠶᠠᠮᠤᠨ᠎ᠤ᠎ᠬᠢᠨ ᠤᠷᠴᠢᠮ᠎ᠳᠤ ᠱᠠᠨᠳᠦ᠋ᠩ ᠮᠤᠵᠢ ᠵᠢᠨ ᠵᠢᠨᠠᠨ ᠬᠣᠲᠠ᠎ᠳᠤ ᠪᠦᠬᠦ ᠤᠯᠤᠰ᠎ᠤᠨ ᠤᠷᠤᠭ᠎ᠤᠨ ᠬᠠᠮᠢᠶᠠᠷᠤᠯᠲᠠ ᠵᠢᠨ ᠠᠵᠢᠯ᠎ᠤᠨ ᠪᠣᠯᠪᠠᠰᠤᠷᠠᠯ᠎ᠤᠨ ᠠᠩᠭᠢ ᠡᠷᠭᠢᠯᠡᠵᠦ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠤᠷᠤᠭ᠎ᠤᠨ ᠪᠦᠷᠢᠳᠬᠡᠯ᠎ᠤᠨ ᠳᠦᠷᠢᠮ》᠎ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ᠎ᠢ ᠵᠣᠬᠢᠶᠠᠨ ᠪᠠᠢ᠌ᠭᠤᠯᠵᠠᠢ᠃ ᠠᠷᠠᠳ᠎ᠤᠨ ᠶᠠᠪᠤᠳᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠳᠡᠳ᠋ ᠰᠠᠢ᠌ᠳ ᠯᠢ ᠴᠠᠩ ᠭᠤᠸᠠᠨ ᠰᠤᠷᠤᠯᠭ᠎ᠠ ᠡᠬᠢᠯᠡᠬᠦ ᠶᠣᠰᠣᠯᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠲᠡᠬᠡᠷ᠎ᠡ᠄ 《ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠦᠨᠡᠨ ᠬᠦ᠌ ᠴᠢᠩᠭ᠋ᠠᠳᠬᠠᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 〈ᠳᠦᠷᠢᠮ〉 ᠢ ᠤᠬᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠠᠢ᠌ᠲᠤᠷ ᠬᠢᠬᠦ ᠬᠡᠷᠡᠭᠲᠡᠢ ᠃ ᠤᠷᠤᠭ ᠲᠠᠡᠭᠰᠠᠯᠠᠬᠤ ᠵᠢ 〈ᠪᠥᠬᠥ ᠤᠯᠤᠰ᠎ᠲᠤ ᠲᠤᠭᠤᠰᠢᠳᠠᠢ ᠭᠦᠢ᠍ᠴᠡᠳᠬᠡᠬᠦ〉 ᠠᠵᠢᠯ᠎ᠢ ᠪᠥᠬᠥ ᠲᠠᠯ᠎ᠠ᠎ᠪᠠᠷ ᠪᠠᠢ᠌ᠷᠢᠯᠠᠭᠤᠯᠤᠨ ᠬᠡᠷᠡᠭᠵᠢᠭᠦᠯᠵᠦ᠂ ᠪᠣᠶ ᠪᠦᠬᠦᠢ ᠠᠵᠢᠯᠲᠠᠨ᠎ᠤ ᠭᠦᠢ᠍ᠴᠡᠳᠬᠡᠬᠦ ᠨᠥᠬᠥᠴᠡᠯ ᠪᠠ ᠴᠤᠪᠤᠷᠠᠯ᠎ᠢ ᠪᠣᠯᠪᠠᠰᠤᠷᠠᠩᠭᠤᠢ ᠡᠵᠡᠮᠰᠢᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠣᠷᠣᠭ ᠲᠠᠡᠭᠰᠠᠯᠠᠬᠤ ᠦᠢ᠍ᠯᠡᠴᠢᠯᠡᠭᠡᠨ᠎ᠤ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠣᠷᠣᠭ᠎ᠤᠨ ᠲᠠᠡᠭᠰᠠᠯᠠᠬᠤ ᠲᠠᠯᠠᠪᠤᠷ᠎ᠤᠨ ᠵᠢᠷᠤᠮᠵᠢᠭᠤᠯᠤᠯᠲᠠ᠂ ᠳᠥᠭᠥᠮᠴᠢᠯᠡᠯᠲᠡ ᠵᠢᠨ ᠪᠠᠢ᠌ᠭᠤᠯᠤᠯᠲᠠ ᠵᠢ ᠴᠢᠩᠭ᠋ᠠᠳᠬᠠᠨ᠂ ᠣᠷᠣᠭ᠎ᠤᠨ ᠳᠠᠩᠰᠠᠯᠠᠯᠲᠠ ᠵᠢ ᠬᠠᠤᠯᠢ ᠶᠣᠰᠣᠭ᠋ᠠᠷ ᠴᠢᠩᠭ᠎ᠠ ᠭᠦᠢ᠍ᠴᠡᠳᠬᠡᠨ᠎ᠡ᠃ ᠤᠷᠤᠭ ᠭᠡᠷ ᠪᠦᠯᠢ ᠵᠢᠨ ᠪᠠᠢ᠌ᠭᠤᠯᠤᠯᠲᠠ ᠵᠢᠨ ᠠᠵᠢᠯ᠎ᠢ ᠶᠡᠬᠡ᠎ᠪᠠᠷ ᠴᠢᠩᠭ᠋ᠠᠳᠬᠠᠵᠤ᠂ ᠰᠢᠭᠦᠬᠦ ᠬᠣᠷᠢᠶ᠎ᠠ᠂ ᠠᠵᠢᠯᠴᠢᠨ᠎ᠤ ᠡᠪᠯᠡᠯ᠂ ᠡᠮᠡᠭᠲᠡᠢ᠌ᠴᠦᠳ᠎ᠤᠨ ᠬᠣᠯᠪᠣᠭ᠋ᠠᠲᠤ ᠬᠤᠷᠠᠯ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ᠎ᠬᠢᠨ᠎ᠲᠠᠢ ᠬᠠᠮᠲᠤᠷᠠᠨ ᠬᠣᠯᠪᠣᠭᠳᠠᠯ ᠪᠦᠬᠦᠢ ᠠᠵᠢᠯ᠎ᠢ ᠬᠠᠮᠲᠤ᠎ᠪᠠᠷ ᠦᠷᠨᠢᠬᠦᠯᠬᠦ ᠬᠡᠷᠡᠭᠳᠡᠢ》 ᠬᠡᠵᠡᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ
2025 ᠣᠨ᠎ᠳᠤ ᠪᠥᠬᠥ ᠣᠷᠣᠨ᠎ᠤ ᠴᠢᠳᠠᠪᠤᠷᠢ᠎ᠪᠠᠨ ᠠᠯᠳᠠᠭᠰᠠᠨ᠂ ᠣᠶᠤᠨ᠎ᠤ ᠴᠢᠳᠠᠪᠤᠷᠢ᠎ᠪᠠᠨ ᠠᠯᠳᠠᠭᠰᠠᠨ ᠨᠠᠰᠤᠲᠠᠢ᠌ᠴᠤᠳ᠎ᠢ ᠬᠠᠷᠠᠭ᠋ᠠᠯᠵᠠᠨ ᠠᠰᠠᠷᠠᠬᠤ ᠴᠢᠳᠠᠪᠤᠷᠢᠲᠠᠨ᠎ᠤ ᠪᠣᠯᠪᠠᠰᠤᠷᠠᠯ (ᠪᠠᠷᠠᠭᠤᠨ ᠬᠡᠰᠡᠭ) ᠤᠷᠴᠢᠮ᠎ᠳᠤ ᠪᠤᠭᠤᠲᠤ ᠬᠣᠲᠠ ᠵᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠳᠠᠪᠤᠷᠢᠲᠠᠨ᠎ᠢ ᠬᠥᠮᠥᠵᠢᠭᠦᠯᠬᠦ ᠰᠠᠭᠤᠷᠢᠨ ᠭᠠᠵᠠᠷ᠎ᠤᠨ 《ᠪᠢᠨ ᠾᠧ》 ᠨᠠᠰᠤᠲᠠᠢ᠌ᠴᠤᠳ᠎ᠤᠨ ᠨᠡᠶ᠋ᠢᠲᠡ ᠵᠢᠨ ᠪᠠᠢ᠌ᠷᠢ᠎ᠳᠤ ᠶᠠᠪᠤᠭᠳᠠᠪᠠ᠃ ᠪᠣᠯᠪᠠᠰᠤᠷᠠᠯ᠎ᠳᠤ ᠪᠡᠶ᠎ᠡ ᠵᠢᠨ ᠲᠠᠮᠢᠷ᠎ᠤᠨ ᠵᠢᠭ᠋ᠠᠨ ᠰᠤᠷᠭ᠋ᠠᠯᠲᠠ ᠬᠢᠭᠡᠳ ᠠᠵᠢᠯ᠎ᠤᠨ ᠴᠢᠳᠠᠪᠤᠷᠢ ᠵᠢ ᠲᠣᠭᠲᠠᠭ᠋ᠠᠬᠤ ᠰᠢᠯᠭ᠋ᠠᠯᠲᠠ ᠵᠢ ᠤᠶᠠᠯᠳᠤᠭᠤᠯᠬᠤ ᠠᠷᠭ᠎ᠠ᠎ᠪᠠᠷ ᠠᠮᠢᠳᠤᠷᠠᠯ᠎ᠢ ᠬᠠᠷᠠᠭ᠋ᠠᠯᠵᠠᠨ ᠠᠰᠠᠷᠠᠬᠤ᠂ ᠰᠠᠭᠤᠷᠢ ᠬᠠᠷᠠᠭ᠋ᠠᠯᠵᠠᠨ ᠠᠰᠠᠷᠠᠬᠤ᠂ ᠡᠷᠡᠭᠦᠯᠵᠢᠭᠦᠯᠬᠦ ᠦᠢ᠍ᠯᠡᠴᠢᠯᠡᠭᠡ ᠵᠡᠷᠭᠡ ᠮᠡᠷᠭᠡᠵᠢᠯ ᠪᠠ ᠨᠠᠰᠤᠵᠢᠯ᠎ᠤᠨ ᠠᠰᠠᠷᠠᠮᠵᠢ ᠵᠢᠨ ᠠᠵᠢᠯ᠎ᠤᠨ ᠴᠢᠳᠠᠪᠤᠷᠢ ᠵᠢᠨ ᠤᠷᠤᠯᠳᠤᠭ᠋ᠠᠨ᠎ᠤ ᠲᠣᠭᠣᠷᠢᠨ᠎ᠳᠤ ᠦᠷᠨᠢᠬᠦᠯᠤᠬᠡᠳ ᠨᠠᠰᠤᠵᠢᠯ᠎ᠤᠨ ᠠᠰᠠᠷᠠᠮᠵᠢ ᠵᠢᠨ ᠰᠤᠪᠢᠯᠠᠭᠴᠢ ᠵᠢᠨ ᠮᠡᠷᠭᠡᠵᠢᠯ᠎ᠤᠨ ᠲᠦᠪᠰᠢᠨ᠎ᠢ ᠳᠡᠭᠡᠭᠰᠢᠯᠡᠭᠦᠯᠵᠦ᠂ ᠡᠩᠨᠡᠭᠡ ᠵᠢᠨ ᠦᠨᠡᠮᠯᠡᠯ᠎ᠲᠠᠢ ᠪᠠᠢ᠌ᠬᠤ ᠨᠣᠷᠮ᠎ᠠ ᠵᠢ ᠳᠡᠭᠡᠭᠰᠢᠯᠡᠭᠦᠯᠬᠦ ᠵᠢᠨ ᠲᠥᠯᠥᠭᠡ ᠶᠤᠮ᠃ ᠬᠣᠯᠪᠣᠭᠳᠠᠯ ᠪᠦᠬᠦᠢ ᠬᠦᠷᠢᠶ᠎ᠡ ᠴᠠᠷᠠᠭ᠎ᠠ ᠵᠢᠨ 113 ᠬᠦᠮᠦᠨ ᠪᠣᠯᠪᠠᠰᠤᠷᠠᠯ᠎ᠳᠤ ᠣᠷᠣᠯᠴᠠᠵᠠᠢ᠃
ᠨᠠᠰᠤᠵᠢᠯ᠎ᠤᠨ ᠦᠢ᠍ᠯᠡᠴᠢᠯᠡᠭᠡ
ᠤᠯᠠᠭ᠋ᠠᠨᠴᠠᠪ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ 《ᠭᠡᠷ᠎ᠲᠤ᠎ᠪᠠᠨ ᠰᠠᠭᠤᠵᠤ ᠠᠰᠠᠷᠠᠭᠤᠯᠬᠤ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠬᠠᠷᠢᠯᠴᠠᠨ ᠵᠣᠬᠢᠴᠠᠭᠤᠯᠬᠤ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠵᠢ ᠬᠠᠷᠢᠯᠴᠠᠨ ᠤᠶᠠᠯᠳᠤᠭᠤᠯᠬᠤ》 ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠰᠢᠰᠲᠸᠮ᠎ᠢ ᠪᠠᠶ᠋ᠢᠭᠤᠯᠬᠤ᠎ᠪᠠᠷ ᠬᠠᠷᠠᠯᠲᠠ ᠪᠣᠯᠭ᠋ᠠᠵᠤ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠴᠢᠨᠠᠷᠯᠢᠭ ᠬᠥᠭᠵᠢᠯᠲᠡ ᠵᠢ ᠠᠬᠢᠭᠤᠯᠪᠠ᠃ ᠣᠳᠣᠬᠠᠨ᠎ᠳᠤ ᠪᠥᠬᠥ ᠬᠣᠲᠠ᠎ᠳᠤ 42 ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢ ᠪᠠᠢ᠌ᠭᠤᠯᠵᠤ᠂ 5484 ᠡᠪᠡᠳᠴᠢᠲᠡᠨ᠎ᠤ ᠣᠷᠣ ᠵᠢᠨ ᠶᠡᠷᠦᠩᠬᠡᠢ ᠲᠣᠭ᠎ᠠ᠂ 2983 ᠨᠠᠰᠤᠲᠠᠨ ᠣᠷᠣᠵᠤ ᠰᠠᠭᠤᠭᠰᠠᠨ ᠪᠠᠢ᠌ᠨ᠎ᠠ᠃ ᠪᠣᠶ ᠪᠦᠬᠦᠢ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠨᠢ ᠴᠥᠮ ᠡᠭᠦᠳᠡᠨ ᠡᠮᠨᠡᠯᠭᠡ ᠪᠤᠶᠤ ᠡᠮᠴᠢᠯᠡᠭᠡᠨ᠎ᠤ ᠲᠠᠰᠤᠭ ᠪᠠᠶ᠋ᠢᠭᠤᠯᠬᠤ᠂ ᠡᠮᠴᠢᠯᠡᠭᠡᠨ᠎ᠤ ᠪᠠᠢ᠌ᠭᠤᠯᠤᠮᠵᠢ᠎ᠯᠤᠭ᠎ᠠ ᠭᠡᠷ᠎ᠡ ᠲᠣᠭᠲᠠᠵᠤ ᠬᠠᠮᠲᠤᠷᠠᠯᠴᠠᠬᠤ ᠵᠡᠷᠭᠡ ᠬᠡᠯᠪᠡᠷᠢ᠎ᠪᠠᠷ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠦᠢ᠍ᠯᠡᠴᠢᠯᠡᠭᠡ ᠵᠢ ᠥᠷᠨᠢᠭᠦᠯᠵᠦ᠂ ᠡᠮᠴᠢᠯᠡᠭᠡ ᠰᠤᠪᠢᠯᠠᠯᠲᠠ ᠵᠢ ᠤᠶᠠᠯᠳᠤᠭᠤᠯᠤᠭᠰᠠᠨ ᠦᠢ᠍ᠯᠡᠴᠢᠯᠡᠭᠡᠨ᠎ᠤ ᠪᠦᠷᠬᠦᠴᠡ ᠵᠢ 100%᠎ᠳᠤ ᠬᠦᠷᠦᠭᠦᠯᠵᠦ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠡᠮᠴᠢᠯᠡᠭᠡᠨ᠎ᠤ ᠪᠠᠲᠤᠯᠠᠭ᠎ᠠ ᠵᠢᠨ ᠦᠢ᠍ᠯᠡᠴᠢᠯᠡᠭᠡ ᠵᠢ ᠪᠦᠬᠦᠨ᠎ᠢ ᠪᠦᠷᠬᠦᠬᠦᠯᠦᠭᠰᠡᠨ ᠪᠠᠢ᠌ᠨ᠎ᠠ᠃
ᠬᠡᠦᠬᠡᠳ᠎ᠤᠨ ᠠᠰᠠᠷᠠᠮᠵᠢ
ᠰᠢᠯᠢ ᠵᠢᠨ ᠭᠣᠣᠯ ᠠᠢ᠌ᠮᠠᠭ᠎ᠤᠨ᠎ᠬᠢᠨ ᠬᠡᠦᠬᠡᠳ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ 《ᠡᠭᠦᠳᠡ᠎ᠪᠠᠨ ᠨᠡᠭᠡᠭᠡᠵᠦ ᠡᠮᠨᠡᠯᠭᠡ ᠵᠢᠨ ᠬᠣᠷᠢᠶ᠎ᠠ ᠡᠷᠭᠢᠯᠡᠬᠦ》 ᠥᠭᠡᠷᠡᠴᠢᠯᠡᠯᠲᠡ ᠵᠢ ᠠᠬᠢᠭᠤᠯᠵᠤ᠂ 2024 ᠣᠨ᠎ᠳᠤ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠡᠷᠡᠭᠦᠯᠵᠢᠯ᠎ᠤᠨ ᠲᠥᠪ᠎ᠢ ᠪᠠᠢ᠌ᠭᠤᠯᠤᠭ᠋ᠠᠳ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢ ᠣᠷᠣᠭᠤᠯᠤᠨ ᠠᠪᠴᠢᠷᠠᠵᠤ᠂ 2᠎ᠠᠴᠠ 18 ᠨᠠᠰᠤᠨ᠎ᠤ ᠥᠨᠥᠴᠢᠷᠡᠮᠡᠯ ᠬᠡᠮ᠂ ᠲᠠᠷᠢᠬᠢᠨ᠎ᠤ ᠰᠢᠷᠬ᠎ᠠ᠂ ᠲᠠᠩ ᠣᠪᠣᠭᠲᠤ ᠵᠢᠨ ᠬᠠᠮ ᠬᠡᠮ ᠵᠡᠷᠭᠡ ᠣᠨᠴᠠᠭ᠋ᠠᠶ ᠰᠤᠷᠭ᠋ᠠᠨ ᠬᠥᠮᠦᠵᠢᠯ᠎ᠤᠨ ᠬᠡᠷᠡᠭᠴᠡᠭᠡ ᠱᠠᠭ᠋ᠠᠷᠳᠠᠯᠭ᠎ᠠ᠎ᠲᠠᠢ ᠬᠡᠦᠬᠡᠳ᠎ᠲᠤ ᠠᠩᠬᠠᠨ᠎ᠤ ᠬᠤᠭᠤᠴᠠᠭ᠋ᠠᠨ᠎ᠤ ᠭᠠᠷ ᠲᠦᠷᠦᠭᠦ᠂ ᠣᠨᠴᠠᠭ᠋ᠠᠶ ᠰᠤᠷᠭ᠋ᠠᠨ ᠬᠥᠮᠦᠵᠢᠯ᠂ ᠡᠷᠡᠭᠦᠯᠵᠢᠯ᠎ᠤᠨ ᠠᠵᠢᠯᠯᠠᠭ᠎ᠠ ᠵᠡᠷᠭᠡ ᠲᠤᠰᠬᠠᠢ ᠦᠢ᠍ᠯᠡᠴᠢᠯᠡᠭᠡ ᠬᠠᠡᠭᠭ᠋ᠠᠪᠠ᠃ ᠡᠵᠡᠩᠨᠡᠯᠲᠡ ᠪᠡ ᠡᠬᠢᠯᠡᠬᠦᠯᠦᠭᠰᠡᠨ᠎ᠠᠴᠠ ᠨᠠᠭ᠋ᠠᠰᠢ ᠥᠨᠥᠴᠢᠷᠡᠮᠡᠯ ᠡᠪᠡᠳᠴᠢᠨ᠎ᠲᠠᠢ 10 ᠬᠡᠦᠬᠡᠳ᠎ᠲᠤ ᠡᠷᠡᠭᠦᠯᠵᠢᠯ᠎ᠤᠨ ᠪᠣᠯᠪᠠᠰᠤᠷᠠᠯ ᠬᠢᠵᠦ᠂ 52 ᠬᠡᠦᠬᠡᠳ᠎ᠲᠤ ᠦᠨᠡᠯᠡᠬᠦ ᠦᠢ᠍ᠯᠡᠴᠢᠯᠡᠭᠡ ᠬᠠᠩᠭ᠋ᠠᠵᠤ᠂ 20 ᠭᠡᠷ᠎ᠤᠨ ᠠᠬᠠᠮᠠᠳ᠎ᠲᠤ ᠡᠷᠡᠭᠦᠯᠵᠢᠯ᠎ᠤᠨ ᠪᠣᠯᠪᠠᠰᠤᠷᠠᠯ ᠬᠢᠵᠦ᠂ 《ᠨᠢᠭᠡ ᠬᠡᠦᠬᠡᠳ᠎ᠢ ᠡᠷᠡᠭᠦᠯᠵᠢᠭᠦᠯᠬᠦ》᠎ᠪᠠᠷ 《ᠨᠢᠭᠡ ᠭᠡᠷ ᠪᠦᠯᠢ ᠵᠢᠨ ᠬᠦᠴᠢᠷᠳᠡᠯ᠎ᠠᠴᠠ ᠠᠩᠭᠢᠵᠢᠷᠠᠭᠤᠯᠬᠤ》᠎ᠳᠤ ᠬᠦᠴᠦᠨ ᠨᠡᠮᠡᠷᠢᠯᠡᠪᠡ᠃
ᠣᠷᠣᠨ᠎ᠤ ᠭᠠᠳᠠᠨᠠᠬᠢ ᠮᠡᠳᠡᠭᠡ ᠵᠠᠩᠭᠢ
ᠱᠠᠨ ᠰᠢ ᠮᠤᠵᠢ ᠵᠢᠨ ᠠᠷᠠᠳ᠎ᠤᠨ ᠵᠠᠰᠠᠭ᠎ᠤᠨ ᠣᠷᠳᠣᠨ᠎ᠤ᠎ᠬᠢᠨ ᠤᠷᠴᠢᠮ᠎ᠳᠤ 《ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠰᠦᠢ᠍ᠳᠬᠡᠯ᠎ᠢ ᠬᠡᠯᠲᠦᠷᠢᠭᠦᠯᠬᠦ ᠬᠣᠯᠪᠣᠭᠳᠠᠯ ᠪᠦᠬᠦᠢ ᠤᠴᠢᠷ ᠶᠠᠪᠤᠳᠠᠯ᠎ᠤᠨ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠱᠠᠨ ᠰᠢ ᠮᠤᠵᠢ ᠵᠢᠨ ᠵᠠᠰᠠᠭ ᠵᠠᠬᠢᠷᠭ᠋ᠠᠨ᠎ᠤ ᠣᠷᠣᠨ᠎ᠳᠤ ᠰᠠᠢ᠌ᠨ ᠳᠤᠷ᠎ᠠ᠎ᠠᠴᠠ᠎ᠪᠠᠨ᠂ ᠦᠨ᠎ᠡ ᠲᠥᠯᠥᠪᠦᠷᠢ ᠦᠭᠡᠢ᠎ᠪᠠᠷ ᠴᠢᠨᠳᠠᠷ᠂ ᠪᠡᠶ᠎ᠡ ᠵᠢᠨ ᠡᠷᠬᠡᠲᠡᠨ ᠪᠠ ᠵᠣᠬᠢᠶᠠᠨ ᠪᠠᠢ᠌ᠭᠤᠯᠤᠯᠲᠠ ᠵᠢᠨ ᠡᠷᠭᠦᠭᠰᠡᠳ (ᠲᠤᠰ ᠮᠤᠵᠢ ᠵᠢᠨ ᠡᠷᠦᠬᠡ ᠠᠮᠠ ᠵᠢᠨ ᠳᠠᠩᠰᠠ ᠪᠢᠰᠢ)᠎ᠢ ᠬᠠᠨᠳᠢᠪᠯᠡᠭ᠍ᠰᠠᠨ ᠪᠥᠭᠡᠳ ᠨᠠᠰᠤ ᠪᠠᠷᠠᠭᠰᠠᠨ᠎ᠤ ᠳᠠᠷᠠᠭ᠎ᠠ ᠳᠡᠭᠳᠡᠭᠡᠬᠦ᠎ᠪᠠᠷ ᠪᠤᠯᠤᠬᠰᠠᠨ ᠪᠤᠯ ᠣᠷᠣᠰᠢᠭᠤᠯᠭ᠎ᠠ ᠵᠢᠨ ᠦᠢ᠍ᠯᠡᠴᠢᠯᠡᠭᠡᠨ᠎ᠤ ᠰᠦᠢ᠍ᠳᠬᠡᠯ᠎ᠢ ᠬᠡᠯᠲᠦᠷᠢᠭᠦᠯᠵᠦ ᠪᠣᠯᠣᠨ᠎ᠠ ᠭᠡᠵᠦ ᠲᠣᠭᠲᠠᠭ᠋ᠠᠵᠠᠢ᠃ ᠮᠡᠳᠡᠭᠳᠡᠯ᠎ᠢ 2025 ᠣᠨ᠎ᠤ 1 ᠳ᠋ᠤᠬᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ᠎ᠲᠠᠢ ᠬᠤᠭᠤᠴᠠᠭ᠎ᠠ᠎ᠨᠢ 5 ᠵᠢᠯ᠃